ᠴᠡᠷᠢᠭ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠣᠪᠴᠢᠶ᠎ᠠ
ᠨᠡᠶᠢᠲᠡᠯᠡᠭᠰᠡᠨ ᠴᠠᠭ᠄
2024/3/5
  ︵ᠨᠢᠭᠡ︶ ᠤᠯᠤᠰ᠂ ᠣᠷᠣᠨ᠂ ᠠᠶᠢᠮᠠᠭ ᠤᠨ ᠴᠡᠷᠢᠭ ᠤᠨ ᠠᠵᠢᠯ ᠤᠨ ᠬᠠᠮᠢᠶ᠎ᠠ ᠪᠦᠬᠦᠢ ᠬᠠᠤᠯᠢ ᠲᠦᠷᠢᠮ᠂ ᠲᠥᠷᠥ ᠶᠢᠨ ᠪᠣᠳᠣᠯᠭ᠎ᠠ ᠪᠣᠯᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ   ᠨᠠᠶᠢᠳᠠᠪᠤᠷᠢᠵᠢᠭᠤᠯᠤᠨ᠎ᠠ  ᠃ ︵ᠬᠤᠶᠠᠷ︶  ᠴᠡᠷᠢᠭ ᠠᠴᠠ ᠬᠠᠯᠠᠭᠳᠠᠭᠰᠠᠳ ᠳᠤ ᠠᠵᠢᠯ ᠤᠯᠭᠤᠬᠤ  ᠪᠤᠶᠤ ᠥᠪᠡᠷᠳᠡᠭᠡᠨ ᠠᠵᠢᠯ ᠤᠯᠬᠤ ᠳᠤ ᠦᠢᠯᠡᠴᠢᠯᠡᠭᠡ ᠬᠠᠩᠭᠠᠨ᠎ᠠ  ᠃ ︵ᠭᠤᠷᠪᠠ︶ ᠴᠡᠷᠢᠭ ᠠᠴᠠ ᠬᠠᠯᠠᠭᠳᠠᠭᠰᠠᠳ ᠤᠨ ᠪᠤᠯᠪᠠᠰᠤᠷᠠᠯ ᠬᠥᠮᠦᠵᠢᠯ ᠢ ᠵᠣᠬᠢᠶᠠᠨ ᠪᠠᠶᠢᠭᠤᠯᠵᠤ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠤᠨ ᠭᠡᠷ ᠪᠦᠯᠢ ᠶᠢᠨ ᠠᠵᠢᠯ ᠤᠯᠭᠤᠵᠤ  ᠦᠢᠯᠡᠰ ᠪᠦᠳᠦᠭᠡᠬᠦ  ᠳᠤ ᠲᠡᠮᠵᠢᠯᠭᠡ ᠦᠵᠡᠬᠦᠯᠦᠨ᠎ᠡ᠃ ︵ᠳᠥᠷᠪᠡ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠤᠨᠴᠠᠭᠠᠢ  ᠪᠠᠳᠤᠯᠠᠭᠠᠨ ᠤ ᠬᠡᠷᠡᠭᠵᠢᠭᠦᠯᠬᠦ ᠰᠠᠨᠠᠯ ᠢ  ᠳᠤᠭᠳᠠᠭᠠᠵᠤ ᠨᠠᠶᠢᠳᠠᠪᠤᠷᠢᠵᠢᠭᠤᠯᠤᠨ᠎ᠠ᠃ ︵ᠲᠠᠪᠤ︶ ᠴᠡᠷᠢᠭ ᠠᠴᠠ ᠬᠠᠯᠠᠭᠳᠠᠭᠰᠠᠳ ᠤᠨ ᠡᠮᠨᠡᠯᠬᠡ ᠶᠢᠨ ᠪᠠᠳᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠪᠠᠳᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃ ︵ᠵᠢᠷᠭᠤᠭ᠎ᠠ︶ ᠰᠢᠷᠬᠠᠳᠤᠭᠰᠠᠨ᠂ ᠡᠪᠡᠳᠴᠢᠯᠡᠭᠰᠡᠨ ᠴᠡᠷᠢᠭ  ᠠᠴᠠ ᠬᠠᠯᠠᠭᠳᠠᠭᠰᠠᠳ ᠤᠨ ᠦᠢᠯᠡᠴᠢᠯᠡᠭᠡ ᠪᠠ ᠠᠰᠠᠷᠠᠮᠵᠢ ᠶᠢᠨ ᠠᠵᠢᠯ ᠢ ᠬᠠᠷᠢᠭᠤᠴᠠᠵᠤ᠂ ᠴᠡᠷᠢᠭ ᠠᠴᠠ ᠬᠠᠯᠠᠭᠳᠠᠭᠰᠠᠳ ᠳᠤ ᠬᠠᠨᠳᠤᠭᠰᠠᠨ ᠡᠮ ᠡᠮᠨᠡᠯᠭᠡ᠂ ᠠᠰᠠᠷᠠᠮᠵᠢ ᠰᠤᠪᠢᠯᠠᠯᠲᠠ᠂ ᠨᠠᠰᠤᠵᠢᠯ ᠤᠨ ᠠᠰᠠᠷᠠᠮᠵᠢ ᠶᠢᠨ ᠬᠤᠯᠪᠣᠭᠳᠠᠯ ᠪᠦᠬᠦᠢ  ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠳᠣᠯᠤᠭ᠎ᠠ︶ ᠪᠥᠬᠦ ᠬᠤᠰᠢᠭᠤᠨ ᠤ ᠴᠡᠷᠢᠭ ᠢ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ  ᠨᠠᠶᠢᠳᠠᠪᠤᠷᠢᠵᠢᠭᠤᠯᠵᠤ᠂ ᠠᠯᠪᠠ ᠭᠦᠢᠴᠡᠳᠭᠡᠵᠤ ᠪᠠᠶᠢᠭ᠎ᠠ ᠴᠡᠷᠢᠭ᠂  ᠬᠠᠯᠠᠭᠳᠠᠭᠰᠠᠨ ᠴᠡᠷᠢᠭ ᠂ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠪᠠ ᠠᠰᠠᠷᠠᠮᠵᠢ ᠶᠢᠨ ᠠᠵᠢᠯ ᠢ ᠬᠠᠷᠢᠭᠤᠴᠠᠨ᠎ᠠ᠃ ︵ᠨᠠᠢᠮᠠ︶ ᠦᠷᠡᠭᠳᠡᠭᠰᠡᠨ ᠪᠠᠭᠠᠲᠤᠷ  ᠪᠠ ᠴᠡᠷᠢᠭ ᠠᠴᠠ ᠬᠠᠯᠠᠭᠳᠠᠭᠰᠠᠳ ᠲᠤ ᠢᠷᠠᠭᠤ ᠠᠯᠳᠠᠷ ᠤᠨ ᠦᠨᠡᠮᠯᠡᠯ ᠬᠦᠭᠢᠭᠦᠯᠦᠯ ᠤᠯᠭᠤᠬᠤ᠂ ᠴᠡᠷᠢᠭ ᠤᠨ ᠨᠡᠶᠢᠲᠡ ᠶᠢᠨ ᠣᠩᠭᠤᠨ ᠢ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠵᠦ᠂  ᠴᠡᠷᠢᠭ ᠠᠴᠠ ᠬᠠᠯᠠᠭᠳᠠᠭᠰᠠᠳ ᠤᠨ ᠲᠡᠷᠢᠭᠦᠨ ᠤ ᠦᠢᠯᠡ ᠠᠵᠢᠯᠯᠠᠭ᠎ᠠ ᠶᠢ ᠬᠥᠬᠢᠭᠦᠯᠦᠨ ᠰᠠᠶᠢᠰᠢᠶᠠᠬᠤ ᠪᠠ ᠤᠬᠠᠭᠤᠯᠤᠨ ᠲᠡᠯᠬᠡᠷᠡᠬᠦᠯᠦᠨ᠎ᠡ᠃ ︵ᠶᠢᠰᠦ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ  ᠲᠦᠷᠢᠮ ᠪᠠ ᠳᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠨ᠎ᠠ᠃ ᠴᠡᠷᠢᠭ ᠠᠴᠠ ᠬᠠᠯᠠᠭᠳᠠᠭᠰᠠᠳ ᠤᠨ ᠬᠠᠤᠯᠢ ᠶᠤᠰᠦᠨ ᠤ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠦᠬᠦᠢ ᠬᠥᠮᠦᠰ ᠢ ᠬᠠᠪᠰᠤᠷᠤᠨ ᠳᠡᠳᠭᠦᠭᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠠᠷᠪᠠ︶  ᠬᠤᠰᠢᠭᠤ ᠨᠠᠮ ᠵᠠᠰᠠᠭ ᠠᠴᠠ ᠲᠣᠰᠢᠶᠠᠭᠰᠡᠨ ᠪᠣᠰᠣᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号