ᠤᠯᠠᠮᠵᠢᠯᠠᠯᠳᠤ ᠵᠢᠷᠤᠭ ᠣᠷᠠᠯᠠᠯ —  ᠬᠠᠨ᠎ᠠ ᠶᠢᠨ ᠵᠢᠷᠤᠭ
ᠨᠡᠶᠢᠲᠡᠯᠡᠭᠰᠡᠨ ᠴᠠᠭ᠄
2024/3/3
  ᠬᠠᠨ᠎ᠠ ᠶᠢᠨ ᠵᠢᠷᠤᠭ ︵ᠬᠠᠨᠵᠤᠨ ᠤ ᠵᠢᠷᠤᠭ ᠭᠡᠵᠦ ᠪᠠᠰᠠ ᠬᠡᠯᠡᠨ᠎ᠡ︶  ᠪᠤᠯ  ᠲᠤᠮᠳᠠᠳᠤ ᠤᠯᠤᠰ ᠤᠨ ᠤᠮᠠᠷᠠᠳᠤ ᠤᠷᠤᠨ ᠢᠶᠠᠷ ᠲᠡᠯᠭᠡᠷᠡᠭᠰᠡᠨ᠂ ᠠᠷᠠᠳ ᠢᠷᠭᠡᠳ ᠤᠨ ᠭᠡᠷ ᠤᠨ ᠴᠢᠮᠡᠭᠯᠡᠯ ᠤᠨ ᠨᠢᠬᠡ ᠵᠦᠢᠯ ᠪᠤᠯᠤᠨ᠎ᠠ᠃  ᠰᠦᠩ ᠤᠯᠤᠰ ᠤᠨ ᠡᠬᠢᠨ ᠤ ᠦᠶ᠎ᠡ ᠳᠤ ᠡᠬᠦᠰᠴᠦ᠂ ᠮᠢᠩ ᠤᠯᠤᠰ᠂ ᠴᠢᠩ ᠤᠯᠤᠰ ᠤᠨ ᠦᠶ᠎ᠡ ᠬᠦᠷᠦᠭᠡᠳ ᠠᠭᠠᠵᠢᠮ  ᠢᠶᠠᠷ ᠬᠦᠭᠵᠢᠨ ᠲᠡᠯᠭᠡᠷᠡᠵᠡᠢ  ᠃   ᠬᠤᠷᠢᠳᠤᠭᠠᠷ ᠵᠠᠭᠤᠨ ᠤ ᠨᠠᠶᠠ ᠶᠡᠷᠡᠭᠡᠳ ᠤᠨ ᠬᠦᠷᠳᠡᠯ᠎ᠡ  ᠱᠠᠨ ᠰᠢ᠂ ᠱᠠᠨᠰᠢ ᠂ ᠾᠧᠪᠸᠢ᠂ ᠦᠪᠦᠷ ᠮᠤᠩᠭᠤᠯ ᠵᠡᠷᠭᠡ ᠭᠠᠵᠠᠷ ᠤᠷᠤᠨ ᠤ ᠲᠠᠷᠢᠶᠠᠴᠢᠨ ᠠᠶᠢᠯ ᠳᠤ ᠬᠠᠨ᠎ᠠ ᠶᠢᠨ ᠵᠢᠷᠤᠭ ᠨᠡᠶᠢᠳᠡᠮ ᠬᠠᠷᠠᠭᠳᠠᠵᠤ ᠪᠠᠶᠢᠳᠠᠭ  ᠃  ᠲᠤᠬᠠᠢ ᠶᠢᠨ ᠦᠶ᠎ᠡ ᠳᠤ᠂ ᠲᠠᠷᠢᠶᠠᠯᠠᠬᠤ ᠤᠷᠤᠨ ᠤ ᠠᠶᠢᠯ ᠪᠤᠯᠭᠠᠨ ᠬᠠᠯᠠᠭᠤᠨ ᠬᠠᠨᠵᠤ  ᠲᠠᠢ ᠪᠦᠬᠡᠳ ᠬᠠᠨᠵᠤᠨ ᠤ ᠲᠡᠭᠡᠷ᠎ᠡ ᠭᠡᠰᠡᠭ ᠲᠠᠬᠢ ᠭᠡᠷᠡᠮ ᠤᠨ ᠰᠢᠪᠠᠷ ᠰᠢᠷᠤᠢ ᠪᠠ ᠴᠠᠭᠠᠨ ᠴᠤᠬᠤᠢ ᠨᠢ ᠬᠠᠭᠤᠷᠠᠵᠤ ᠤᠨᠠᠭᠠᠳ᠂ ᠲᠡᠪᠢᠰᠭᠡᠷ ᠬᠤᠮ᠂ ᠬᠤᠪᠴᠠᠰᠤ ᠬᠤᠨᠠᠷ ᠭᠭᠢᠷᠳᠦᠬᠦᠯᠳᠡᠭ ᠪᠠᠶᠢᠵᠠᠢ  ᠃  ᠡᠶᠢᠮᠦ ᠪᠠᠶᠢᠳᠠᠯ ᠲᠤᠤᠷ᠎ᠠ ᠵᠠᠷᠢᠮ ᠬᠦᠮᠦᠰ ᠠᠷᠭ᠎ᠠ ᠪᠤᠳᠤᠵᠤ᠂  ᠴᠠᠭᠠᠨ ᠴᠤᠬᠤᠢ ᠪᠠᠨ ᠰᠢᠩᠬᠡᠨ ᠴᠠᠪᠠᠤ ᠲᠠᠢ ᠬᠤᠯᠢᠨ᠂  ᠬᠠᠨᠵᠤᠨ ᠲᠡᠭᠡᠷᠡᠬᠢ ᠭᠡᠷᠡᠮ ᠲᠡᠭᠡᠷ᠎ᠡ ᠪᠠᠨ ᠰᠢᠪᠠᠵᠤ᠂  ᠬᠦᠪᠡᠭᠡ ᠵᠠᠬ᠎ᠠ ᠪᠠᠷ ᠨᠢ ᠲᠦᠬᠦᠮᠬᠡᠨ ᠤᠭᠠᠯᠵᠠ ᠭᠡ  ᠵᠢᠷᠤᠭᠠᠳ᠂  ᠭᠡᠷᠡᠮ ᠤᠨ ᠰᠢᠪᠠᠷ ᠬᠠᠭᠤᠷᠠᠬᠤ ᠠᠴᠠ ᠰᠡᠷᠭᠡᠶᠢᠯᠡᠵᠦ ᠪᠠᠶᠢᠪᠠ᠃ ᠰᠡᠬᠦᠯᠡᠷ ᠨᠢ ᠠᠷᠠᠳ ᠤᠨ ᠲᠤᠮᠳᠠ  ᠡᠶᠢᠮᠦ ᠠᠵᠢᠯ ᠲᠦᠷᠦᠯ  ᠡᠷᠬᠢᠯᠡᠳᠡᠭ ᠲᠤᠰᠬᠠᠢ ᠤᠷᠠᠯᠢᠭᠴᠢᠳ ᠭᠠᠷᠴᠤ ᠢᠷᠡᠭᠰᠡᠨ ᠢᠶᠠᠷ ᠬᠠᠨ᠎ᠠ ᠶᠢᠨ ᠵᠢᠷᠤᠭ ᠨᠢ ᠤᠯᠠᠮ ᠬᠦᠭᠵᠢᠵᠦ᠂  ᠮᠠᠯᠵᠢᠬᠤ ᠤᠷᠤᠨ ᠢᠶᠠᠷ ᠴᠤ ᠲᠡᠯᠭᠡᠷᠡᠵᠦ ᠡᠬᠢᠯᠡᠭᠰᠡᠨ ᠪᠠᠶᠢᠨ᠎ᠠ᠃     ᠲᠠᠶᠢᠹᠤᠰᠧ ᠬᠤᠰᠢᠭᠤᠨ ᠳᠤ ᠬᠠᠨ᠎ᠠ ᠶᠢᠨ ᠵᠢᠷᠤᠭ ᠶᠡᠬᠡᠪᠡᠷ ᠲᠡᠯᠭᠡᠷᠡᠭᠰᠡᠨ ᠴᠠᠭ ᠪᠤᠯ  ᠴᠢᠯᠦᠭᠡᠯᠡᠭᠳᠡᠭᠰᠡᠨ ᠤ ᠲᠠᠷᠠᠭ᠎ᠠ ᠠᠴᠠ ᠦᠬᠡᠷᠡᠴᠢᠯᠡᠯᠳᠡ ᠨᠡᠬᠡᠬᠡᠯᠳᠡ ᠶᠢᠨ ᠡᠮᠦᠨ᠎ᠡ ᠬᠦᠷᠳᠡᠯᠡᠬᠢ  ᠦᠶ᠎ᠡ  ᠪᠤᠯᠤᠨ᠎ᠠ᠃ ᠬᠠᠨ᠎ᠠ ᠶᠢᠨ ᠵᠢᠷᠤᠭ ᠢ ᠤᠯᠠᠩᠬᠢ ᠳᠠᠭᠠᠨ ᠬᠦᠳᠡᠭᠡ   ᠶᠢᠨ ᠠᠶᠢᠯ ᠤᠳ  ᠬᠠᠨᠵᠤ ᠲᠠᠢ ᠵᠠᠯᠭᠠᠵᠤ ᠪᠠᠶᠢᠭ᠎ᠠ ᠭᠤᠷᠪᠠᠨ ᠲᠠᠯ᠎ᠠ ᠶᠢᠨ ᠭᠡᠷᠡᠮ ᠬᠠᠨ᠎ᠠ ᠲᠡᠭᠡᠷ᠎ᠡ ᠪᠠᠨ ᠵᠢᠷᠤᠭᠤᠯᠳᠠᠭ᠃ ᠡᠨᠡ   ᠨᠢ ᠭᠡᠷ ᠦᠷᠦᠭᠡ   ᠶᠢ ᠦᠩᠬᠡᠯᠡᠵᠦ ᠴᠢᠮᠡᠭᠯᠡᠬᠦ ᠠᠴᠠ ᠭᠠᠳᠠᠨ᠎ᠠ  ᠂ ᠬᠦᠨᠵᠢᠯᠡ ᠲᠡᠪᠢᠰᠭᠡᠷ᠂ ᠬᠤᠪᠴᠠᠰᠤ ᠬᠤᠨᠠᠷ ᠢ ᠴᠤᠬᠤᠢ ᠭᠡᠷᠡᠮ ᠠᠴᠠ ᠬᠠᠮᠠᠭᠠᠯᠠᠬᠤ ᠦᠢᠯᠡᠳᠦᠯ ᠲᠠᠢ  ᠃      ᠬᠠᠨ᠎ᠠ ᠶᠢᠨ ᠵᠢᠷᠤᠭ ᠵᠢᠷᠤᠬᠤ   ᠳᠤ ᠤᠷᠢᠳᠠᠪᠠᠷ ᠬᠠᠶᠠᠭᠳᠠᠮᠠᠯ ᠴᠠᠭᠠᠰᠤ ᠶᠢ ᠰᠢᠪᠠᠷ ᠲᠠᠢ  ᠬᠤᠯᠢᠨ ᠵᠢᠭᠤᠷᠠᠵᠤ ︵ᠰᠡᠬᠦᠯ ᠤᠨ ᠦᠶ᠎ᠡ ᠳᠤ ᠴᠠᠭᠠᠨ ᠴᠤᠬᠤᠢ᠂ ᠽᠧᠮᠧᠨ᠋ᠲ ᠪᠠᠷ  ᠤᠷᠤᠯᠠᠪᠠ︶  ᠂ ᠭᠡᠷᠡᠮ ᠲᠡᠭᠡᠷ᠎ᠡ  ᠦᠨᠳᠦᠷ ᠢᠶᠠᠷ  ᠢᠶᠠᠨ 80 ᠰᠡᠨᠲ᠋ᠢᠮᠧᠲᠷ ᠤᠷᠴᠢᠮ  ᠂ ᠤᠷᠳᠤ ᠪᠠᠷ ᠢᠶᠠᠨ ᠬᠠᠨᠵᠤ   ᠯᠤᠭ᠎ᠠ ᠵᠡᠷᠭᠡᠴᠡᠭᠰᠡᠨ ᠰᠢᠪᠠᠭᠠᠰᠤ ᠲᠠᠯᠪᠢᠨ᠎ᠠ  ᠃  ᠰᠢᠪᠠᠭᠠᠰᠤ ᠬᠠᠳᠠᠭᠰᠠᠨ ᠤ ᠲᠠᠷᠠᠭ᠎ᠠ  ᠂ ᠲᠡᠬᠦᠨ ᠤ ᠲᠡᠭᠡᠷ᠎ᠡ ᠨᠢ  ᠵᠢᠷᠤᠭ ᠢᠶᠠᠨ ᠵᠢᠷᠤᠵᠤ᠂ ᠬᠠᠳᠠᠭᠰᠠᠨ ᠬᠤᠶᠢᠨ᠎ᠠ  ᠲᠤᠰᠤ ᠲᠦᠷᠬᠢᠵᠦ ᠬᠢᠯᠳᠤᠭᠠᠨᠠᠭᠤᠯᠤᠨ᠎ᠠ᠃ ᠵᠢᠷᠤᠭ ᠤᠨ ᠠᠭᠤᠯᠭ᠎ᠠ ᠨᠢ ᠭᠤᠤᠯᠳᠠᠭᠤ ᠠᠮᠢᠳᠠᠨ ᠵᠢᠬᠦᠷᠳᠡᠨ᠂  ᠴᠡᠴᠡᠭ ᠮᠤᠳᠤ᠂ ᠠᠭᠤᠯᠠ ᠤᠰᠤ ᠪᠤᠶᠤ ᠲᠡᠦᠬᠡᠨ ᠬᠦᠮᠦᠨ᠂ ᠦᠯᠢᠭᠡᠷ ᠲᠤᠮᠤᠭ ᠤᠨ ᠵᠢᠷᠤᠭ ᠲᠦᠷᠢ ᠪᠠᠶᠢᠳᠠᠭ  ᠃  ᠤᠳᠤ  ᠬᠦᠳᠡᠭᠡ ᠲᠤᠰᠬᠤᠨ ᠳᠤ  ᠴᠤ ᠬᠠᠨᠵᠤᠨ ᠲᠡᠭᠡᠷ᠎ᠡ ᠪᠠᠨ ᠬᠠᠨ᠎ᠠ ᠶᠢᠨ ᠵᠢᠷᠤᠭ ᠵᠢᠷᠤᠭᠤᠯᠬᠤ  ᠠᠶᠢᠯ ᠡᠷᠦᠬᠡ ᠪᠠᠷᠤᠭ ᠦᠬᠡᠢ ᠪᠤᠯᠤᠭᠰᠠᠨ ᠢᠶᠠᠷ ᠡᠨᠡᠬᠦ ᠤᠷ᠎ᠠ ᠮᠡᠷᠭᠡᠵᠢᠯ ᠨᠢ ᠤᠯᠠᠮᠵᠢᠯᠠᠯ ᠲᠠᠰᠤᠷᠠᠬᠤ ᠰᠢᠬᠠᠵᠠᠢ᠃      2017 ᠤᠨ ᠳᠤ ᠲᠠᠶᠢᠹᠤᠰᠧ ᠬᠤᠰᠢᠭᠤ  ᠬᠠᠨ᠎ᠠ ᠶᠢᠨ ᠵᠢᠷᠤᠭ ᠢ  ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠲᠤ  ᠪᠦᠷᠢᠳᠭᠡᠬᠦᠯᠵᠦ᠂  ᠮᠠ ᠱᠠᠩ ᠯᠢᠨ ᠠᠶᠢᠮᠠᠭ ᠤᠨ ᠲᠡᠰ ᠤᠨ ᠦᠪᠯᠡᠨ ᠤᠯᠠᠮᠵᠢᠯᠠᠭᠴᠢ ᠪᠤᠯᠤᠭᠰᠠᠨ ᠪᠠᠶᠢᠨ᠎ᠠ᠃      ᠤᠯᠠᠮᠵᠢᠯᠠᠭᠴᠢ   ᠶᠢᠨ ᠲᠤᠪᠴᠢ ᠲᠠᠨᠢᠯᠴᠠᠭᠤᠯᠭ᠎ᠠ᠄  ᠮᠠ ᠱᠠᠩ ᠯᠢᠨ  ᠂  ᠡᠷᠡᠭᠳᠡᠢ᠂  ᠬᠢᠳᠠᠳ ᠦᠨᠳᠦᠰᠦᠳᠡᠨ᠂ 1952 ᠤᠨ ᠳᠤ ᠲᠦᠷᠦᠪᠡ᠃ ᠲᠠᠶᠢᠹᠤᠰᠧ ᠬᠤᠰᠢᠭᠤᠨ ᠤ ᠬᠦᠮᠦᠨ᠃  ᠤᠷ᠎ᠠ ᠠᠪᠢᠶᠠᠰ  ᠲᠠᠭᠠᠨ ᠲᠦᠰᠢᠭᠯᠡᠨ ᠵᠢᠷᠤᠭ ᠵᠢᠷᠤᠬᠤ   ᠶᠢ ᠦᠪᠡᠷᠳᠡᠭᠡᠨ ᠰᠤᠷᠴᠠᠢ᠃ ᠵᠠᠯᠠᠭᠤ ᠳᠠᠭᠠᠨ ᠪᠤᠰᠤᠳ ᠢ  ᠲᠠᠭᠤᠷᠢᠶᠠᠨ ᠬᠠᠨ᠎ᠠ ᠶᠢᠨ ᠵᠢᠷᠤᠭ ᠵᠢᠷᠤᠵᠤ ᠤᠷᠤᠯᠳᠤᠭᠰᠠᠭᠠᠷ ᠪᠠᠶᠢᠭᠠᠳ᠂ ᠡᠳᠦᠷ ᠤᠨ ᠤᠳᠠᠭᠠᠨ ᠳᠠᠭᠠᠨ  ᠪᠤᠯᠪᠠᠰᠤᠷᠠᠵᠤ ᠴᠠᠭᠠᠷᠠᠭᠰᠠᠨ ᠪᠠᠶᠢᠨ᠎ᠠ᠃ ᠬᠠᠨ᠎ᠠ ᠶᠢᠨ ᠵᠢᠷᠤᠭ ᠲᠡᠯᠭᠡᠷᠡᠵᠦ  ᠪᠠᠶᠢᠭ᠎ᠠ ᠦᠶᠡᠰ᠂ ᠲᠠᠶᠢᠹᠤᠰᠧ ᠬᠤᠰᠢᠭᠤ᠂ ᠴᠢᠨᠠᠭᠰᠢᠯᠠᠪᠠᠯ  ᠬᠦᠷᠰᠢ ᠵᠡᠷᠭᠡᠯᠡᠳᠡᠭᠡ ᠬᠤᠰᠢᠭᠤ ᠰᠢᠶᠠᠨ ᠤ ᠬᠢᠳᠠᠳ ᠮᠤᠩᠭᠤᠯ ᠬᠡᠰᠡᠨ ᠦᠬᠡᠢ ᠬᠠᠨᠵᠤ ᠲᠠᠢ ᠠᠶᠢᠯ ᠪᠤᠯᠭᠠᠨ ᠪᠠᠷᠤᠭ  ᠬᠠᠨ᠎ᠠ ᠶᠢᠨ ᠵᠢᠷᠤᠭ ᠵᠢᠷᠤᠭᠤᠯᠳᠠᠭ ᠪᠤᠯᠤᠭᠰᠠᠨ ᠢᠶᠠᠷ  ᠮᠠ ᠱᠠᠩ ᠯᠢᠨ ᠱᠠᠪᠢ ᠲᠠᠢ ᠪᠠᠨ ᠬᠤᠶᠠᠭᠤᠯᠠ ᠤᠨᠠᠭᠰᠠᠨ ᠮᠠᠯᠠᠭᠠᠢ ᠰᠢᠬᠦᠷᠬᠦ ᠵᠠᠪ ᠦᠬᠡᠢ ᠠᠶᠢᠯ  ᠲᠠᠮᠵᠢᠨ ᠵᠠᠯᠠᠭᠳᠠᠵᠤ ᠪᠠᠶᠢᠵᠠᠢ᠃ ᠲᠡᠬᠦᠨ ᠤ ᠵᠢᠷᠤᠭᠰᠠᠨ ᠵᠢᠷᠤᠭ ᠨᠢ ᠬᠦᠳᠡᠭᠡ ᠨᠤᠳᠤᠭ ᠤᠨ ᠦᠨᠦᠷ ᠠᠮᠳᠠ ᠲᠠᠢ᠂  ᠬᠦᠳᠡᠭᠡ ᠶᠢᠨ ᠠᠮᠢᠳᠤᠷᠠᠯ   ᠲᠠᠢ ᠤᠶᠢᠷᠠᠳᠤᠭᠰᠠᠨ᠂  ᠬᠦᠳᠡᠭᠡ   ᠶᠢᠨ ᠠᠮᠢᠳᠤᠷᠠᠯ ᠢ ᠲᠤᠰᠬᠠᠭᠰᠠᠨ ᠪᠤᠯᠬᠤᠷ ᠮᠠᠯᠴᠢᠨ ᠲᠠᠷᠢᠶᠠᠴᠢᠨ ᠤ ᠪᠠᠭ᠋ᠠᠷᠬᠠᠯ ᠢ ᠲᠠᠳᠠᠭᠰᠠᠨ ᠪᠠᠶᠢᠳᠠᠭ ᠶᠤᠮ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号