︽ᠯᠧᠢ ᠹᠧᠩ ᠠᠴᠠ ᠰᠤᠷᠤᠯᠴᠠᠵᠤ · ᠪᠣᠯᠪᠠᠰᠤᠨ ᠤ ᠦᠢᠯᠡᠳᠦᠯᠭᠡᠵᠢᠬᠦᠯᠦᠭᠴᠢ ᠪᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/5
    3 ᠰᠠᠷ᠎ᠠ   ᠶᠢᠨ 5 ᠤ ᠡᠳᠦᠷ ᠪᠣᠯ ᠪᠦᠬᠦ ᠤᠯᠤᠰ ᠤᠨ  ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾  ᠪᠤᠯᠤᠨ᠎ᠠ᠂ ᠯᠧᠢ ᠹᠧᠩ ᠤᠨ ᠵᠣᠷᠢᠭ ᠰᠠᠨᠠᠭ᠎ᠠ   ᠶᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ   ᠢ ᠵᠢᠯᠤᠭᠤᠳᠤᠨ ᠡᠷᠬᠢᠮ ᠳᠡᠭᠡᠳᠦ ᠬᠦᠰᠡᠯ ᠬᠥᠭᠡᠭᠡᠴᠡᠯᠳᠦᠯ ᠢ ᠨᠢ ᠪᠠᠲᠤᠳᠬᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ   ᠶᠢ ᠢᠳᠡᠪᠬᠢᠲᠡᠢ ᠪᠠᠷ ᠦᠢᠯᠡᠳᠦᠯᠭᠡᠵᠢᠭᠦᠯᠬᠦ   ᠶᠢᠨ ᠲᠥᠯᠥᠭᠡ᠂ ᠲᠤᠰ ᠡᠳᠦᠷ ᠲᠠᠶᠢᠹᠤᠰᠧ ᠬᠤᠰᠢᠭᠤᠨ ᠤ ᠬᠢᠨ ︽ᠯᠧᠢ ᠹᠧᠩ   ᠠᠴᠠ ᠰᠤᠷᠤᠯᠴᠠᠵᠤ ᠪᠣᠯᠪᠠᠰᠤᠨ ᠤ ᠦᠢᠯᠡᠳᠦᠯᠬᠡᠵᠢᠬᠦᠯᠦᠭᠴᠢ ᠪᠤᠯᠬᠤ︾ ᠭᠤᠣᠯ ᠰᠡᠳᠦᠪᠲᠦ ᠠᠵᠢᠯᠯᠠᠭ᠎ᠠ ᠪᠠᠨ ᠡᠬᠢᠯᠡᠬᠦᠯᠪᠡ᠃ ᠪᠤᠤᠴᠠᠩ ᠪᠠᠯᠭᠠᠰᠤᠨ ᠤ ᠰᠢᠨ ᠬᠤᠸᠠ ᠨᠡᠶᠢᠬᠡᠮ ᠲᠣᠭᠤᠷᠢᠭ ᠲᠤ ᠶᠠᠪᠤᠭᠳᠠᠭᠰᠠᠨ ᠡᠬᠢᠯᠡᠯᠲᠡ ᠶᠢᠨ ᠶᠣᠰᠣᠯᠠᠯ ᠳᠡᠭᠡᠷ᠎ᠡ ᠨᠡᠶᠢᠬᠡᠮ ᠲᠣᠭᠤᠷᠢᠭ ᠤᠨ ᠤᠷᠠᠨ ᠰᠠᠶᠢᠬᠠᠨ ᠤ ᠲᠤᠭᠯᠠᠯᠳᠠ ᠶᠢᠨ ᠠᠩᠭᠢ ᠪᠣᠯᠣᠨ ᠬᠤᠩ ᠱᠧᠩ ᠲᠣᠰᠬᠤᠨ ᠤ ᠪᠣᠯᠪᠠᠰᠤᠨ ᠤ ᠦᠢᠯᠡᠳᠦᠯᠭᠡ ᠶᠢᠨ ᠠᠩᠭᠢ   ᠠᠴᠠ ᠤᠷᠠᠨ ᠰᠠᠶᠢᠬᠠᠨ ᠤ ᠲᠣᠭᠯᠠᠯᠲᠠ ᠭᠠᠷᠭᠠᠨ ᠰᠤᠨᠢᠷᠬᠠᠭᠤᠯᠵᠤ᠂  ᠥᠷᠭᠡᠨ ᠤᠯᠠᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠬᠠᠯᠠᠭᠤᠨ ᠰᠡᠳᠬᠢᠯᠭᠡ ᠶᠢ ᠤᠯᠠᠮ ᠲᠠᠶᠢᠴᠢᠯᠠᠵᠠᠢ᠃ ᠠᠵᠢᠯᠯᠠᠭᠠᠨ ᠤ ᠳᠤᠮᠳᠠ᠂  ᠰᠢᠨ ᠬᠤᠸᠠ  ᠨᠡᠶᠢᠬᠡᠮ ᠲᠣᠭᠤᠷᠢᠭ ᠤᠨ ︽ ᠴᠡᠩᠬᠡᠷ ᠲᠡᠪᠡᠯᠳᠦ ᠶᠢᠨ ᠦᠢᠯᠡᠴᠢᠯᠡᠭᠡ ᠶᠢ ᠠᠶᠢᠯ ᠡᠷᠦᠬᠡ ᠳᠤ ᠬᠦᠷᠭᠡᠬᠦ︾ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠢ ᠡᠬᠢᠯᠡᠭᠦᠯᠦᠭᠰᠡᠨ ᠪᠥᠭᠡᠳ ︽ᠴᠡᠩᠭᠡᠷ ᠲᠡᠪᠡᠯᠳᠦ︾ ᠪᠣᠯᠪᠠᠰᠤᠨ ᠤ ᠦᠢᠯᠡᠳᠦᠯᠭᠡ ᠶᠢᠨ ᠡᠩᠨᠡᠭᠡ ᠳᠤ ᠲᠤᠭ ᠲᠠᠯᠪᠠᠭ᠎ᠠ ᠤᠯᠭᠤᠭᠰᠠᠨ ᠪᠠᠶᠢᠨ᠎ᠠ᠃      ᠰᠢᠨ ᠬᠤᠸᠠ ᠨᠡᠶᠢᠬᠡᠮ ᠲᠣᠭᠤᠷᠢᠭ ᠤᠨ ᠨᠠᠮ ᠤᠨ ᠡᠬᠦᠷ ᠤᠨ ᠳᠡᠳ᠋ ᠱᠦᠵᠢ ᠦ᠋ ᠯᠢ ᠵᠢᠶᠧ᠄ ᠥᠨᠥᠳᠥᠷ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠢ ᠰᠢᠨ ᠬᠤᠸᠠ  ᠨᠡᠶᠢᠭᠡᠮ ᠲᠣᠭᠤᠷᠢᠭ ᠲᠤ ︽ᠯᠧᠢ ᠹᠧᠩ   ᠠᠴᠠ ᠰᠤᠷᠤᠯᠴᠠᠵᠤ ᠪᠣᠯᠪᠠᠰᠤᠨ ᠤ ᠦᠢᠯᠡᠳᠦᠯᠬᠡᠵᠢᠬᠦᠯᠦᠭᠴᠢ ᠪᠤᠯᠬᠤ︾ ᠭᠤᠣᠯ ᠰᠡᠳᠦᠪᠲᠦ  ᠠᠵᠢᠯᠯᠠᠭᠠᠨ ᠤ ᠡᠬᠢᠯᠡᠯᠲᠡ ᠶᠢᠨ ᠶᠣᠰᠣᠯᠠᠯ   ᠢ ᠶᠠᠪᠤᠭᠤᠯᠤᠯ᠎ᠠ᠂   ᠨᠡᠩ ᠤᠯᠠᠨ ᠰᠠᠭᠤᠭᠠᠯᠢ ᠠᠷᠠᠳ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠢᠳᠡᠪᠬᠢᠳᠡᠢ ᠤᠷᠤᠯᠴᠠᠨ᠂  ᠲᠠᠶᠢᠹᠤᠰᠧ ᠬᠤᠰᠢᠭᠤᠨ ᠤ ᠪᠠᠨ ᠬᠥᠭᠵᠢᠯᠲᠡ ᠴᠤᠭᠴᠠᠯᠠᠯᠳᠠ ᠳᠤ ᠨᠡᠩ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃      ᠵᠠᠬᠢᠶᠠᠯᠠᠭ᠎ᠠ ᠶᠢᠨ ᠬᠤᠭᠤᠯᠠ ᠬᠦᠷᠬᠡᠬᠦ ᠦᠢᠯᠡᠴᠢᠯᠡᠭᠡᠨ ᠤ ᠭᠠᠵᠠᠷ ᠤᠨ ᠳᠠᠭᠠᠭᠠᠮᠠᠯ ᠸᠠᠩ ᠵᠢᠢ  ᠄ ᠥᠨᠥᠳᠥᠷ ᠠᠴᠠ ᠡᠬᠢᠯᠡᠭᠡᠳ  ᠪᠢᠳᠡ ᠰᠢᠨ ᠬᠤᠸᠠ ᠨᠡᠶᠢᠬᠡᠮ ᠲᠣᠭᠤᠷᠢᠭ ᠤᠨ ᠭᠡᠰᠢᠭᠦᠨ ᠤ ᠨᠢᠬᠡ ᠪᠣᠯᠵᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠤᠷᠤᠯᠴᠠᠬᠤ ᠪᠤᠯᠤᠨ᠎ᠠ᠃ ᠬᠤᠶᠢᠰᠢᠳᠠ ᠮᠠᠨ ᠤ  ︽ᠴᠡᠩᠭᠡᠷ ᠲᠡᠪᠡᠯᠳᠦ︾  ᠪᠦᠯᠬᠦᠮ ᠤᠨ ᠬᠢᠨ ᠠᠮᠤᠷ ᠲᠦᠪᠰᠢᠨ ᠤ ᠬᠡᠮ ᠰᠣᠭᠤᠭ   ᠢ ᠪᠠᠶᠢᠴᠠᠭᠠᠬᠤ᠂ ᠪᠣᠯᠪᠠᠰᠤᠨ ᠨᠡᠶᠢᠭᠡᠮ ᠲᠣᠭᠤᠷᠢᠭ ᠢ ᠪᠠᠶᠢᠭᠤᠯᠬᠤ᠂  ᠨᠠᠰᠤᠳᠠᠢ ᠵᠡᠮᠳᠡᠭ ᠢ ᠬᠠᠪᠰᠤᠷᠤᠨ ᠲᠤᠰᠠᠯᠠᠬᠤ ᠵᠡᠷᠭᠡ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠢᠳᠡᠪᠬᠢᠲᠡᠢ ᠪᠠᠷ ᠬᠥᠳᠡᠯᠦᠯᠴᠡᠨ᠂ ᠯᠧᠢ ᠹᠧᠩ ᠤᠨ ᠵᠣᠷᠢᠭ ᠰᠠᠨᠠᠭ᠎ᠠ   ᠶᠢ ᠰᠡᠳᠬᠢᠯ ᠳᠡᠭᠡᠨ ᠬᠠᠳᠠᠩᠰᠢᠭᠤᠯᠵᠤ᠂  ᠦᠢᠯᠡ  ᠠᠵᠢᠯᠯᠠᠭᠠᠨ ᠤ ᠳᠤᠮᠳᠠ ᠪᠠᠨ ᠦᠢᠯᠡᠳᠦᠯᠬᠡᠵᠢᠬᠦᠯᠦᠨ᠎ᠡ᠃        ᠲᠤᠰ ᠡᠳᠦᠷ᠂  ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠪᠠᠰᠠ ᠬᠤᠰᠢᠭᠤᠨ ᠤ ᠡᠪᠯᠡᠯ ᠤᠨ ᠬᠤᠷᠢᠶ᠎ᠠ ᠲᠠᠢ ᠬᠠᠮᠲᠤᠷᠠᠨ ᠯᠧᠢ ᠹᠧᠩ ᠤᠨ ᠥᠯᠢᠭᠡᠷ ᠢ ᠶᠠᠷᠢᠬᠤ᠂  ᠨᠠᠰᠤᠳᠠᠶᠢᠴᠤᠳ ᠢ ᠬᠠᠯᠠᠮᠵᠢᠯᠠᠨ ᠲᠣᠬᠤᠨᠢᠭᠤᠯᠬᠤ᠂ ᠭᠠᠯ ᠰᠡᠷᠭᠡᠶᠢᠯᠡᠬᠦ ᠮᠡᠳᠡᠯᠭᠡ ᠶᠢᠨ ᠲᠠᠶᠢᠯᠤᠮᠵᠢ ᠬᠢᠬᠦ ᠵᠡᠷᠭᠡ ᠣᠯᠠᠨ ᠶᠠᠩᠵᠤ ᠶᠢᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ  ᠥᠷᠨᠢᠭᠦᠯᠵᠦ᠂ ᠪᠣᠳᠠᠲᠠᠢ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠬᠡᠵᠢᠬᠦᠯᠦᠭᠰᠡᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号