ᠰᠢᠩ ᠹᠦ᠋ ᠰᠢᠶᠠᠩ  ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/3/29
   3 ᠰᠠᠷ᠎ᠠ ᠶᠢᠨ 29  ᠤ ᠡᠳᠦᠷ᠂ ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠱᠦᠵᠢ ᠰᠦᠩ ᠹᠧᠩ ᠨᠠᠮ  ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠭᠤᠷᠪᠠᠳᠤᠭᠠᠷ  ᠤᠳᠠᠭᠠᠨ ᠤ  ᠬᠠᠮᠳᠤ ᠶᠢᠨ ᠰᠤᠷᠤᠯᠴᠠᠯᠭ᠎ᠠ ᠶᠢ ᠡᠷᠬᠢᠯᠡᠵᠤ᠂  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠰᠤᠷᠤᠯᠴᠠᠯᠭ᠎ᠠ ᠳᠤ ᠤᠷᠤᠯᠴᠠᠵᠠᠢ᠃  ᠬᠤᠷᠠᠯ ᠳᠡᠭᠡᠷ᠎ᠡ᠂  ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ  ᠰᠠᠨᠠᠭ᠎ᠠ ᠬᠢᠭᠡᠳ   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︽ᠨᠠᠮ ᠤᠨ ᠭᠡᠰᠢᠭᠦᠨ ᠤ ᠰᠦᠯᠵᠢᠶᠡᠨ ᠤ ᠠᠵᠢᠯᠯᠠᠭ᠎ᠠ ᠶᠢᠨ ᠲᠤᠬᠠᠢ ᠲᠣᠭᠲᠠᠭᠠᠯ︾᠂ ︽ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠤᠨ ᠳᠦᠷᠢᠮ ︵ᠬᠡᠷᠡᠭᠵᠢᠭᠦᠯᠬᠦ︶︾᠂ ︽ ᠬᠤᠰᠢᠭᠤ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠬᠤ ᠪᠤᠳᠠᠳᠠᠢ ᠠᠷᠭ᠎ᠠ ᠬᠡᠮᠵᠢᠶ᠎ᠡ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃  ᠰᠦᠩ ᠹᠧᠩ ᠶᠠᠷᠢᠶᠠᠨ ᠳᠠᠭᠠᠨ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠣᠶᠢᠯᠠᠭᠠᠵᠤ᠂ ᠲᠤᠰ ᠪᠡᠶ᠎ᠡ ᠶᠢᠨ ᠤᠨᠤᠯ ᠤᠨ ᠲᠦᠪᠰᠢᠨ ᠢᠶᠠᠨ ᠲᠠᠰᠤᠷᠠᠯᠲᠠ ᠦᠭᠡᠢ  ᠲᠡᠭᠡᠭᠰᠢᠯᠡᠬᠦᠯᠦᠨ᠂ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠨᠡᠮᠡᠭᠳᠡᠬᠦᠯᠵᠦ᠂ ᠬᠠᠤᠯᠢ ᠴᠠᠭᠠᠵᠠ ᠲᠦᠷᠢᠮ ᠲᠣᠭᠲᠠᠭᠠᠯ ᠢ ᠰᠤᠷᠤᠯᠴᠠᠬᠤ ᠪᠠᠷ ᠲᠠᠮᠵᠢᠨ᠂ ᠲᠣᠭᠤᠷᠢᠨ ᠪᠠᠶᠢᠴᠠᠭᠠᠬᠤ ᠠᠵᠢᠯ᠂ ᠰᠦᠯᠵᠢᠶᠡᠨ ᠤ ᠠᠵᠢᠯ ᠤᠨ ᠲᠤᠬᠠᠢ ᠲᠠᠨᠢᠯᠲᠠ ᠪᠠ ᠣᠶᠢᠯᠠᠭᠠᠯᠲᠠ ᠪᠠᠨ ᠨᠡᠮᠡᠭᠳᠡᠬᠦᠯᠵᠦ᠂ ᠲᠤᠰ ᠪᠡᠶ᠎ᠡ ᠶᠢᠨ ᠦᠢᠯᠡ ᠠᠵᠢᠯᠯᠠᠭ᠎ᠠ ᠪᠠᠨ ᠲᠦᠷᠢᠮᠵᠢᠬᠦᠯᠦᠨ᠂ ᠡᠯ᠎ᠡ  ᠲᠦᠷᠦᠯ ᠤᠨ ᠠᠵᠢᠯ ᠤᠨ ᠬᠠᠤᠯᠢᠵᠢᠯ ᠤᠨ ᠵᠠᠮ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ︽ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠤᠨ ᠳᠦᠷᠢᠮ ︵ᠬᠡᠷᠡᠭᠵᠢᠭᠦᠯᠬᠦ︶︾ ᠢ  ᠰᠠᠶᠢᠳᠤᠷ ᠣᠶᠢᠯᠠᠭᠠᠵᠤ᠂  ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ  ᠳᠦᠷᠢᠮᠵᠢᠭᠦᠯᠦᠯᠲᠡ ᠶᠢ ᠪᠠᠳᠤᠯᠠᠨ᠂ ᠪᠦᠬᠦ ᠰᠢᠶᠠᠩ ᠤᠨ ᠡᠯ᠎ᠡ  ᠲᠦᠷᠦᠯ ᠤᠨ ᠠᠵᠢᠯ ᠤᠨ ᠰᠠᠶᠢᠵᠢᠷᠠᠯᠲᠠ ᠪᠠ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠳᠥᠷᠪᠡ ᠳᠤ ᠦᠨᠳᠦᠰᠦᠲᠡᠨ ᠤ ᠠᠵᠢᠯ ᠢ ᠰᠠᠶᠢᠨ ᠬᠢᠵᠦ᠂  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠪᠣᠳᠠᠲᠠᠢ  ᠠᠷᠭ᠎ᠠ ᠬᠡᠮᠵᠢᠶ᠎ᠡ︾ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠵᠤ᠂ ᠡᠶ᠎ᠡ ᠵᠣᠬᠢᠴᠠᠩᠭᠤᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠴᠤᠭᠴᠠᠯᠠᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号