ᠬᠤᠰᠢᠭᠤ ᠵᠠᠰᠠᠭ ᠤᠨ ᠣᠷᠳᠣᠨ ᠤ ᠪᠦᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/3/4
 3 ᠰᠠᠷ᠎ᠠ ᠶᠢᠨ 1 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠠᠩᠬᠠᠳᠤᠭᠠᠷ ᠤᠳᠠᠭᠠᠨ ᠤ ᠪᠦᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠳᠠ ᠬᠢᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠡᠷᠭᠢᠯᠠᠨ ᠶᠠᠷᠢᠶ᠎ᠠ ᠲᠠᠯᠪᠢᠵᠠᠢ᠃ ᠬᠤᠷᠠᠯ ᠠᠴᠠ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠪᠣᠯ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠪᠠᠲᠤᠯᠠᠭ᠎ᠠ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾   ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠢᠮᠪᠠᠢ ᠲᠤᠤᠱᠯᠠᠭᠤᠯᠤᠨ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠨ᠂ ᠠᠷᠢᠭᠤᠨ ᠴᠢᠬᠡᠴᠢ ᠰᠤᠷᠲᠠᠯ ᠢᠶᠠᠷ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠳᠤᠯᠠᠭ᠎ᠠ ᠪᠤᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ︽ᠵᠢᠷᠭᠤᠭᠠᠨ ᠢᠨᠵᠧᠨᠧᠷᠢᠩ︾᠂ ᠭᠤᠣᠯᠳᠠᠯᠭ᠎ᠠ ᠲᠠᠢ ᠲᠦᠷᠦᠯ ᠵᠦᠢᠯ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠃ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号