︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ | ᠦᠨᠳᠦᠰᠦᠯᠡᠵᠦ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ | ᠪᠠᠶᠢᠷᠢᠯᠠᠭᠤᠯᠤᠯᠲᠠ ᠶᠣᠰᠣᠭᠠᠷ᠂ 2024 ᠣᠨ ᠤ 3 ᠰᠠᠷ᠎ᠠ ᠶᠢᠨ1 ᠤ ᠡᠳᠦᠷ ᠠᠴᠠ 4 ᠰᠠᠷ᠎ᠠ ᠶᠢᠨ 19 ᠤ ᠡᠳᠦᠷ | ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠨᠢ ᠲᠦᠩ ᠵᠢᠢ | ᠲᠠᠷᠢᠶᠠᠯᠠᠩ ᠮᠠᠯ ᠠᠵᠤ ᠠᠬᠤᠢ ᠶᠢᠨ ᠬᠦᠭᠵᠢᠬᠦᠯᠦᠯᠳᠡ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠴᠢᠩ ᠶᠤᠸᠠᠨ | ᠤᠰᠤ ᠬᠠᠩᠭᠠᠵᠤ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠥᠸᠧ ᠷᠦᠢ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ᠂ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠬᠠᠮ ᠵᠠᠭᠤᠴᠢᠯᠠᠭᠤᠷ ᠤᠨ ᠲᠦᠪ᠂ | ᠴᠡᠷᠢᠭ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠳᠤ᠂ ᠭᠤᠷᠪᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠤᠯᠤᠰ | ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠳᠤ᠂ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ | ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠲᠤ ᠪᠠᠶᠢᠴᠠᠭᠠᠯᠲᠠ ᠬᠢᠬᠦ ᠪᠠᠷ ᠪᠤᠯᠵᠠᠢ᠃ | ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠂ ᠤᠯᠠᠨ | ᠲᠦᠮᠡᠨ ᠤ ᠳᠡᠷᠭᠡᠳᠡᠬᠢ ᠢᠯᠵᠡᠷᠡᠯ ᠤᠨ ᠠᠰᠠᠭᠤᠳᠠᠯ᠂ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ | ᠶᠡᠭᠡ ᠪᠠᠶᠢᠭ᠎ᠠ ᠠᠰᠠᠭᠤᠳᠠᠯ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ | ᠵᠢᠴᠢ ᠲᠤᠭᠤᠷᠢᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠢᠨᠠᠯᠳᠠ ᠶᠠᠪᠤᠴᠠ ᠳᠤ ᠢᠯᠡᠷᠡᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠭᠤᠷᠢᠨ ᠳᠤ ᠪᠠᠶᠢᠴᠠᠭᠠᠯᠳᠠ ᠬᠢᠨ᠎ᠡ᠃ | ᠲᠣᠭᠤᠷᠢᠨ ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠡᠳᠡᠭᠡᠷ ᠪᠠᠶᠢᠭᠤᠯᠭ᠎ᠠ ᠨᠢᠭᠡᠴᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠪᠠ ᠭᠡᠰᠢᠬᠦᠳ᠂ ᠲᠤᠤᠷᠠᠳᠤ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ ᠤᠳᠤᠷᠢᠳᠬᠤ ᠺᠠᠳ᠋ᠷ ᠤᠨ ᠠᠰᠠᠭᠤᠳᠠᠯ ᠢ ᠢᠯᠡᠴᠢᠯᠡᠨ | ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ ᠭᠡᠬᠦ ᠳᠡᠭᠡᠨ ᠭᠤᠤᠯᠳᠠᠭᠤ | ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ | ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ | ᠪᠠᠲᠤ ᠶᠢ ᠵᠥᠷᠢᠴᠡᠭᠰᠡᠨ ᠠᠰᠠᠭᠤᠳᠠᠯ ᠤᠨ ᠲᠤᠬᠠᠢ ᠰᠠᠨᠠᠯ ᠲᠤᠰᠬᠠᠯ ᠢ ᠬᠦᠯᠢᠶᠡᠨ ᠠᠪᠤᠨ᠎ᠠ᠃ ᠪᠠᠶᠢᠴᠠᠭᠠᠨ | ᠰᠢᠢᠳᠪᠦᠷᠢᠯᠡᠬᠦ ᠬᠦᠷᠢᠶ᠎ᠡ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ | ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠨᠢᠬᠡᠴᠡ ᠳᠤ ᠲᠤᠰᠢᠶᠠᠵᠤ ᠰᠢᠢᠳᠪᠦᠷᠢᠯᠡᠭᠦᠯᠦᠨ᠎ᠡ᠃ | ᠬᠦᠯᠢᠶᠡᠨ ᠠᠪᠬᠤ ᠠᠷᠭ᠎ᠠ ᠬᠡᠯᠪᠡᠷᠢ᠄ | ᠲᠦᠷᠪᠡᠨ ᠳᠤᠭᠤᠶᠢᠯᠠᠩ ᠤᠨ ᠬᠦᠯᠢᠶᠡᠨ ᠠᠪᠬᠤ ᠭᠠᠵᠠᠷ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠲᠠᠰᠤᠭ᠃ | ᠭᠥᠯᠢᠶᠡᠨ ᠠᠪᠬᠤ ᠴᠠᠭ᠄ 2024 ᠣᠨ ᠤ 3 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 15 ᠤ | ᠡᠳᠦᠷ ︵ᠦᠳᠡ ᠶᠢᠨ ᠡᠮᠦᠨ᠎ᠡ 9᠄ 00 ︱ 12᠄ 00᠂ ᠦᠳᠡ ᠶᠢᠨ ᠬᠤᠶᠢᠨ᠎ᠠ 2᠄ 30 ︱ 5᠄ 00︶᠂ | ᠠᠵᠢᠯᠯᠠᠬᠤ ᠡᠳᠦᠷ ᠲᠤ ᠯᠠ ᠭᠥᠯᠢᠶᠡᠨ ᠠᠪᠤᠨ᠎ᠠ᠃ | ᠨᠢᠭᠡᠳᠦᠭᠡᠷ ᠳᠤᠭᠤᠶᠢᠯᠠᠩ ᠤᠨ ᠢᠮᠧᠯ᠄ tqdyxcz@163.com᠂ ᠤᠲᠠᠰᠤ ᠄ | 18047902352 | ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠤᠶᠠᠳᠤᠭᠠᠷ ᠳᠠᠪᠬᠤᠷᠯᠢᠭ ᠲᠠᠬᠢ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠂ ᠰᠢᠤᠳᠠᠨ ᠨᠤᠮᠧᠷ᠄ | 027000 | ᠬᠤᠶᠠᠳᠤᠭᠠᠷ ᠳᠤᠭᠤᠶᠢᠯᠠᠩ ᠤᠨ ᠢᠮᠧᠯ᠄ tqdexcz@163.com᠂ ᠤᠲᠠᠰᠤ ᠄ | 18047909062 | ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠤᠶᠠᠳᠤᠭᠠᠷ ᠳᠠᠪᠬᠤᠷᠯᠢᠭ ᠲᠠᠬᠢ ᠬᠤᠶᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ᠂ ᠰᠢᠤᠳᠠᠨ ᠨᠤᠮᠧᠷ᠄ | 027000 | ᠭᠤᠷᠪᠠᠳᠤᠭᠠᠷ ᠳᠤᠭᠤᠶᠢᠯᠠᠩ ᠤᠨ ᠢᠮᠧᠯ᠄ tqdsxcz@163.com᠂ ᠤᠲᠠᠰᠤ ᠄ | 18004792097 | ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠤᠶᠠᠳᠤᠭᠠᠷ ᠳᠠᠪᠬᠤᠷᠯᠢᠭ ᠲᠠᠬᠢ ᠭᠤᠷᠪᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ᠂ ᠰᠢᠤᠳᠠᠨ ᠨᠤᠮᠧᠷ᠄ | 027000 | ᠲᠦᠷᠪᠡᠳᠦᠭᠡᠷ ᠳᠤᠭᠤᠶᠢᠯᠠᠩ ᠤᠨ ᠢᠮᠧᠯ᠄ tqdsxcz1@163.com᠂ ᠤᠲᠠᠰᠤ ᠄ | 18004792507 | ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠤᠶᠠᠳᠤᠭᠠᠷ ᠳᠠᠪᠬᠤᠷᠯᠢᠭ ᠲᠠᠬᠢ ᠲᠦᠷᠪᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ᠂ ᠰᠢᠤᠳᠠᠨ ᠨᠤᠮᠧᠷ᠄ | 027000 | ᠵᠠᠬᠢᠳᠠᠯ ᠤᠨ ᠬᠠᠶᠢᠷᠴᠠᠭ ᠢ ᠨᠠᠮ ᠵᠠᠰᠠᠭ ᠤᠨ ᠠᠯᠪᠠᠨ ᠠᠰᠠᠷ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ | ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ | ᠬᠤᠯᠪᠣᠭ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠲᠦᠩ ᠵᠢᠢ | ᠺᠣᠮᠫᠠᠨᠢ᠂ ᠴᠢᠩ ᠶᠤᠸᠠᠨ ᠺᠣᠮᠫᠠᠨᠢ᠂ ᠪᠥᠸᠧ ᠷᠦᠢ ᠺᠣᠮᠫᠠᠨᠢ ᠶᠢᠨ ᠠᠯᠪᠠᠨ ᠠᠰᠠᠷ ᠤᠨ ᠡᠬᠦᠳᠡᠨ ᠳᠤ | ᠲᠤᠬᠢᠷᠠᠭᠤᠯᠪᠠ᠃ | ᠡᠬᠦᠳᠡᠨ ᠳᠤ ᠪᠠᠶᠢᠷᠢᠯᠠᠭᠤᠯᠪᠠ᠃ | ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 4 ᠰᠠᠷ᠎ᠠ ᠶᠢᠨ | 15 ᠤ ᠡᠳᠦᠷ ᠬᠦᠷᠦᠨ᠎ᠡ᠃ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠤ ᠵᠠᠬᠢᠳᠠᠯ᠂ ᠤᠲᠠᠰᠤ᠂ | ᠰᠤᠷᠪᠤᠯᠵᠢᠯᠠᠭ᠎ᠠ ᠶᠢᠨ ᠬᠡᠯᠪᠡᠷᠢ ᠪᠠᠷ ᠦᠨᠡᠨ ᠪᠤᠳᠠᠳᠠᠢ ᠪᠠᠷ ᠪᠠᠶᠢᠳᠠᠯ ᠢ ᠲᠤᠰᠬᠠᠬᠤ ᠶᠢ ᠬᠦᠰᠡᠵᠦ ᠪᠠᠶᠢᠨ᠎ᠠ᠃ | ᠢᠯᠡᠴᠢᠯᠡᠨ ᠮᠡᠳᠡᠭᠦᠯᠬᠦ ᠲᠠᠪᠴᠠᠩ ᠤᠨ ᠺᠤᠳ᠋ ᠄ | | ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ | 2024 ᠣᠨ ᠤ 3 ᠰᠠᠷ᠎ᠠ ᠶᠢᠨ 1 ᠤ ᠡᠳᠦᠷ |