ᠲᠠᠶᠢᠹᠤᠰᠧ ᠬᠤᠰᠢᠭᠤ ᠬᠤᠳᠠ ᠬᠦᠳᠡᠭᠡ ᠶᠢᠨ ᠰᠠᠭᠤᠷᠢ ᠲᠥᠬᠦᠭᠡᠷᠦᠮᠵᠢ ᠶᠢᠨ  ᠪᠠᠶᠢᠭᠤᠯᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/3/4
     2024 ᠤᠨ ᠳᠤ᠂ ᠲᠠᠶᠢᠹᠤᠰᠧ ᠬᠤᠰᠢᠭᠤ ᠭᠠᠴᠠᠭ᠎ᠠ ᠲᠣᠰᠬᠤᠨ ᠤ ᠵᠠᠮ ᠨᠡᠪᠲᠡᠷᠡᠯᠭᠡ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ 192 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠵᠤ᠂ ᠾᠧᠢ ᠱᠠᠨ ᠮᠢᠶᠤᠤ ᠠᠴᠠ ᠰᠧ ᠯᠢᠶᠠᠨ ᠬᠦᠷᠬᠦ ᠵᠠᠮ ᠤᠨ ᠥᠭᠡᠷᠡᠴᠢᠯᠡᠯᠲᠡ ᠶᠢ ᠪᠡᠶᠡᠯᠡᠬᠦᠯᠦᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠬᠦ ᠶᠢ ᠠᠬᠢᠭᠤᠯᠵᠤ᠂ ᠲᠠᠢ ᠰᠢ ᠲᠡᠮᠦᠷ ᠵᠠᠮ ᠤᠨ  ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠶᠢᠨ ᠬᠠᠮᠳᠤ᠂ ᠠᠵᠤ ᠦᠢᠯᠡᠳᠪᠦᠷᠢ ᠶᠢᠨ ᠲᠣᠭᠤᠷᠢᠭ ᠤᠨ ᠴᠡᠪᠡᠷᠰᠢᠬᠦᠯᠦᠭᠰᠡᠨ ᠤᠰᠤᠨ ᠤ ᠠᠰᠢᠭᠯᠠᠯᠳᠠ᠂ ᠪᠤᠤᠴᠠᠩ ᠭᠤᠣᠯ  ᠤᠨ ᠵᠠᠰᠠᠯᠳᠠ ᠂   ᠲᠧᠦ ᠬᠤᠤ ᠲᠣᠰᠬᠤᠨ ᠤ  ᠦᠶᠡᠷ  ᠰᠡᠷᠭᠡᠶᠢᠯᠡᠬᠦ ᠢᠨᠵᠧᠨᠧᠷᠢᠩ ᠢ ᠡᠬᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 4᠂ ᠤᠰᠤ ᠴᠡᠪᠡᠷᠰᠢᠭᠦᠯᠬᠦ ᠲᠦᠬᠦᠭᠡᠷᠦᠮᠵᠢ 3 ᠶᠢ ᠪᠠᠶᠢᠭᠤᠯᠤᠨ᠂ 35 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠪᠠᠭᠳᠠᠭᠠᠮᠵᠢ ᠶᠢ ᠶᠡᠬᠡᠰᠭᠡᠬᠦ ᠪᠠ 10 ᠺᠢᠯᠤᠸᠤᠯᠲ ᠠᠴᠠ ᠳᠣᠷᠣᠭᠰᠢᠬᠢ ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ  ᠵᠡᠷᠭᠡ ᠶᠢ ᠭᠡᠷᠡᠭᠵᠢᠬᠦᠯᠵᠦ᠂ ᠱᠤ᠋ ᠭᠤᠸᠠᠩ ᠲᠤᠰᠬᠤᠨ ᠤ 110 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ ᠤᠷᠤᠭᠤᠯᠬᠤ ᠪᠠᠷ ᠪᠠᠶᠢᠨ᠎ᠠ᠃ ᠡᠨᠡ ᠵᠢᠯ ᠳᠤ᠂ ᠬᠤᠲᠠ ᠶᠢᠨ ᠲᠣᠭᠤᠷᠢᠭ ᠤᠨ  ᠦᠶᠡᠷ ᠢ ᠰᠡᠷᠭᠡᠶᠢᠯᠡᠬᠦ᠂ ᠪᠣᠷᠣᠭᠠᠨ ᠤ ᠤᠰᠤ ᠶᠢ ᠲᠣᠬᠢᠷᠠᠭᠤᠯᠤᠨ ᠬᠠᠳᠠᠭᠠᠯᠠᠬᠤ ᠪᠠ ᠭᠤᠣᠯᠳᠠᠯᠭ᠎ᠠ ᠲᠠᠢ ᠵᠠᠮ ᠤᠨ ᠬᠡᠰᠡᠭ ᠤᠨ ᠤᠰᠤᠲᠤᠯ ᠢ ᠰᠡᠷᠭᠡᠶᠢᠯᠡᠬᠦ ᠲᠤᠤᠷ ᠬᠤᠭᠤᠯᠠᠢ ᠶᠢᠨ ᠦᠬᠡᠷᠡᠴᠢᠯᠡᠯᠳᠡ ᠶᠢᠨ ᠢᠨᠵᠧᠨᠧᠷᠢᠩ ᠢ ᠡᠬᠢᠯᠡᠭᠦᠯᠵᠦ᠂  12.1 ᠺᠢᠯᠣᠮᠧᠲᠷ ᠤᠰᠤ ᠭᠠᠳᠠᠭᠰᠢᠯᠠᠭᠤᠯᠬᠤ ᠬᠤᠭᠤᠯᠠᠢ  ᠂ 11.2 ᠺᠢᠯᠣᠮᠧᠲᠷ ᠰᠢᠲᠠᠮᠠᠬᠠᠢ ᠬᠡᠢ ᠶᠢᠨ ᠬᠤᠭᠤᠯᠠᠢ ᠶᠢ ᠥᠭᠡᠷᠡᠴᠢᠯᠡᠨ  ᠂ 50 ᠺᠢᠯᠣᠮᠧᠲᠷ ᠬᠤᠲᠠ ᠶᠢᠨ ᠵᠠᠮ ᠢ ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠶᠢᠨ ᠬᠠᠮᠳᠤ᠂ ᠳᠡᠭᠡᠳᠦ ᠱᠠᠲᠤᠨ ᠤ ᠪᠡᠯᠡ ᠮᠥᠩᠭᠦ ᠶᠢ ᠣᠯᠵᠤ ᠪᠠᠶᠢᠭᠠᠳ ᠢᠯᠴᠢ ᠬᠠᠩᠭᠠᠬᠤ ᠬᠤᠭᠤᠯᠠᠢ ᠶᠢ ᠲᠡᠭᠦᠯᠳᠡᠷᠵᠢᠭᠦᠯᠦᠨ ᠰᠠᠶᠢᠵᠢᠷᠠᠭᠤᠯᠬᠤ ᠪᠠ ᠬᠠᠭᠤᠴᠢᠨ  ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠬᠢᠬᠦ ᠪᠤᠯᠤᠨ᠎ᠠ᠃  ᠡᠬᠦᠨ ᠤ ᠬᠠᠮᠳᠤ᠂ ᠼᠠᠢ ᠶᠤᠸᠠᠨ ᠲᠤᠰᠬᠤᠨ ᠤ ᠪᠠᠳᠤᠯᠠᠭᠠᠨ ᠤ ᠴᠢᠨᠠᠷᠳᠠᠢ  ᠤᠷᠤᠨ ᠰᠠᠭᠤᠴᠠ ᠶᠢᠨ ᠨᠡᠬᠦᠯᠬᠡᠨ ᠲᠦᠪᠬᠢᠨᠡᠬᠦᠯᠬᠦ ᠠᠵᠢᠯ  ᠪᠠ ᠳᠠᠪᠤᠰᠤᠨ ᠤ ᠦᠢᠯᠡᠰ ᠤᠨ ᠺᠣᠮᠫᠠᠨᠢ   ᠶᠢᠨ ᠨᠡᠭᠦᠯᠭᠡᠨ ᠪᠠᠶᠢᠭᠤᠯᠬᠤ ᠠᠵᠢᠯ ᠢ ᠬᠢᠵᠦ᠂   ᠴᠢᠯᠠᠭᠤᠨ ᠲᠣᠰᠣᠨ ᠤ ᠺᠣᠮᠫᠠᠨᠢ ᠶᠢᠨ ᠬᠤᠶᠠᠳᠤᠭᠠᠷ ᠲᠣᠰᠣ ᠨᠡᠮᠡᠬᠦ ᠥᠷᠲᠡᠭᠡ ᠶᠢ ᠨᠡᠭᠦᠯᠭᠡᠬᠦ  ᠠᠵᠢᠯ ᠢ ᠠᠬᠢᠭᠤᠯᠤᠨ᠂ ᠬᠤᠰᠢᠭᠤ ᠲᠤᠭᠤᠷᠢᠭ ᠤᠨ ᠨᠡᠶᠢᠲᠡ ᠶᠢᠨ ᠲᠡᠷᠭᠡᠨ ᠵᠣᠭᠰᠣᠭᠠᠯ ᠪᠠ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ᠂ ᠭᠤᠶᠣᠵᠢᠭᠤᠯᠤᠯᠲᠠ᠂ ᠭᠡᠷᠡᠯᠳᠦᠬᠦᠯᠭᠡ ᠶᠢ  ᠠᠬᠢᠭᠤᠯᠤᠨ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号