ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨ ᠲᠤᠰᠬᠠᠢ ᠰᠡᠳᠦᠪᠲᠦ ᠬᠤᠷᠠᠯ ᠰᠤᠷᠤᠯᠴᠠᠯᠭ᠎ᠠ ᠬᠢᠭᠰᠡᠨ
ᠨᠡᠶᠢᠲᠡᠯᠡᠭᠰᠡᠨ ᠴᠠᠭ᠄
2024/3/5
   3 ᠰᠠᠷ᠎ᠠ ᠶᠢᠨ 4 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠪᠣᠯᠣᠨ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ  ᠵᠦᠪᠯᠡᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠳᠡᠳ᠋ ᠡᠷᠬᠢᠯᠡᠭᠴᠢ ᠯᠢ ᠱᠣᠸ ᠯᠢᠨ᠂  ᠪᠠᠭᠠᠲᠤᠷ  ᠂  ᠦ᠋ ᠭᠤᠸᠠᠩ ᠹᠧᠩ᠂ ᠵᠠᠩ ᠸᠧᠨ ᠴᠠᠩ ᠬᠤᠷᠠᠯ ᠳᠤ ᠤᠷᠤᠯᠴᠠᠨ᠂ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠬᠦᠳ᠂ ᠠᠯᠪᠠᠨ ᠭᠡᠷ ᠤᠨ ᠡᠷᠬᠢᠯᠡᠭᠴᠢ ᠼᠠᠢ ᠬᠦᠶ ᠯᠢᠨ ᠬᠤᠷᠠᠯ ᠢ ᠡᠷᠭᠢᠯᠡᠵᠦ᠂  ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠠ ᠳ᠋ᠦᠩ ᠰᠢᠦᠢ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂  ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠬᠤᠷᠠᠯᠳᠤᠭᠠᠨ ᠤ ᠵᠤᠷᠢᠭ ᠰᠠᠨᠠᠭ᠎ᠠ   ᠶᠢ ᠤᠯᠠᠮᠵᠢᠯᠠᠵᠤ᠂  ᠯᠢ ᠵᠠᠨ ᠷᠦᠢ ᠠᠴᠠ ︽ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠡᠭᠦᠰᠬᠦ ᠬᠤᠷᠠᠯ ᠲᠡᠭᠡᠷᠡᠬᠢ ᠰᠦᠨ ᠱᠣᠸ ᠴᠧᠩ ᠤᠨ ᠶᠠᠷᠢᠶ᠎ᠠ︾ ᠪᠣᠯᠣᠨ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ  ᠵᠦᠪᠯᠡᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠭᠰᠠᠨ ᠤ ᠬᠠᠮᠳᠤ  ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨ᠎ᠡ ᠨᠢᠭᠡ ᠵᠢᠯ ᠤᠨ ᠠᠵᠢᠯ ᠳᠤ ᠱᠠᠭᠠᠷᠳᠠᠯᠭ᠎ᠠ ᠳᠤᠷᠠᠳᠴᠠᠢ᠃ ᠯᠢ ᠵᠠᠨ ᠷᠦᠢ ᠶᠠᠷᠢᠶᠠᠨ ᠳᠠᠭᠠᠨ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠡᠷᠭᠡᠪᠰᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠪᠣᠯᠣᠨ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ  ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ  ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠨ  ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠨ᠂ ᠡᠯ᠎ᠡ ᠡᠳᠡᠭᠡᠳ ᠤᠨ ᠬᠢᠨ ᠤ ᠣᠶᠤᠨ ᠤᠬᠠᠭᠠᠨ ᠪᠠ ᠬᠦᠴᠦᠨ ᠴᠢᠳᠠᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠡᠭᠡᠷ᠎ᠡ ᠨᠢᠭᠲᠠᠷᠠᠭᠤᠯᠵᠤ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ  ᠬᠦᠷᠬᠦ︾ ᠲᠡᠮᠡᠴᠡᠯ ᠤᠨ ᠬᠠᠷᠠᠯᠲᠠ ᠶᠢ ᠲᠤᠭᠳᠠᠭᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠴᠢᠷᠮᠠᠶᠢᠨ ᠠᠵᠢᠯᠯᠠᠵᠤ᠂  ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃  ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠤᠬᠢᠶᠠᠨ ᠪᠠᠶᠢᠭᠤᠯᠤᠯᠳᠠ᠂ ᠡᠯ᠎ᠡ ᠱᠠᠲᠤᠨ ᠤ ᠠᠷᠠᠳ ᠤᠨ ᠲᠦᠯᠦᠭᠡᠯᠡᠭᠴᠢ᠂   ᠡᠯ᠎ᠡ ᠲᠤᠰᠬᠠᠢ ᠵᠥᠪᠯᠡᠯ ᠤᠨ ᠬᠢᠨ ᠤᠷᠬᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠨᠢᠬᠡ ᠵᠢᠯ ᠤᠨ ᠠᠵᠢᠯ ᠢᠶᠠᠨ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ  ᠵᠦᠪᠯᠡᠯ ᠤᠨ ᠠᠵᠢᠯ ᠤᠨ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠵᠤ᠂ ᠡᠨᠡ ᠵᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠭᠰᠠᠨ ᠬᠠᠷᠠᠯᠲᠠ ᠡᠭᠦᠷᠭᠡ ᠪᠣᠯᠣᠨ ᠡᠯ᠎ᠡ ᠵᠥᠪᠯᠡᠯ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠠᠵᠢᠯ ᠤᠨ ᠲᠦᠰᠦᠪ ᠲᠥᠯᠥᠪᠯᠡᠭᠡ ᠶᠢ ᠲᠤᠭᠳᠠᠭᠠᠨ᠂ ᠠᠵᠢᠯ ᠤᠨ ᠪᠡᠯᠡᠳᠬᠡᠯ ᠢ ᠰᠠᠶᠢᠨ ᠬᠢᠵᠦ᠂ ᠰᠢᠨ᠎ᠡ ᠨᠢᠭᠡ ᠵᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠭᠤᠷᠢ ᠲᠠᠯᠪᠢᠬᠤ ᠬᠡᠷᠡᠭᠲᠡᠢ᠃ ᠪᠦᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ  ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂  ᠬᠤᠰᠢᠭᠤ ᠨᠠᠮ ᠤᠨ  ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠪᠠ ᠳᠤᠮᠳᠠᠳᠤ ᠤᠯᠤᠰ ᠤᠨ ᠮᠠᠶ᠋ᠢᠭ ᠤᠨ  ᠤᠳᠤᠬᠢᠴᠢᠯᠠᠭᠰᠠᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠬᠠᠷᠢᠭᠤᠴᠠᠯᠭ᠎ᠠ  ᠪᠠᠨ ᠰᠠᠶᠢᠳᠤᠷ ᠬᠦᠢᠴᠡᠳᠭᠡᠨ᠂ ᠵᠥᠪ ᠤᠨᠤᠪᠴᠢᠳᠠᠢ ᠬᠢᠨᠠᠯᠲᠠ ᠲᠠᠯᠪᠢᠬᠤ᠂ ᠦᠷ᠎ᠡ ᠪᠦᠲᠦᠮᠵᠢᠲᠡᠶ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠳᠠᠯᠠᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ  ᠢᠶᠠᠨ ᠨᠡᠮᠡᠷᠢᠯᠡᠬᠦ ᠭᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号