ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/5
  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ  ᠦᠨᠳᠦᠰᠦᠯᠡᠵᠦ᠂  ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2024 ᠣᠨ ᠤ 3 ᠰᠠᠷ᠎ᠠ ᠶᠢᠨ1 ᠤ ᠡᠳᠦᠷ ᠠᠴᠠ 4 ᠰᠠᠷ᠎ᠠ ᠶᠢᠨ 19 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠨᠢ  ᠲᠦᠩ ᠵᠢᠢ ᠲᠠᠷᠢᠶᠠᠯᠠᠩ ᠮᠠᠯ ᠠᠵᠤ ᠠᠬᠤᠢ ᠶᠢᠨ ᠬᠦᠭᠵᠢᠬᠦᠯᠦᠯᠳᠡ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠴᠢᠩ ᠶᠤᠸᠠᠨ ᠤᠰᠤ ᠬᠠᠩᠭᠠᠵᠤ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠥᠸᠧ ᠷᠦᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂  ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠬᠠᠮ ᠵᠠᠭᠤᠴᠢᠯᠠᠭᠤᠷ ᠤᠨ ᠲᠦᠪ᠂ ᠴᠡᠷᠢᠭ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠳᠤ᠂  ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠳᠤ᠂ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠲᠤ ᠪᠠᠶᠢᠴᠠᠭᠠᠯᠲᠠ ᠬᠢᠬᠦ ᠪᠠᠷ ᠪᠤᠯᠵᠠᠢ᠃    ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ  ᠂ ᠤᠯᠠᠨ ᠲᠦᠮᠡᠨ ᠤ ᠳᠡᠷᠭᠡᠳᠡᠬᠢ ᠢᠯᠵᠡᠷᠡᠯ ᠤᠨ ᠠᠰᠠᠭᠤᠳᠠᠯ᠂ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠶᠡᠭᠡ ᠪᠠᠶᠢᠭ᠎ᠠ ᠠᠰᠠᠭᠤᠳᠠᠯ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠵᠢᠴᠢ ᠲᠤᠭᠤᠷᠢᠨ ᠪᠠᠶᠢᠴᠠᠭᠠᠬᠤ᠂  ᠬᠢᠨᠠᠨ ᠪᠤᠳᠤᠬᠤ ᠵᠡᠷᠭᠡ ᠬᠢᠨᠠᠯᠳᠠ ᠶᠠᠪᠤᠴᠠ ᠳᠤ ᠢᠯᠡᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠭᠤᠷᠢᠨ ᠳᠤ  ᠪᠠᠶᠢᠴᠠᠭᠠᠯᠳᠠ ᠬᠢᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠡᠳᠡᠭᠡᠷ ᠪᠠᠶᠢᠭᠤᠯᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ  ᠪᠠ  ᠭᠡᠰᠢᠬᠦᠳ᠂  ᠲᠤᠤᠷᠠᠳᠤ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ ᠤᠳᠤᠷᠢᠳᠬᠤ ᠺᠠᠳ᠋ᠷ ᠤᠨ ᠠᠰᠠᠭᠤᠳᠠᠯ ᠢ  ᠢᠯᠡᠴᠢᠯᠡᠨ ᠲᠤᠰᠬᠠᠭᠰᠠᠨ  ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃  ᠭᠡᠬᠦ ᠳᠡᠭᠡᠨ ᠭᠤᠤᠯᠳᠠᠭᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠲᠤᠬᠠᠢ  ᠰᠠᠨᠠᠯ ᠲᠤᠰᠬᠠᠯ ᠢ ᠬᠦᠯᠢᠶᠡᠨ ᠠᠪᠤᠨ᠎ᠠ᠃  ᠪᠠᠶᠢᠴᠠᠭᠠᠨ ᠰᠢᠢᠳᠪᠦᠷᠢᠯᠡᠬᠦ  ᠬᠦᠷᠢᠶ᠎ᠡ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠨᠢᠬᠡᠴᠡ ᠳᠤ ᠲᠤᠰᠢᠶᠠᠵᠤ ᠰᠢᠢᠳᠪᠦᠷᠢᠯᠡᠭᠦᠯᠦᠨ᠎ᠡ᠃      ᠬᠦᠯᠢᠶᠡᠨ ᠠᠪᠬᠤ ᠠᠷᠭ᠎ᠠ ᠬᠡᠯᠪᠡᠷᠢ᠄      ᠲᠦᠷᠪᠡᠨ ᠳᠤᠭᠤᠶᠢᠯᠠᠩ ᠤᠨ ᠬᠦᠯᠢᠶᠡᠨ ᠠᠪᠬᠤ ᠭᠠᠵᠠᠷ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠲᠠᠰᠤᠭ᠃       ᠭᠥᠯᠢᠶᠡᠨ ᠠᠪᠬᠤ ᠴᠠᠭ᠄ 2024 ᠣᠨ ᠤ 3 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 15 ᠤ ᠡᠳᠦᠷ ︵ᠦᠳᠡ ᠶᠢᠨ ᠡᠮᠦᠨ᠎ᠡ 9᠄ 00 ︱ 12᠄ 00᠂ ᠦᠳᠡ ᠶᠢᠨ ᠬᠤᠶᠢᠨ᠎ᠠ 2᠄ 30 ︱ 5᠄ 00︶᠂  ᠠᠵᠢᠯᠯᠠᠬᠤ ᠡᠳᠦᠷ ᠲᠤ ᠯᠠ ᠭᠥᠯᠢᠶᠡᠨ ᠠᠪᠤᠨ᠎ᠠ᠃        ᠨᠢᠭᠡᠳᠦᠭᠡᠷ ᠳᠤᠭᠤᠶᠢᠯᠠᠩ   ᠤᠨ ᠢᠮᠧᠯ᠄  tqdyxcz@163.com᠂   ᠤᠲᠠᠰᠤ  ᠄ 18047902352        ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠠᠪᠬᠤᠷᠯᠢᠭ ᠲᠠᠬᠢ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠂ ᠰᠢᠤᠳᠠᠨ ᠨᠤᠮᠧᠷ᠄ 027000        ᠬᠤᠶᠠᠳᠤᠭᠠᠷ ᠳᠤᠭᠤᠶᠢᠯᠠᠩ   ᠤᠨ ᠢᠮᠧᠯ᠄ tqdexcz@163.com᠂ ᠤᠲᠠᠰᠤ  ᠄ 18047909062        ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠠᠪᠬᠤᠷᠯᠢᠭ ᠲᠠᠬᠢ ᠬᠤᠶᠠᠳᠤᠭᠠᠷ ᠲᠤᠭᠤᠷᠢᠨ  ᠪᠠᠶᠢᠴᠠᠭᠠᠬᠤ ᠳᠤᠭᠤᠶᠢᠯᠠᠩ᠂  ᠰᠢᠤᠳᠠᠨ ᠨᠤᠮᠧᠷ᠄ 027000        ᠭᠤᠷᠪᠠᠳᠤᠭᠠᠷ ᠳᠤᠭᠤᠶᠢᠯᠠᠩ   ᠤᠨ ᠢᠮᠧᠯ᠄ tqdsxcz@163.com᠂ ᠤᠲᠠᠰᠤ  ᠄ 18004792097        ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠠᠪᠬᠤᠷᠯᠢᠭ ᠲᠠᠬᠢ ᠭᠤᠷᠪᠠᠳᠤᠭᠠᠷ ᠲᠤᠭᠤᠷᠢᠨ  ᠪᠠᠶᠢᠴᠠᠭᠠᠬᠤ ᠳᠤᠭᠤᠶᠢᠯᠠᠩ᠂  ᠰᠢᠤᠳᠠᠨ ᠨᠤᠮᠧᠷ᠄ 027000        ᠲᠦᠷᠪᠡᠳᠦᠭᠡᠷ ᠳᠤᠭᠤᠶᠢᠯᠠᠩ   ᠤᠨ ᠢᠮᠧᠯ᠄  tqdsxcz1@163.com᠂ ᠤᠲᠠᠰᠤ  ᠄ 18004792507        ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠠᠪᠬᠤᠷᠯᠢᠭ ᠲᠠᠬᠢ ᠲᠦᠷᠪᠡᠳᠦᠭᠡᠷ ᠲᠤᠭᠤᠷᠢᠨ  ᠪᠠᠶᠢᠴᠠᠭᠠᠬᠤ ᠳᠤᠭᠤᠶᠢᠯᠠᠩ᠂  ᠰᠢᠤᠳᠠᠨ ᠨᠤᠮᠧᠷ᠄ 027000      ᠵᠠᠬᠢᠳᠠᠯ ᠤᠨ ᠬᠠᠶᠢᠷᠴᠠᠭ ᠢ ᠨᠠᠮ ᠵᠠᠰᠠᠭ ᠤᠨ ᠠᠯᠪᠠᠨ ᠠᠰᠠᠷ  ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ  ᠂  ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠲᠦᠩ ᠵᠢᠢ ᠺᠣᠮᠫᠠᠨᠢ᠂ ᠴᠢᠩ ᠶᠤᠸᠠᠨ  ᠺᠣᠮᠫᠠᠨᠢ᠂ ᠪᠥᠸᠧ ᠷᠦᠢ ᠺᠣᠮᠫᠠᠨᠢ ᠶᠢᠨ ᠠᠯᠪᠠᠨ ᠠᠰᠠᠷ ᠤᠨ ᠡᠬᠦᠳᠡᠨ ᠳᠤ  ᠲᠤᠬᠢᠷᠠᠭᠤᠯᠪᠠ᠃ ᠡᠬᠦᠳᠡᠨ ᠳᠤ ᠪᠠᠶᠢᠷᠢᠯᠠᠭᠤᠯᠪᠠ᠃      ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 4 ᠰᠠᠷ᠎ᠠ ᠶᠢᠨ 15 ᠤ ᠡᠳᠦᠷ ᠬᠦᠷᠦᠨ᠎ᠡ᠃  ᠪᠦᠬᠦ ᠬᠤᠰᠢᠭᠤᠨ ᠤ ᠺᠠᠳ᠋ᠷ ᠤᠯᠠᠨ ᠲᠦᠮᠡᠨ ᠤ ᠵᠠᠬᠢᠳᠠᠯ᠂ ᠤᠲᠠᠰᠤ᠂  ᠰᠤᠷᠪᠤᠯᠵᠢᠯᠠᠭ᠎ᠠ   ᠶᠢᠨ ᠬᠡᠯᠪᠡᠷᠢ ᠪᠠᠷ ᠦᠨᠡᠨ ᠪᠤᠳᠠᠳᠠᠢ ᠪᠠᠷ ᠪᠠᠶᠢᠳᠠᠯ ᠢ ᠲᠤᠰᠬᠠᠬᠤ ᠶᠢ ᠬᠦᠰᠡᠵᠦ ᠪᠠᠶᠢᠨ᠎ᠠ᠃      ᠢᠯᠡᠴᠢᠯᠡᠨ ᠮᠡᠳᠡᠭᠦᠯᠬᠦ ᠲᠠᠪᠴᠠᠩ ᠤᠨ ᠺᠤᠳ᠋  ᠄
                                       
             ᠲᠠᠶᠢᠹᠤᠰᠧ ᠬᠤᠰᠢᠭᠤᠨ ᠤ  ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ                                                                                                  2024 ᠣᠨ ᠤ 3 ᠰᠠᠷ᠎ᠠ ᠶᠢᠨ 1 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号