ᠣᠶ ᠰᠢᠭᠤᠢ ᠬᠠᠮᠠᠭᠠᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠢ | ᠬᠠᠮᠠᠭᠠᠯᠠᠭᠴᠢ ᠶᠢᠨ ᠬᠠᠮᠢᠶᠠᠷᠤᠯᠲᠠ ᠶᠢ ᠲᠦᠷᠢᠮᠵᠢᠬᠦᠯᠦᠨ᠂ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ | ᠬᠠᠮᠢᠶᠠᠷᠤᠯᠲᠠ ᠬᠠᠮᠠᠭᠠᠯᠠᠯᠲᠠ ᠶᠢ ᠦᠨᠡᠨᠬᠦ ᠰᠠᠶᠢᠨ ᠬᠢᠬᠦ ᠶᠢᠨ ᠲᠤᠰᠠᠳᠠ᠂ 3 ᠰᠠᠷ᠎ᠠ ᠶᠢᠨ 4 ᠤ ᠡᠳᠦᠷ ᠲᠠᠶᠢᠹᠤᠰᠧ | ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠤᠪᠴᠢᠶᠠᠨ ᠤ ᠬᠢᠨ ᠬᠤᠩ ᠴᠢ ᠪᠠᠯᠭᠠᠰᠤᠨ ᠳᠤ 2024 | ᠣᠨ ᠤ ᠪᠥᠬᠦ ᠬᠤᠰᠢᠭᠤᠨ ᠤ ᠣᠶ ᠰᠢᠭᠤᠢ ᠬᠠᠮᠠᠭᠠᠯᠠᠭᠴᠢ ᠶᠢᠨ ᠪᠣᠯᠪᠠᠰᠤᠷᠠᠯ ᠤᠨ ᠬᠤᠷᠠᠯ ᠬᠢᠵᠡᠢ᠃ ᠳᠡᠳ᠋ | ᠪᠠᠯᠭᠠᠰᠤᠨ ᠳᠠᠷᠤᠭ᠎ᠠ ᠵᠢᠶᠠ ᠶᠠᠨ ᠬᠤᠷᠠᠯ ᠢ ᠡᠷᠬᠢᠯᠡᠵᠦ᠂ ᠪᠥᠬᠦ ᠪᠠᠯᠭᠠᠰᠤᠨ ᠤ ᠣᠶ ᠰᠢᠭᠤᠢ ᠬᠠᠮᠠᠭᠠᠯᠠᠭᠴᠢ | ᠬᠤᠷᠠᠯ ᠳᠤ ᠣᠷᠣᠯᠴᠠᠪᠠ᠃ ᠬᠤᠷᠠᠯ ᠠᠴᠠ᠂ ᠡᠯ᠎ᠡ ᠲᠣᠰᠬᠤᠨ ᠤ ᠤᠢ ᠰᠢᠭᠤᠢ ᠬᠠᠮᠠᠭᠠᠯᠠᠭᠴᠢ ᠨᠠᠷ ᠦᠵᠡᠯ | ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠤᠢ | ᠰᠢᠭᠤᠢ ᠶᠢᠨ ᠬᠠᠮᠠᠭᠠᠯᠠᠯᠳᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠤᠷᠣᠬᠠᠢ ᠰᠢᠪᠠᠵᠢ ᠭᠠᠢ ᠭᠠᠮᠰᠢᠭ ᠢ | ᠰᠡᠷᠭᠡᠶᠢᠯᠡᠨ ᠵᠠᠰᠠᠬᠤ ᠮᠡᠳᠡᠯᠭᠡ ᠮᠡᠷᠭᠡᠵᠢᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠤᠬᠠᠭᠤᠯᠭ᠎ᠠ᠂ | ᠵᠢᠯᠤᠭᠤᠳᠤᠯᠭ᠎ᠠ᠂ ᠪᠠᠶᠢᠴᠠᠭᠠᠯᠳᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠶ ᠰᠢᠭᠤᠢ ᠡᠪᠳᠡᠬᠦ ᠦᠶᠯᠡ | ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠬᠥᠮᠥᠨ ᠪᠣᠯᠭᠠᠨ ᠣᠶ ᠰᠢᠭᠤᠢ ᠶᠢ ᠬᠠᠶᠢᠷᠠᠯᠠᠬᠤ᠂ | ᠬᠥᠮᠥᠨ ᠪᠣᠯᠭᠠᠨ ᠬᠠᠷᠢᠭᠤᠴᠠᠯᠭ᠎ᠠ ᠪᠠᠨ ᠭᠦᠢᠴᠡᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠢ᠃ ᠡᠯ᠎ᠡ ᠲᠣᠰᠬᠤᠨ ᠤ ᠣᠶ ᠰᠢᠭᠤᠢ ᠬᠠᠮᠠᠭᠠᠯᠠᠭᠴᠢ ᠨᠠᠷ ᠢᠳᠡᠪᠬᠢᠲᠡᠢ ᠬᠠᠮᠵᠢᠯᠴᠠᠵᠤ᠂ ᠪᠠᠴᠢᠮ ᠪᠠᠶᠢᠳᠠᠯ | ᠲᠤᠯᠭᠠᠷᠠᠪᠠᠯ ᠴᠠᠭ ᠲᠤᠬᠠᠢ ᠳᠤᠨᠢ ᠬᠤᠰᠢᠭᠤ ᠪᠠᠯᠭᠠᠰᠤᠨ ᠤ ᠬᠠᠮᠢᠶ᠎ᠠ ᠪᠦᠬᠦᠢ ᠨᠢᠭᠡᠴᠡ ᠳᠤ ᠮᠡᠳᠡᠬᠦᠯᠬᠦ ᠭᠡᠷᠡᠭᠳᠡᠢ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ᠂ ᠤᠢ ᠰᠢᠭᠤᠢ ᠶᠢᠨ ᠭᠠᠯ ᠲᠦᠢᠮᠡᠷ ᠢ ᠤᠨᠲᠠᠷᠠᠭᠠᠬᠤ ᠵᠡᠷᠭᠡ ᠤᠷ᠎ᠠ | ᠴᠢᠳᠠᠪᠤᠷᠢ ᠶᠢ ᠪᠣᠯᠪᠠᠰᠤᠷᠠᠩᠭᠤᠢ ᠡᠵᠡᠮᠰᠢᠵᠦ᠂ ᠲᠤᠬᠠᠶᠢᠯᠠᠭᠰᠠᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠦᠷᠨᠢᠬᠦᠯᠬᠦ | ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ ᠃ ᠬᠤᠷᠠᠯ ᠳᠡᠭᠡᠷ᠎ᠡ ᠂ ᠬᠤᠰᠢᠭᠤᠨ ᠤ ᠣᠶ ᠰᠢᠭᠤᠢ ᠨᠤᠳᠤᠭ | ᠪᠡᠯᠴᠢᠭᠡᠷ ᠤᠨ ᠲᠤᠪᠴᠢᠶᠠᠨ ᠤ ᠠᠵᠢᠯᠳᠠᠨ ᠠᠴᠠ ᠣᠶ ᠰᠢᠭᠤᠢ ᠬᠠᠮᠠᠭᠠᠯᠠᠭᠴᠢ ᠶᠢ ᠰᠣᠩᠭᠤᠨ ᠲᠤᠮᠢᠯᠠᠬᠤ ᠂ ᠡᠳᠦᠷ | ᠲᠤᠳᠤᠮ ᠤᠨ ᠴᠠᠭᠳᠠᠨ ᠪᠠᠶᠢᠴᠠᠭᠠᠬᠤ ᠠᠵᠢᠯ ᠢ ᠦᠷᠨᠢᠬᠦᠯᠬᠦ᠂ ᠤᠢ ᠰᠭᠤᠢ ᠶᠢᠨ ᠬᠠᠮᠠᠭᠠᠯᠠᠯᠳᠠ ᠶᠢᠨ ᠠᠵᠢᠯ ᠢ | ᠬᠢᠨᠠᠨ ᠰᠢᠯᠭᠠᠬᠤ ᠵᠡᠷᠭᠡ ᠲᠠᠯ᠎ᠠ ᠪᠠᠷ ᠪᠣᠯᠪᠠᠰᠤᠷᠠᠯ ᠬᠢᠪᠡ᠃ ᠲᠤᠬᠠᠶᠢᠯᠠᠪᠠᠯ᠂ ᠴᠠᠭᠳᠠᠨ ᠪᠠᠶᠢᠴᠠᠭᠠᠬᠤ ᠡᠳᠦᠷ ᠤᠨ | ᠲᠡᠮᠳᠡᠭᠯᠡᠯ ᠢ ᠨᠠᠷᠢᠨ ᠬᠢᠨᠠᠮᠠᠭᠠᠢ ᠲᠠᠭᠯᠠᠵᠤ᠂ ᠭᠤᠣᠯᠳᠠᠯᠭ᠎ᠠ ᠲᠠᠢ ᠭᠠᠵᠠᠷ ᠣᠷᠣᠨ ᠤ ᠴᠠᠭᠳᠠᠨ ᠬᠠᠮᠠᠭᠠᠯᠠᠬᠤ ᠡᠷᠴᠢᠮ ᠢ | ᠴᠢᠩᠭᠠᠷᠠᠭᠤᠯᠤᠨ᠂ ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠡᠵᠡᠯᠡᠬᠦ ᠂ ᠳᠤᠷ᠎ᠠ ᠪᠠᠷ ᠢᠶᠠᠨ ᠪᠠᠶᠢᠭᠤᠯᠬᠤ᠂ | ᠳᠤᠷ᠎ᠠ ᠪᠠᠷ ᠢᠶᠠᠨ ᠠᠩᠨᠠᠬᠤ᠂ ᠬᠠᠤᠯᠢ ᠪᠤᠰᠤ ᠪᠠᠷ ᠬᠠᠭᠠᠯᠪᠤᠷᠢᠯᠠᠬᠤ ᠵᠢᠴᠢ ᠲᠦᠷᠢᠮ ᠲᠣᠭᠲᠠᠭᠠᠯ ᠠᠴᠠ ᠵᠥᠷᠢᠴᠡᠨ | ᠬᠡᠭᠡᠷ᠎ᠡ ᠭᠠᠳᠠᠨ᠎ᠠ ᠭᠠᠯ ᠭᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠶᠢᠨ ᠬᠠᠮᠲᠤ ᠲᠡᠷᠡ ᠳᠠᠷᠤᠢ | ᠳᠤᠨᠢ ᠳᠡᠭᠡᠭᠰᠢ ᠮᠡᠳᠡᠭᠦᠯᠵᠦ᠂ ᠤᠢ ᠰᠢᠭᠤᠢ ᠶᠢ ᠰᠠᠶᠢᠲᠤᠷ ᠰᠠᠬᠢᠵᠤ᠂ ᠠᠮᠢ ᠠᠬᠤᠢ ᠶᠢ ᠰᠠᠶᠢᠳᠤᠷ ᠬᠠᠮᠠᠭᠠᠯᠠᠬᠤ | ᠬᠡᠷᠡᠭᠲᠡᠢ ᠭᠡᠵᠦ ᠱᠠᠭᠠᠷᠳᠠᠪᠠ᠃ |