ᠲᠦᠬᠦᠬᠡᠢ ᠮᠢᠬ᠎ᠠ ᠶᠢ ᠤᠰᠤᠨ ᠴᠤᠷᠭᠤᠨ ᠳᠤᠤᠷ᠎ᠠ ᠰᠢᠭᠤᠳ ᠰᠦᠷᠴᠢᠨ ᠤᠬᠢᠶᠠᠵᠤ ᠪᠤᠯᠬᠤ ᠤᠢᠬᠡᠢ
ᠨᠡᠶᠢᠲᠡᠯᠡᠭᠰᠡᠨ ᠴᠠᠭ᠄
2024/3/4
      ᠤᠯᠤᠰ ᠤᠨ ᠡᠷᠡᠬᠦᠯ ᠮᠡᠨᠳᠤ ᠶᠢᠨ ᠵᠦᠪᠯᠡᠯ ᠠᠴᠠ ᠳᠤᠤᠷ᠎ᠠ ᠲᠦᠭᠰᠢᠬᠦᠷᠢ ᠲᠠᠢ ᠭᠠᠵᠠᠷ ᠤᠷᠤᠨ ᠤ ᠵᠤᠨ ᠤ ᠤᠯᠠᠷᠢᠯ ᠳᠠᠬᠢ ᠬᠢᠵᠢᠭ ᠢ ᠰᠡᠷᠭᠡᠶᠢᠯᠡᠨ ᠡᠷᠬᠡᠰᠢᠶᠡᠬᠦ ᠰᠠᠨᠠᠭᠤᠯᠤᠮᠵᠢ ᠶᠢ ᠨᠡᠶᠢᠳᠡᠯᠡᠵᠡᠢ᠃ ᠡᠬᠦᠨ ᠳᠤ ᠬᠡᠷᠡᠭᠯᠡᠭᠴᠢᠳ ᠪᠤᠯᠤᠨ ᠢᠳᠡᠭᠡᠨ ᠤ ᠲᠦᠷᠦᠯ ᠢ ᠡᠵᠡᠩᠨᠡᠭᠰᠡᠳ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠳᠤᠷᠠᠳᠴᠠᠢ᠃        ᠬᠡᠷᠡᠭᠯᠡᠭᠴᠢᠳ ᠲᠦᠬᠦᠬᠡᠢ ᠮᠢᠬ᠎ᠠ᠂ ᠵᠢᠬᠦᠷᠳᠡᠨ᠂ ᠤᠰᠤᠨ ᠭᠠᠷᠤᠯᠳᠠ ᠲᠠᠢ ᠬᠦᠷᠦᠯᠴᠡᠭᠰᠡᠨ ᠤ ᠳᠠᠷᠠᠭ᠎ᠠ ᠭᠠᠷ ᠢᠶᠠᠨ ᠰᠠᠪᠤᠡᠭ ᠪᠤᠯᠤᠨ ᠤᠷᠤᠰᠤᠮᠠᠯ ᠤᠰᠤ ᠪᠠᠷ ᠠᠳᠠᠭ ᠲᠤ ᠪᠠᠨ 20 ᠰᠧᠺᠦ᠋ᠨ᠋ᠳ᠋ ᠤᠬᠢᠶᠠᠨ᠎ᠠ᠃ ᠤᠰᠤᠨ ᠴᠤᠷᠭᠤᠨ ᠳᠤᠤᠷ᠎ᠠ ᠲᠦᠬᠦᠬᠡᠢ ᠮᠢᠬᠠᠨ ᠪᠦᠳᠤᠭᠡᠭᠳᠡᠬᠦᠨ ᠢ ᠰᠢᠭᠤᠳ ᠰᠦᠷᠴᠢᠨ ᠤᠬᠢᠶᠠᠵᠤ ᠪᠤᠯᠬᠤ ᠦᠬᠡᠢ᠂ ᠰᠦᠷᠴᠢᠨ ᠪᠤᠬᠢᠷᠳᠤᠭᠤᠯᠬᠤ ᠠᠴᠠ ᠰᠡᠷᠬᠡᠶᠢᠯᠡᠬᠦ ᠬᠡᠷᠡᠭᠳᠡᠢ᠃        ᠲᠦᠬᠦᠬᠡᠢ ᠪᠠ ᠪᠤᠯᠭᠤᠬᠰᠠᠨ ᠢᠳᠡᠭᠡᠨ ᠢ ᠰᠠᠯᠭᠠᠵᠤ ᠬᠠᠳᠠᠭᠠᠯᠠᠨ᠎ᠠ᠃ ᠢᠯᠠᠩᠭᠤᠶ᠎ᠠ ᠲᠦᠬᠦᠬᠡᠢ ᠮᠢᠬ᠎ᠠ᠂ ᠲᠦᠬᠦᠬᠡᠢ ᠤᠰᠤᠨ ᠭᠠᠷᠤᠯᠳᠠ ᠵᠡᠷᠭᠡ ᠢᠳᠡᠭᠡᠨ ᠲᠠᠢ ᠬᠦᠷᠤᠯᠴᠡᠬᠦ ᠳᠤ ᠤᠨᠴᠠ ᠬᠢᠴᠢᠶᠠᠵᠤ᠂ ᠰᠤᠯᠪᠢᠴᠠᠨ ᠬᠠᠯᠳᠠᠪᠦᠷᠢᠯᠠᠬᠤ ᠠᠴᠠ ᠵᠠᠶᠢᠯᠠᠰᠬᠢᠬᠦ ᠬᠡᠷᠡᠭᠳᠡᠢ᠃ ᠠᠯᠢ ᠴᠢᠳᠠᠬᠤ ᠪᠠᠷ ᠲᠦᠬᠦᠬᠡᠢ ᠤᠰᠤᠨ ᠭᠠᠷᠤᠯᠳᠠ ᠵᠡᠷᠭᠡ ᠶᠢ ᠢᠳᠡᠬᠦ ᠦᠬᠡᠢ ᠪᠤᠯ ᠰᠠᠶᠢᠨ᠃       1. ᠠᠮᠢᠳᠤᠷᠠᠯ ᠤᠨ ᠰᠠᠶᠢᠬᠠᠨ ᠳᠠᠳᠬᠠᠯ ᠲᠠᠢ ᠪᠠᠶᠢᠬᠤ ᠬᠡᠷᠡᠭᠳᠡᠢ᠃ ᠶᠠᠭᠤᠮ᠎ᠠ ᠬᠤᠳᠠᠯᠳᠤᠨ ᠠᠪᠬᠤ ᠪᠤᠶᠤ ᠬᠤᠭᠤᠯᠠ ᠢᠳᠡᠬᠦ ᠦᠶᠡᠰ ᠬᠤᠪᠢ ᠪᠡᠶ᠎ᠠ ᠶᠢᠨ ᠬᠠᠮᠠᠭᠠᠯᠠᠯᠳᠠ ᠪᠠᠨ ᠰᠠᠶᠢᠳᠤᠷ ᠬᠢᠬᠦ ᠴᠢᠬᠤᠯᠠᠳᠠᠢ᠃ ᠠᠮᠠᠪᠴᠢ ᠵᠡᠬᠦᠵᠤ ᠨᠡᠶᠢᠬᠡᠮ ᠤᠨ ᠬᠠᠷᠢᠯᠴᠠᠭᠠᠨ ᠤ ᠠᠶᠤᠯᠬᠦᠢ ᠶᠢᠨ ᠵᠠᠢ ᠶᠢ ᠪᠠᠳᠤᠯᠠᠵᠤ᠂ ᠬᠠᠨᠢᠶᠠᠬᠤ ᠨᠠᠶᠢᠳᠠᠭᠠᠬᠤ ᠦᠶᠡᠰ ᠠᠮᠠ ᠬᠠᠮᠠᠷ ᠢᠶᠠᠨ ᠬᠠᠯᠬᠠᠯᠠᠵᠤ᠂ ᠪᠠᠷᠠᠭ᠎ᠠ ᠬᠤᠳᠠᠯᠳᠤᠨ ᠠᠪᠴᠤ ᠬᠡᠷ ᠲᠡᠭᠡᠨ ᠬᠠᠷᠢᠪᠠᠯ ᠭᠠᠷ ᠢᠶᠠᠨ ᠤᠬᠢᠶᠠᠬᠤ ᠬᠡᠷᠡᠭᠳᠡᠢ᠃       2. ᠴᠡᠪᠡᠷ ᠤᠰᠤ ᠪᠠ ᠴᠡᠪᠡᠷ ᠢᠳᠡᠭᠡᠨ ᠤ ᠮᠠᠲ᠋ᠧᠷᠢᠶᠠᠯ ᠢ ᠬᠡᠷᠡᠭᠯᠡᠨ᠎ᠠ᠃ ᠲᠦᠬᠦᠬᠡᠢ ᠮᠢᠬ᠎ᠠ᠂ ᠤᠰᠤᠨ ᠭᠠᠷᠤᠯᠳᠠ ᠵᠡᠷᠭᠡ ᠢᠳᠡᠭᠡᠨ ᠤ ᠵᠦᠢᠯᠡᠰ ᠢ ᠬᠤᠳᠠᠯᠳᠤᠨ ᠠᠪᠴᠤ ᠤᠬᠢᠶᠠᠬᠤ ᠪᠤᠶᠤ ᠪᠤᠯᠪᠠᠰᠤᠷᠠᠭᠤᠯᠬᠤ᠂ ᠬᠤᠭᠤᠯᠠ ᠬᠢᠬᠦ ᠪᠠᠭᠠᠵᠢ ᠬᠡᠷᠡᠭᠰᠡᠯ ᠢᠶᠠᠨ ᠤᠬᠢᠶᠠᠨ ᠴᠡᠪᠡᠷᠯᠡᠬᠦ ᠶᠠᠪᠤᠴᠠ ᠳᠤ ᠵᠠᠪᠠᠯ ᠴᠡᠪᠡᠷ ᠤᠰᠤ ᠬᠡᠷᠡᠭᠯᠡᠬᠦ ᠶᠢ ᠠᠩᠬᠠᠷᠤᠨ᠎ᠠ᠃      3. ᠬᠡᠷ ᠲᠡᠭᠡᠨ ᠬᠤᠭᠤᠯᠠ ᠢᠳᠡᠬᠡᠨ ᠪᠡᠯᠡᠳᠬᠡᠬᠦ ᠳᠤ ᠪᠠᠨ ᠠᠷᠢᠭᠤᠨ ᠴᠡᠪᠡᠷ ᠢ ᠤᠨᠴᠠᠭᠠᠢ ᠠᠩᠬᠠᠷᠬᠤ ᠬᠡᠷᠡᠭᠳᠡᠢ᠃ ᠲᠦᠬᠦᠬᠡᠢ ᠮᠢᠬ᠎ᠠ᠂ ᠤᠰᠤᠨ ᠭᠠᠷᠤᠯᠳᠠ ᠲᠠᠢ ᠬᠦᠷᠦᠯᠴᠡᠭᠰᠡᠨ ᠤ ᠳᠠᠷᠠᠭ᠎ᠠ ᠴᠠᠭ ᠳᠤᠬᠠᠢ ᠳᠤᠨᠢ ᠰᠠᠪᠤᠡᠭ ᠲᠠᠢ ᠤᠰᠤ ᠪᠠ ᠤᠷᠤᠰᠤᠮᠠᠯ ᠤᠰᠤ ᠪᠠᠷ ᠭᠠᠷ ᠢᠶᠠᠨ ᠠᠳᠠᠭ ᠲᠤ ᠪᠠᠨ 20 ᠰᠧᠺᠦ᠋ᠨ᠋ᠳ᠋ ᠤᠬᠢᠶᠠᠨ᠎ᠠ᠃ ᠬᠡᠷᠪᠡ ᠲᠦᠬᠦᠬᠡᠢ ᠮᠢᠬ᠎ᠠ ᠪᠤᠶᠤ ᠤᠰᠤᠨ ᠭᠠᠷᠤᠯᠳᠠ ᠲᠠᠢ ᠭᠠᠷ ᠢᠶᠠᠷ ᠢᠶᠠᠨ ᠰᠢᠭᠤᠳ ᠬᠦᠷᠦᠯᠴᠡᠭᠰᠡᠨ ᠪᠠᠶᠢᠪᠠᠯ ᠨᠢᠳᠤ ᠪᠤᠯᠤᠨ ᠬᠠᠮᠠᠷ ᠢᠶᠠᠨ ᠨᠤᠬᠤᠯᠠᠬᠤ ᠠᠴᠠ ᠵᠠᠶᠢᠯᠠᠰᠬᠢᠨ᠎ᠠ︕      4. ᠲᠦᠬᠦᠬᠡᠢ ᠪᠠ ᠪᠤᠯᠭᠤᠬᠰᠠᠨ ᠢᠳᠡᠬᠡᠨ ᠢ ᠰᠠᠯᠭᠠᠵᠤ ᠬᠠᠳᠠᠭᠠᠯᠠᠨ᠎ᠠ᠃ ᠢᠯᠠᠩᠭᠤᠶ᠎ᠠ ᠲᠦᠬᠦᠬᠡᠢ ᠮᠢᠬ᠎ᠠ᠂ ᠲᠦᠬᠦᠬᠡᠢ ᠤᠰᠤᠨ ᠭᠠᠷᠤᠯᠳᠠ ᠲᠠᠢ ᠬᠦᠷᠦᠯᠴᠡᠬᠦ ᠳᠤ ᠪᠠᠨ ᠤᠨᠴᠠᠭᠠᠢ ᠬᠢᠴᠢᠶᠡᠵᠤ᠂ ᠰᠤᠯᠪᠢᠴᠠᠨ ᠬᠠᠯᠳᠠᠪᠦᠷᠢᠯᠠᠬᠤ ᠠᠴᠠ ᠬᠢᠴᠢᠶᠡᠬᠦ ᠬᠡᠷᠡᠭᠳᠡᠢ᠃ ᠠᠯᠢ ᠴᠢᠳᠠᠬᠤ ᠪᠠᠷ ᠲᠦᠬᠦᠬᠡᠢ ᠤᠰᠤᠨ ᠭᠠᠷᠤᠯᠳᠠ ᠶᠢ ᠪᠢᠳᠡᠬᠡᠢ ᠢᠳᠡᠭᠡᠷᠡᠢ︕      5. ᠢᠳᠡᠭᠡᠨ ᠢᠶᠠᠨ ᠪᠤᠯᠭᠤᠳᠠᠯ᠎ᠠ ᠴᠢᠨᠠᠬᠤ ᠬᠡᠷᠡᠭᠳᠡᠢ᠃ ᠮᠢᠬ᠎ᠠ᠂ ᠤᠰᠤᠨ ᠭᠠᠷᠤᠯᠳᠠ ᠶᠢ ᠪᠤᠯᠪᠠᠰᠤᠷᠠᠭᠤᠯᠬᠤ ᠳᠤ ᠪᠠᠨ ᠵᠠᠪᠠᠯ ᠬᠦᠢᠴᠡᠳ ᠴᠢᠨᠠᠵᠤ ᠪᠤᠯᠭᠤᠬᠤ ᠶᠢ ᠠᠩᠬᠠᠷᠤᠨ᠎ᠠ᠃      6. ᠮᠢᠬ᠎ᠠ᠂ ᠤᠰᠤᠨ ᠭᠠᠷᠤᠯᠳᠠ ᠵᠡᠷᠭᠡ ᠶᠢ ᠰᠠᠯᠭᠠᠨ ᠪᠤᠭᠤᠳᠠᠯᠯᠠᠵᠤ᠂ ᠪᠤᠭᠤᠯᠳᠠ ᠲᠠᠢ ᠡᠳ᠋ ᠢᠶᠠᠨ ᠳᠠᠪᠬᠤᠷᠭ᠎ᠠ ᠬᠤᠪᠢᠶᠠᠨ ᠬᠠᠳᠠᠭᠠᠯᠠᠨ᠎ᠠ᠃ ᠮᠢᠬ᠎ᠠ᠂ ᠤᠰᠤᠨ ᠭᠠᠷᠤᠯᠳᠠ ᠵᠡᠷᠭᠡ ᠶᠢ ᠬᠦᠯᠳᠡᠬᠡᠬᠦ ᠳᠠᠪᠬᠤᠷᠭ᠎ᠠ ᠳᠤ ᠤᠷᠤᠭᠤᠯᠬᠤ ᠠᠴᠠ ᠡᠮᠤᠨ᠎ᠠ ᠭᠡᠰᠡᠭᠯᠡᠨ ᠬᠤᠪᠢᠶᠠᠵᠤ᠂ ᠰᠠᠯᠭᠠᠵᠤ ᠪᠤᠭᠤᠳᠠᠯᠯᠠᠬᠤ ᠶᠢᠨ ᠬᠠᠮᠳᠤ ᠤᠭᠤᠳᠠ ᠶᠢᠨ ᠢᠶᠠᠨ ᠪᠦᠷᠢᠨ ᠪᠦᠳᠤᠨ ᠪᠠᠶᠢᠬᠤ ᠶᠢ ᠠᠩᠬᠠᠷᠬᠤ ᠬᠡᠷᠡᠭᠳᠡᠢ᠃      7. ᠳᠤᠰ ᠳᠤᠰ ᠲᠤ ᠪᠠᠨ ᠬᠤᠭᠤᠯᠠᠯᠠᠬᠤ ᠪᠠ ᠨᠡᠶᠢᠳᠡ ᠶᠢᠨ ᠬᠠᠯᠪᠠᠭ᠎ᠠ ᠨᠡᠶᠢᠳᠡ ᠶᠢᠨ ᠰᠠᠪᠬ᠎ᠠ ᠬᠡᠷᠡᠭᠯᠡᠬᠦ ᠶᠢ ᠰᠠᠨᠠᠭᠠᠴᠢᠯᠠᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号