ᠠᠶᠢᠮᠠᠭ ᠤᠨ  ᠪᠠᠶᠢᠴᠠᠭᠠᠨ ᠵᠢᠯᠤᠭᠤᠳᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/3/5
   3 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠣᠣ ᠬᠤᠶ᠂  ᠠᠶᠢᠮᠠᠭ ᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠳᠠᠷᠤᠭ᠎ᠠ ᠼᠤᠤ ᠸᠧᠨ ᠴᠢᠩ  ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠤᠭᠳᠠᠭᠤᠨ ᠢ ᠬᠠᠮᠠᠭᠠᠯᠠᠬᠤ ᠠᠵᠢᠯ ᠢ ᠪᠠᠶᠢᠴᠠᠭᠠᠨ ᠵᠢᠯᠤᠭᠤᠳᠬᠤ ᠶᠢᠨ ᠬᠠᠮᠲᠤ ᠨᠢᠭᠡᠳᠦᠭᠡᠷ ᠹᠷᠣᠨᠲ ᠲᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠪᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠢ ᠬᠠᠯᠠᠮᠵᠢᠯᠠᠨ ᠲᠤᠬᠤᠨᠢᠭᠤᠯᠵᠠᠢ᠃  ᠪᠠᠶᠢᠴᠠᠭᠠᠨ ᠵᠢᠯᠤᠭᠤᠳᠬᠤ ᠳᠤᠭᠤᠶᠢᠯᠠᠩ ᠤᠨ ᠬᠢᠨ ᠰᠢᠶᠣᠣ ᠯᠢ ᠶᠢᠩᠽᠢ ᠳᠠᠬᠢ ᠲᠦᠷᠭᠡᠨ ᠤ ᠵᠠᠮ ᠤᠨ ᠪᠠᠶᠢᠴᠠᠭᠠᠬᠤ ᠥᠷᠲᠡᠭᠡ᠂   ᠰᠠᠨ ᠬᠤᠤ ᠳ᠋ᠢ ᠳᠠᠬᠢ ᠲᠦᠷᠭᠡᠨ ᠤ ᠵᠠᠮ ᠤᠨ ᠪᠠᠶᠢᠴᠠᠭᠠᠬᠤ ᠥᠷᠲᠡᠭᠡ ᠳᠤ ᠭᠦᠨᠵᠡᠭᠡᠶᠢᠷᠡᠵᠦ᠂ ᠲᠡᠷᠭᠡ ᠬᠥᠰᠬᠡ ᠶᠢᠨ ᠨᠡᠪᠳᠡᠷᠡᠯᠭᠡ ᠪᠠ ᠠᠮᠤᠷ ᠲᠦᠪᠰᠢᠨ ᠤ ᠪᠠᠶᠢᠴᠠᠭᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠳᠡᠭᠡᠨ᠂  ᠡᠯ᠎ᠡ ᠵᠦᠢᠯ ᠤᠨ ᠠᠷᠭ᠎ᠠ ᠬᠡᠮᠵᠢᠶ᠎ᠡ ᠶᠢ  ᠨᠠᠷᠢᠯᠢᠭ ᠮᠦᠷᠳᠡᠭᠡᠨ ᠪᠤᠳᠠᠳᠠᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠢ ᠪᠦᠷᠢᠨᠰᠢᠭᠦᠯᠦᠨ᠂ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ ᠬᠡᠷᠡᠭᠲᠡᠢ᠃ ᠣᠲᠣ ᠦᠶ᠎ᠡ ᠶᠢᠨ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠬᠥᠮᠥᠨ ᠤ ᠰᠡᠷᠭᠡᠶᠢᠯᠡᠯᠳᠡ  ᠪᠣᠳᠠᠰ ᠤᠨ ᠰᠡᠷᠭᠡᠶᠢᠯᠡᠯᠳᠡ ᠮᠡᠷᠭᠡᠵᠢᠯ ᠤᠨ ᠰᠡᠷᠭᠡᠶᠢᠯᠡᠯᠳᠡ ᠶᠢ ᠵᠡᠷᠭᠡᠪᠡᠷ ᠶᠠᠪᠤᠭᠳᠠᠭᠤᠯᠵᠤ᠂ ᠠᠮᠤᠷ ᠲᠦᠪᠰᠢᠨ ᠤ  ᠬᠡᠮ ᠰᠤᠭᠤᠭ ᠢ  ᠪᠦᠲᠦᠮᠵᠢᠲᠡᠶ ᠮᠦᠷᠳᠡᠭᠡᠨ ᠲᠦᠷᠭᠡᠨ ᠢᠶᠠᠷ ᠪᠠᠶᠢᠴᠠᠭᠠᠵᠤ ᠠᠷᠢᠯᠭᠠᠨ᠂ ᠣᠯᠠᠨ ᠲᠦᠮᠡᠨ ᠤ   ᠶᠠᠪᠤᠵᠤ ᠰᠠᠭᠤᠬᠤ ᠳᠤ ᠴᠢᠨᠠᠷ ᠰᠠᠶᠢᠳᠠᠢ ᠦᠢᠯᠡᠴᠢᠯᠡᠭᠡ ᠬᠠᠩᠭᠠᠵᠤ᠂ ᠪᠡᠭᠡᠵᠢᠩ  ᠤᠨ ᠣᠷᠣᠵᠤ ᠭᠠᠷᠬᠤ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠪᠠᠶᠢᠴᠠᠭᠠᠨ ᠵᠢᠯᠤᠭᠤᠳᠬᠤ ᠳᠤᠭᠤᠶᠢᠯᠠᠩ ᠠᠴᠠ ᠵᠢᠭᠠᠵᠤ ᠭᠠᠷᠭᠠᠬᠤ ᠳᠠᠭᠠᠨ᠂ ᠪᠥᠬᠦ ᠤᠯᠤᠰ ᠤᠨ ︽ᠬᠤᠶᠠᠷ ᠬᠤᠷᠠᠯ︾ ᠪᠣᠯ ᠨᠠᠮ ᠪᠠ ᠲᠦᠷᠦ   ᠶᠢᠨ ᠤᠯᠤᠰ ᠲᠥᠷᠥ ᠶᠢᠨ ᠠᠮᠢᠳᠤᠷᠠᠯ ᠳᠠᠬᠢ ᠲᠤᠶᠢᠯ ᠤᠨ ᠴᠢᠬᠤᠯᠠ ᠶᠡᠭᠡ ᠶᠠᠪᠤᠳᠠᠯ ᠮᠥᠨ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠤ ᠠᠵᠢᠯ ᠢ ᠰᠠᠶᠢᠨ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠡᠬᠦᠷᠭᠡ ᠬᠠᠷᠢᠭᠤᠴᠠᠯᠭ᠎ᠠ ᠴᠤ ᠬᠦᠨᠳᠦ ᠪᠠᠶᠢᠭ᠎ᠠ ᠶᠤᠮ᠃  ᠡᠷᠭᠡᠪᠰᠢ ᠪᠠᠳᠤ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠵᠢᠵᠢᠬᠦᠷ ᠤᠨ  ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠦᠯᠲᠡ ᠶᠢ ᠲᠦᠷᠢᠮᠵᠢᠬᠦᠯᠵᠦ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠣᠪᠣᠷ ᠰᠤᠷᠲᠠᠯ ᠢᠶᠠᠷ  ︽ᠬᠤᠶᠠᠷ ᠬᠤᠷᠠᠯ︾  ᠤᠨ ᠬᠤᠭᠤᠴᠠᠭᠠᠨ ᠤ ᠠᠮᠤᠷ ᠢ ᠬᠠᠮᠠᠭᠠᠯᠠᠬᠤ ᠠᠵᠢᠯ ᠤᠨ  ᠪᠦᠲᠦᠮᠵᠢᠲᠡᠢ  ᠶᠠᠪᠤᠭᠳᠠᠬᠤ ᠶᠢ ᠠᠬᠢᠭᠤᠯᠬᠤ ᠬᠡᠷᠡᠭᠲᠡᠢ ᠭᠡᠪᠡ᠃ ᠵᠤᠤ ᠹᠧᠢ ᠫᠧᠩ᠂ ᠸᠠᠩ ᠵᠢᠦᠢ ᠰᠢ ᠪᠠᠶᠢᠴᠠᠭᠠᠨ ᠵᠢᠯᠤᠭᠤᠳᠬᠤ ᠳᠤ ᠪᠠᠷ᠎ᠠ ᠪᠤᠯᠵᠤ ᠤᠷᠤᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号