ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ | ᠬᠠᠮᠠᠭᠠᠯᠠᠨ ᠠᠰᠢᠭᠯᠠᠵᠤ᠂ ᠠᠮᠢ ᠠᠬᠤᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠳᠤᠳᠬᠠᠨ᠂ ᠪᠠᠶᠢᠭᠠᠯᠢ | ᠤᠷᠴᠢᠨ ᠠᠮᠢ ᠠᠬᠤᠢ ᠶᠢᠨ ᠰᠢᠰᠲ᠋ᠧᠮ ᠢ ᠤᠯᠠᠮ ᠰᠠᠶᠢᠵᠢᠷᠠᠭᠤᠯᠬᠤ ᠶᠢᠨ ᠲᠦᠯᠦᠭᠡ᠂ ︽ᠲᠠᠶᠢᠹᠤᠰᠧ ᠬᠤᠰᠢᠭᠤᠨ ᠤ | 2023 ︱ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠦᠰᠦᠪ︾ ᠢ ᠦᠨᠳᠦᠰᠦᠯᠡᠨ᠂ ᠮᠠᠨ ᠤ ᠬᠤᠰᠢᠭᠤ ᠨᠢ 2024 ᠣᠨ ᠤ | 4 ᠰᠠᠷ᠎ᠠ ᠶᠢᠨ 1 ᠤ ᠡᠳᠦᠷ ᠠᠴᠠ ᠡᠬᠢᠯᠡᠨ ᠮᠠᠯᠵᠢᠬᠤ ᠤᠷᠤᠨ ᠳᠤ ᠤᠯᠠᠷᠢᠯ ᠤᠨ ᠴᠢᠨᠠᠷᠳᠠᠢ ᠬᠠᠰᠢᠶᠠᠯᠠᠨ ᠮᠠᠯᠵᠢᠬᠤ | ᠠᠷᠭ᠎ᠠ ᠶᠢ ᠭᠡᠷᠡᠭᠵᠢᠬᠦᠯᠵᠦ᠂ ᠲᠠᠷᠢᠶᠠᠯᠠᠬᠤ ᠤᠷᠤᠨ ᠤ ᠦᠬᠡᠷ ᠢ ᠤᠯᠠᠷᠢᠯ ᠤᠨ ᠴᠢᠨᠠᠷᠳᠠᠢ ᠬᠠᠰᠢᠶᠠᠯᠠᠨ᠂ ᠪᠤᠰᠤᠳ | ᠮᠠᠯ ᠢ ᠪᠥᠬᠦ ᠵᠢᠯ ᠢᠶᠠᠷ ᠬᠠᠰᠢᠶᠠᠯᠠᠬᠤ ᠪᠠᠷ ᠲᠤᠭᠳᠠᠵᠠᠢ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ | ᠵᠠᠷᠯᠠᠨ ᠮᠡᠳᠡᠭᠳᠡᠰᠦᠬᠡᠢ᠄ | ᠨᠢᠭᠡ᠂ ᠬᠦᠷᠢᠶ᠎ᠡ ᠭᠡᠪᠴᠢᠶ᠎ᠡ ᠪᠠ ᠴᠠᠭ ᠬᠤᠭᠤᠴᠠᠭ᠎ᠠ | ︵ᠨᠢᠭᠡ︶ ᠮᠠᠯᠵᠢᠬᠤ ᠣᠷᠣᠨ᠄ ᠬᠦᠨᠪᠤᠯᠠᠭ ᠰᠤᠮᠤᠨ ᠤ 19 ᠭᠠᠴᠠᠭᠠᠨ ᠤ ᠮᠠᠯ ᠪᠡᠯᠴᠢᠭᠡᠷ ᠤᠨ ᠲᠡᠩᠴᠡᠭᠦᠷᠢ | ᠶᠢ ᠪᠠᠳᠤᠯᠠᠬᠤ ᠣᠷᠣᠨ ᠳᠤ ᠤᠯᠠᠷᠢᠯ ᠤᠨ ᠴᠢᠨᠠᠷᠳᠠᠢ ᠬᠠᠰᠢᠶᠠᠯᠠᠨ ᠮᠠᠯᠵᠢᠬᠤ ᠠᠷᠭ᠎ᠠ ᠶᠢ ᠭᠡᠷᠡᠭᠵᠢᠬᠦᠯᠦᠨ᠎ᠡ᠂ | ᠬᠤᠯᠪᠤᠭᠳᠠᠬᠤ ᠲᠠᠯᠠᠪᠠᠶ 108.63 ᠲᠦᠮᠡᠨ ᠮᠦ ᠃ ᠬᠠᠰᠢᠶᠠᠯᠠᠭ᠎ᠠ ᠶᠢᠨ ᠬᠤᠭᠤᠴᠠᠭ᠎ᠠ ᠨᠢ 4 ᠰᠠᠷ᠎ᠠ ᠶᠢᠨ 1 ᠤ | ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ 45 ᠡᠳᠦᠷ ᠃ | ︵ᠬᠤᠶᠠᠷ︶ ᠲᠠᠷᠢᠶᠠᠯᠠᠬᠤ ᠣᠷᠣᠨ᠄ ᠪᠤᠤᠴᠠᠩ ᠪᠠᠯᠭᠠᠰᠤ᠂ ᠶᠦᠩ ᠹᠧᠩ ᠪᠠᠯᠭᠠᠰᠤ᠂ ᠴᠢᠶᠠᠨ ᠶᠢᠨ ᠭᠧᠦ | ᠪᠠᠯᠭᠠᠰᠤ᠂ ᠯᠥᠸᠧ ᠲᠦᠸᠧ ᠱᠠᠨ ᠪᠠᠯᠭᠠᠰᠤ᠂ ᠬᠤᠩ ᠴᠢ ᠪᠠᠯᠭᠠᠰᠤ᠂ ᠰᠢᠩ ᠹᠦ᠋ ᠰᠢᠶᠠᠩ ᠵᠡᠷᠭᠡ 6 ᠰᠢᠶᠠᠩ | ᠪᠠᠯᠭᠠᠰᠤᠨ ᠤ ᠠᠳᠤᠭᠤ᠂ ᠬᠤᠨᠢ᠂ ᠡᠯᠵᠢᠭᠡ᠂ ᠯᠠᠭᠤᠰᠠ᠂ ᠲᠡᠮᠡᠭᠡ ᠶᠢ ᠪᠥᠬᠦ ᠵᠢᠯ ᠢᠶᠠᠷ ᠬᠠᠰᠢᠶᠠᠯᠠᠵᠤ᠂ ᠦᠬᠡᠷ ᠢ | ᠤᠯᠠᠷᠢᠯ ᠤᠨ ᠴᠢᠨᠠᠷᠲᠠᠢ ᠬᠠᠰᠢᠶᠠᠯᠠᠨ ᠮᠠᠯᠵᠢᠨ᠎ᠠ᠃ ᠤᠯᠠᠷᠢᠯ ᠤᠨ ᠴᠢᠨᠠᠷᠳᠠᠢ ᠬᠠᠰᠢᠶᠠᠯᠠᠭ᠎ᠠ ᠶᠢᠨ ᠬᠤᠭᠤᠴᠠᠭ᠎ᠠ ᠨᠢ 4 | ᠰᠠᠷ᠎ᠠ ᠶᠢᠨ 10 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ 50 ᠡᠳᠦᠷ᠃ | ᠬᠤᠶᠠᠷ᠂ ᠨᠥᠬᠦᠪᠦᠷᠢ ᠤᠯᠭᠤᠬᠤ ᠨᠦᠬᠦᠴᠡᠯ ᠪᠠᠷᠢᠮᠵᠢᠶ᠎ᠠ ᠪᠠ ᠠᠯᠬᠤᠮ ᠶᠠᠪᠤᠴᠠ | ︵ᠨᠢᠭᠡ︶ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ | ᠤᠯᠵᠤ᠂ ᠬᠠᠰᠢᠶᠠᠯᠠᠭ᠎ᠠ ᠶᠢᠨ ᠬᠤᠭᠤᠴᠠᠭᠠᠨ ᠳᠤ ᠮᠠᠯᠴᠢᠨ ᠡᠷᠥᠭᠡ ᠶᠢᠨ ᠦᠢᠯᠡᠳᠪᠦᠷᠢᠯᠡᠯ ᠠᠮᠢᠳᠤᠷᠠᠯ | ᠨᠦᠯᠦᠭᠡᠯᠡᠭᠳᠡᠬᠦ ᠦᠭᠡᠢ ᠪᠠᠶᠢᠬᠤ ᠶᠢ ᠪᠠᠲᠤᠯᠠᠬᠤ ᠶᠢᠨ ᠲᠤᠰᠠᠳᠠ᠂ ᠪᠡᠯᠴᠢᠭᠡᠷ ᠰᠡᠷᠬᠦᠬᠡᠬᠦ ᠨᠤᠳᠤᠭ ᠪᠡᠯᠴᠢᠭᠡᠷ ᠤᠨ | ᠬᠢᠨᠢ ᠲᠠᠯᠠᠪᠠᠢ ᠪᠠᠷ ᠬᠦᠨᠪᠤᠯᠠᠭ ᠰᠤᠮᠤᠨ ᠤ ᠮᠠᠯᠴᠢᠨ ᠡᠷᠦᠬᠡ ᠳᠤ ᠨᠥᠬᠦᠪᠦᠷᠢ ᠤᠯᠭᠤᠨ᠎ᠠ᠃ ᠪᠠᠷᠢᠮᠵᠢᠶ᠎ᠠ ᠨᠢ ᠮᠤ᠋ | ᠪᠦᠷᠢ ᠳᠤ 1.125 ᠲᠥᠭᠦᠷᠢᠭ ᠂ ᠲᠠᠷᠢᠶᠠᠯᠠᠬᠤ ᠣᠷᠣᠨ ᠳᠤ ᠨᠥᠬᠦᠪᠦᠷᠢ ᠤᠯᠭᠤᠬᠤ ᠦᠭᠡᠢ᠃ | ︵ᠬᠤᠶᠠᠷ︶ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠳᠠᠭᠤᠰᠤᠭᠰᠠᠨ ᠤ ᠳᠠᠷᠠᠭ᠎ᠠ᠂ | ᠬᠤᠰᠢᠭᠤᠨ ᠤ ᠪᠡᠯᠴᠢᠭᠡᠷ ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠲᠤᠪᠴᠢᠶ᠎ᠠ᠂ ᠣᠶ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ᠂ ᠡᠳ᠋ ᠤᠨ ᠵᠠᠰᠠᠭ ᠤᠨ | ᠲᠤᠪᠴᠢᠶ᠎ᠠ ᠵᠡᠷᠭᠡ ᠰᠠᠯᠠᠭ᠎ᠠ ᠮᠦᠴᠢᠷ ᠪᠤᠯᠤᠨ ᠬᠦᠨᠪᠤᠯᠠᠭ ᠰᠤᠮᠤ ᠶᠢ ᠵᠣᠬᠢᠶᠠᠨ ᠪᠠᠶᠢᠭᠤᠯᠵᠤ ᠪᠡᠯᠴᠢᠭᠡᠷ ᠰᠡᠷᠭᠦᠭᠡᠬᠦ | ᠠᠵᠢᠯ ᠢ ᠰᠢᠯᠭᠠᠨ ᠪᠠᠶᠢᠴᠠᠭᠠᠨ᠎ᠠ᠃ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠭᠠᠴᠠᠭ᠎ᠠ ᠪᠠᠷ | ᠨᠢᠬᠡᠴᠢᠯᠡᠨ ᠰᠤᠮᠤᠨ ᠳᠤ ᠮᠡᠳᠡᠭᠦᠯᠵᠦ᠂ ᠰᠤᠮᠤᠨ ᠤ ᠵᠠᠰᠠᠭ ᠤᠨ ᠤᠷᠳᠤᠨ ᠠᠴᠠ ᠬᠢᠨᠠᠨ ᠬᠠᠷᠭᠤᠭᠤᠯᠵᠤ ᠢᠯᠡ | ᠨᠡᠶᠢᠲᠡᠯᠡᠨ᠎ᠡ᠂ ᠨᠡᠶᠢᠲᠡᠯᠡᠬᠦ ᠬᠤᠭᠤᠴᠠᠭ᠎ᠠ ᠨᠢ 5 ᠡᠳᠦᠷ᠂ ᠨᠡᠶᠢᠳᠡᠯᠡᠭᠡᠳ ᠰᠠᠨᠠᠯ ᠦᠭᠡᠢ ᠪᠣᠯ ᠬᠤᠰᠢᠭᠤᠨ ᠤ ᠣᠶ | ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ ᠳᠤ ᠮᠡᠳᠡᠭᠦᠯᠵᠦ᠂ ᠣᠶ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ | ᠨᠢ ᠬᠢᠨᠠᠨ ᠬᠠᠷᠭᠤᠭᠤᠯᠤᠭᠰᠠᠨ ᠤ ᠳᠠᠷᠠᠭ᠎ᠠ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠬᠦᠯᠦᠨ᠂ ᠡᠳ᠋ ᠤᠨ | ᠵᠠᠰᠠᠭ ᠤᠨ ᠲᠣᠪᠴᠢᠶ᠎ᠠ ᠠᠴᠠ ︽ ᠪᠦᠷᠢᠨ ᠴᠢᠳᠠᠮᠵᠢᠳᠤ ᠺᠠᠷᠲ︾ ᠢᠶᠠᠷ ᠳᠡᠮᠵᠢᠨ ᠨᠦᠬᠦᠪᠦᠷᠢ ᠮᠦᠩᠬᠦ ᠶᠢ ᠡᠷᠦᠬᠡ ᠳᠤ | ᠣᠯᠭᠤᠨ᠎ᠠ᠃ | ᠭᠤᠷᠪᠠ ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠮᠠᠯᠴᠢᠨ ᠲᠠᠷᠢᠶᠠᠴᠢᠨ ᠡᠷᠦᠬᠡ ᠨᠢ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠵᠦ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠳᠤ ᠢᠳᠡᠪᠬᠢᠲᠡᠢ ᠬᠠᠮᠵᠢᠯᠴᠠᠨ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ | ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠢᠨᠠᠯᠲᠠ | ᠬᠠᠮᠢᠶᠠᠷᠤᠯᠲᠠ ᠶᠢ ᠲᠠᠭᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠰᠤᠮᠤ ᠰᠢᠶᠠᠩ ᠪᠠᠯᠭᠠᠰᠤ ᠨᠢ ᠭᠠᠴᠠᠭ᠎ᠠ | ᠲᠣᠰᠬᠤᠨ ᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠭᠠᠴᠠᠭ᠎ᠠ ᠲᠣᠰᠬᠤᠨ ᠤ ᠨᠤᠳᠤᠭ ᠪᠡᠯᠴᠢᠭᠡᠷ ᠲᠡᠭᠡᠷ᠎ᠡ | ᠭᠠᠳᠠᠨ᠎ᠠ ᠶᠢᠨ ᠮᠠᠯ ᠤᠷᠤᠭᠤᠯᠵᠤ ᠪᠡᠯᠴᠢᠭᠡᠷᠯᠡᠬᠦᠯᠬᠦ ᠶᠢ ᠡᠷᠡᠰ ᠬᠤᠷᠢᠭᠯᠠᠬᠤ ᠭᠡᠷᠡᠭᠳᠡᠢ᠃ | ︵ᠬᠤᠶᠠᠷ︶ ᠬᠦᠨᠪᠤᠯᠠᠭ ᠰᠤᠮᠤᠨ ᠤ ᠮᠠᠯᠴᠢᠨ ᠡᠷᠦᠬᠡ ᠨᠢ ᠰᠠᠭᠤᠷᠢ ᠲᠦᠬᠦᠭᠡᠷᠦᠮᠵᠢ ᠶᠢᠨ ᠨᠦᠬᠦᠴᠡᠯ ᠪᠠ | ᠬᠢᠨᠠᠨ ᠲᠣᠭᠲᠠᠭᠠᠭᠰᠠᠨ ᠪᠡᠯᠴᠢᠭᠡᠷ ᠤᠨ ᠲᠠᠭᠠᠭᠠᠴᠠ ᠪᠠᠨ ᠦᠨᠳᠦᠰᠦᠯᠡᠵᠦ᠂ ᠬᠠᠪᠤᠷ ᠤᠨ ᠤᠯᠠᠷᠢᠯ ᠤᠨ ᠪᠡᠯᠴᠢᠭᠡᠷ | ᠰᠡᠷᠬᠦᠬᠡᠬᠦ ᠬᠤᠭᠤᠴᠠᠭᠠᠨ ᠳᠤ ᠮᠠᠯ ᠤᠨ ᠬᠦᠳᠡᠯᠭᠡᠭᠡᠨ ᠬᠢᠬᠦ ᠲᠠᠯᠠᠪᠤᠷ ᠢ ᠲᠤᠬᠢᠷᠠᠭᠤᠯᠤᠨ᠎ᠠ᠂ ᠪᠠᠷᠢᠮᠵᠢᠶ᠎ᠠ ᠨᠢ ᠨᠢᠬᠡ | ᠬᠤᠨᠢᠨ ᠤ 20 ᠬᠠᠪᠳᠠᠭᠠᠢ ᠳᠥᠷᠪᠡᠯᠵᠢᠨ ᠮᠧᠲᠷ ᠠᠴᠠ ᠬᠡᠳᠦᠷᠡᠵᠦ ᠪᠤᠯᠬᠤ ᠦᠬᠡᠢ᠂ ᠨᠢᠭᠡ ᠦᠬᠡᠷ ᠢ 5 ᠬᠤᠨᠢ ᠪᠠᠷ | ᠪᠤᠳᠤᠨ᠎ᠠ᠃ ᠲᠠᠷᠢᠶᠠᠯᠠᠬᠤ ᠣᠷᠣᠨ ᠤ ᠬᠢᠨ ᠬᠦᠷᠢᠶ᠎ᠡ ᠬᠠᠰᠢᠶᠠᠨ ᠤ ᠪᠠᠶᠢᠳᠠᠯ ᠢᠶᠠᠨ ᠦᠨᠳᠦᠰᠦᠯᠡᠵᠦ ᠲᠤᠭᠳᠠᠭᠠᠨ᠎ᠠ᠃ | ︵ᠭᠤᠷᠪᠠ︶ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠢᠨᠠᠨ | ᠬᠠᠮᠢᠶᠠᠷᠬᠤ ᠠᠵᠢᠯ ᠢ ᠬᠠᠷᠢᠭᠤᠴᠠᠵᠤ᠂ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠨᠢ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠤᠨ᠂ ᠲᠦᠷᠢᠮ ᠲᠣᠭᠲᠠᠭᠠᠯ ᠠᠴᠠ | ᠵᠦᠷᠢᠴᠡᠵᠦ ᠮᠠᠯ ᠪᠡᠯᠴᠢᠭᠡᠷᠯᠡᠬᠦᠯᠦᠭᠰᠡᠨ ᠦᠶᠯᠡ ᠠᠵᠢᠯᠯᠠᠭ᠎ᠠ ᠭᠠᠷᠪᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ ᠳᠦᠷᠢᠮ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ | ︾᠂ ︽ᠥᠪᠥᠷ ᠮᠣᠩᠭᠤᠯᠣᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠵᠦ | ᠰᠢᠳᠭᠡᠨ ᠲᠣᠷᠭᠠᠨ᠎ᠠ᠃ ᠰᠤᠮᠤ ᠰᠢᠶᠠᠩ ᠪᠠᠯᠭᠠᠰᠤ ᠨᠢ ᠣᠶ ᠰᠢᠭᠤᠢ ᠨᠤᠳᠤᠭ ᠪᠡᠯᠴᠢᠭᠡᠷ ᠬᠠᠮᠠᠭᠠᠯᠠᠬᠤ ᠠᠵᠢᠯᠳᠠᠳ | ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡᠳᠦᠯᠲᠡᠢ ᠵᠣᠬᠢᠶᠠᠨ ᠪᠠᠶᠢᠭᠤᠯᠵᠤ᠂ ᠴᠢᠩᠭ᠎ᠠ ᠨᠢᠮᠪᠠᠢ ᠬᠢᠨᠠᠵᠤ | ᠬᠠᠮᠢᠶᠠᠷᠤᠨ᠂ ᠲᠣᠭᠲᠠᠮᠠᠯ ᠬᠤᠭᠤᠴᠠᠭ᠎ᠠ ᠲᠠᠢ ᠲᠤᠭᠤᠷᠢᠨ ᠴᠠᠭᠳᠠᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ︵ᠳᠥᠷᠪᠡ︶ ᠪᠥᠬᠦ ᠬᠤᠰᠢᠭᠤᠨ ᠤ ᠠᠵᠢᠯ ᠤᠨ ᠪᠠᠶᠢᠷᠢᠯᠠᠭᠤᠯᠤᠯᠳᠠ ᠶᠣᠰᠣᠭᠠᠷ᠂ ᠤᠯᠠᠷᠢᠯ ᠤᠨ ᠴᠢᠨᠠᠷᠲᠠᠢ | ᠪᠡᠯᠴᠢᠭᠡᠷ ᠰᠡᠷᠬᠦᠬᠡᠬᠦ ᠬᠤᠭᠤᠴᠠᠭᠠᠨ ᠳᠤ ᠮᠠᠨ ᠤ ᠬᠤᠰᠢᠭᠤ ᠨᠢ ᠮᠠᠯᠵᠢᠬᠤ ᠲᠠᠷᠢᠶᠠᠯᠠᠬᠤ ᠣᠷᠣᠨ ᠳᠤ ᠬᠤᠯᠤᠭᠠᠨ᠎ᠠ | ᠤᠰᠠᠳᠬᠠᠬᠤ ᠤᠰᠠᠳᠬᠠᠬᠤ ᠠᠵᠢᠯ ᠢ ᠦᠷᠨᠢᠬᠦᠯᠬᠦ ᠪᠤᠯᠬᠤᠷ᠂ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ | ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠭᠡᠷᠡᠭᠵᠢᠬᠦᠯᠵᠦ᠂ ᠮᠠᠯ ᠤᠨᠤᠭ᠎ᠠ ᠪᠠᠨ ᠰᠠᠶᠢᠨ | ᠬᠠᠮᠢᠶᠠᠷᠬᠤ ᠭᠡᠷᠡᠭᠳᠡᠢ ᠂ ᠲᠦᠷᠢᠮ ᠲᠣᠭᠲᠠᠭᠠᠯ ᠠᠴᠠ ᠵᠦᠷᠢᠴᠡᠵᠦ ᠪᠡᠯᠴᠢᠭᠡᠷ ᠲᠤ ᠭᠠᠷᠭᠠᠭᠠᠳ ᠡᠮ ᠬᠤᠤᠷ᠎ᠠ ᠳᠤ | ᠬᠤᠤᠷᠠᠳᠠᠭᠳᠠᠪᠠᠯ ᠠᠯᠢᠪᠠ ᠬᠤᠬᠢᠷᠠᠯ ᠢ ᠦᠪᠡᠷᠳᠡᠭᠡᠨ ᠡᠭᠦᠷᠭᠡᠯᠡᠨ᠎ᠡ᠃ | ︵ᠲᠠᠪᠤ︶ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠢᠯᠡᠴᠢᠯᠡᠨ | ᠮᠡᠳᠡᠭᠦᠯᠬᠦ ᠤᠳᠠᠰᠤ ᠲᠤᠬᠢᠷᠠᠭᠤᠯᠵᠤ᠂ ᠨᠡᠶᠢᠭᠡᠮ ᠨᠡᠶᠢᠳᠡ ᠶᠢᠨ ᠬᠢᠨᠠᠯᠲᠠ ᠶᠢ ᠬᠦᠯᠢᠶᠡᠨ᠎ᠡ᠃ | ︵ᠵᠢᠷᠭᠤᠭ᠎ᠠ︶ ᠬᠢᠨᠠᠯᠲᠠ ᠲᠠᠯᠪᠢᠬᠤ ᠨᠢᠬᠡᠴᠡ ᠪᠠ ᠢᠯᠡᠴᠢᠯᠡᠨ ᠮᠡᠳᠡᠭᠦᠯᠬᠦ ᠤᠲᠠᠰᠤ᠄ | ᠲᠠᠶᠢᠹᠤᠰᠧ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0479 ︱ | 5222413 | ᠲᠠᠶᠢᠹᠤᠰᠧ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ 0479 ︱ 5238165 | ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 | ︱ 5887015 | ᠪᠤᠤᠴᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 | ︱ 5222227 | ᠴᠢᠶᠠᠨ ᠶᠢᠨ ᠭᠧᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ | 0479 ︱ 2265514 | ᠯᠦᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ᠄ 0479 ︱ 5855017 | ᠬᠤᠩ ᠴᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ | 0479 ︱ 5823046 | ᠶᠦᠩ ᠹᠧᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ | 0479 ︱ 2265017 | ᠰᠢᠩ ᠹᠦ᠋ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 | ︱ 5899968 | | ᠣᠨᠴᠠᠭᠠᠶᠢᠯᠠᠨ ᠵᠠᠷᠯᠠᠪᠠ | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 3 ᠰᠠᠷ᠎ᠠ ᠶᠢᠨ 4 ᠤ ᠡᠳᠦᠷ |