ᠬᠤᠰᠢᠭᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2024/3/5
  ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 3 ᠰᠠᠷ᠎ᠠ ᠶᠢᠨ 1 ᠤ ᠡᠳᠦᠷ ᠪᠣᠯᠲᠠᠯ᠎ᠠ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ   ᠨᠤᠭᠤᠳ ᠨᠢ ᠲᠤᠰᠪᠤᠷᠢ ᠳᠠᠶᠢᠴᠢᠯᠠᠯᠲᠠ ᠶᠢᠨ ᠬᠤᠷᠠᠯ ᠬᠢᠵᠦ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ  ᠲᠤᠷᠠᠳᠤᠭᠰᠠᠨ ᠪᠠᠶᠢᠨ᠎ᠠ᠃ ᠬᠤᠷᠠᠯ ᠠᠴᠠ ᠱᠠᠭᠠᠷᠳᠠᠬᠤ ᠳᠠᠭᠠᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠤᠭᠤᠷᠢᠨ ᠪᠠᠶᠢᠴᠠᠭᠠᠯᠳᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠲᠤᠰ ᠡᠭᠡᠯᠵᠢ ᠶᠢᠨ ᠲᠤᠭᠤᠷᠢᠨ ᠪᠠᠶᠢᠴᠠᠭᠠᠬᠤ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠶ ᠣᠶᠢᠯᠠᠭᠠᠨ ᠡᠵᠡᠮᠰᠢᠬᠦ ᠭᠡᠷᠡᠭᠳᠡᠢ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠢᠯᠵᠡᠷᠡᠯ ᠤᠨ ᠠᠰᠠᠭᠤᠳᠠᠯ ᠪᠣᠯᠣᠨ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂  ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠬᠦᠯᠦᠨ ᠰᠢᠢᠳᠪᠦᠷᠢᠯᠡᠬᠦ ᠪᠤᠯᠤᠨ᠎ᠠ᠃  ᠪᠠᠶᠢᠴᠠᠭᠠᠭᠳᠠᠬᠤ ᠨᠢᠬᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ  ᠬᠦᠢᠴᠡᠳᠭᠡᠨ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠳᠡᠭᠡᠳᠦ ᠬᠡᠮᠵᠢᠶᠡᠨ ᠤ ᠤᠯᠤᠰ ᠲᠦᠷᠤ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠤᠰᠢᠭᠤ ᠨᠠᠮ ᠤᠨ ᠬᠤᠷᠢᠶᠠᠨ ᠤ ᠲᠤᠰᠢᠶᠠᠭᠰᠠᠨ ᠤᠯᠤᠰ ᠲᠦᠷᠤ ᠶᠢᠨ ᠡᠭᠦᠷᠭᠡ ᠶᠢ ᠬᠠᠮᠲᠤᠪᠠᠷ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃  ᠪᠠᠶᠢᠴᠠᠭᠠᠭᠳᠠᠬᠤ ᠨᠢᠬᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠠᠴᠠ ᠲᠤᠰᠪᠤᠷᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠨ᠂ ᠪᠤᠰᠤᠳᠴᠢ ᠪᠥᠭᠡᠳ ᠦᠨᠡᠨ ᠪᠣᠳᠠᠲᠠᠢ ᠪᠠᠷ ᠪᠠᠶᠢᠳᠠᠯ ᠢ ᠬᠠᠩᠭᠠᠨ ᠠᠰᠠᠭᠤᠳᠠᠯ ᠢ ᠲᠤᠰᠬᠠᠵᠤ᠂  ᠡᠨᠡ  ᠤᠳᠠᠭᠠᠨ ᠤ ᠲᠤᠭᠤᠷᠢᠨ ᠪᠠᠶᠢᠴᠠᠭᠠᠬᠤ ᠠᠵᠢᠯ ᠢᠶᠠᠷ ᠠᠵᠠ ᠲᠣᠬᠢᠶᠠᠯ ᠪᠤᠯᠭᠠᠨ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠰᠠᠶᠢᠵᠢᠷᠠᠭᠤᠯᠤᠨ᠎ᠠ ᠭᠡᠵᠦ ᠢᠯᠡᠷᠬᠡᠶᠢᠯᠡᠵᠡᠢ᠃ ᠣᠶᠢᠯᠠᠭᠠᠭᠰᠠᠨ ᠢᠶᠠᠷ᠂  ᠡᠨᠡ ᠤᠳᠠᠭᠠᠨ ᠤ ᠲᠣᠭᠤᠷᠢᠨ ᠪᠠᠶᠢᠴᠠᠭᠠᠬᠤ ᠴᠠᠭ ᠨᠢ 45 ᠡᠳᠦᠷ ᠣᠷᠴᠢᠮ ᠪᠠᠶᠢᠵᠤ᠂ ᠲᠤᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷ ᠤᠨ ᠤᠲᠠᠰᠤ ᠪᠠ ᠵᠠᠬᠢᠳᠠᠯ ᠤᠨ ᠬᠠᠶᠢᠷᠴᠠᠭ ᠵᠡᠷᠭᠡ ᠶᠢ  ᠲᠤᠬᠢᠷᠠᠭᠤᠯᠤᠨ᠂ ᠭᠤᠣᠯᠳᠠᠭᠤ ᠪᠠᠶᠢᠴᠠᠭᠠᠭᠳᠠᠬᠤ ᠨᠢᠭᠡᠴᠡ ᠶᠢᠨ ᠤᠳᠤᠷᠢᠳᠬᠤ ᠪᠠᠭ ᠪᠠ  ᠪᠠᠭ ᠤᠨ ᠭᠡᠰᠢᠬᠦᠳ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠲᠡᠭᠡᠷᠡᠬᠢ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠪᠠᠷ ᠪᠠᠶᠢᠨ᠎ᠠ᠂  ᠭᠡᠬᠦ ᠳᠡᠭᠡᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠣᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠲᠤᠬᠠᠢ ᠰᠠᠨᠠᠯ ᠲᠤᠰᠬᠠᠯ ᠢᠶᠠᠷ ᠭᠤᠤᠯ ᠪᠤᠯᠭᠠᠨ᠎ᠠ᠃ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 4 ᠰᠠᠷ᠎ᠠ ᠶᠢᠨ 15 ᠤ ᠡᠳᠦᠷ ᠬᠦᠷᠦᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号