ᠡᠳ᠋ ᠤᠨ ᠵᠠᠰᠠᠭ ᠤᠨ ᠲᠤᠪᠴᠢᠶ᠎ᠠ
ᠨᠡᠶᠢᠲᠡᠯᠡᠭᠰᠡᠨ ᠴᠠᠭ᠄
2024/3/6
   1.  ᠤᠯᠤᠰ ᠤᠨ ᠡᠳ᠋ ᠤᠨ ᠵᠠᠰᠠᠭ᠂ ᠭᠠᠶᠢᠯᠢ ᠶᠢᠨ ᠴᠢᠭᠯᠡᠯᠳᠡ ᠲᠦᠷᠦ ᠶᠢᠨ ᠪᠤᠳᠤᠯᠭ᠎ᠠ   ᠶᠢ ᠲᠤᠤᠱᠯᠠᠭᠤᠯᠤᠨ ᠭᠡᠷᠡᠭᠵᠢᠬᠦᠯᠵᠦ᠂  ᠪᠦᠬᠦ ᠬᠤᠰᠢᠭᠤᠨ ᠤ ᠡᠳ᠋ ᠤᠨ ᠵᠠᠰᠠᠭ᠂ ᠭᠠᠶᠢᠯᠢ ᠶᠢᠨ ᠠᠵᠢᠯ ᠤᠨ ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠬᠡ᠂ ᠦᠬᠡᠷᠡᠴᠢᠯᠡᠯᠳᠡ ᠶᠢᠨ ᠠᠷᠭ᠎ᠠ ᠲᠦᠰᠦᠪ ᠵᠢᠴᠢ  ᠬᠤᠯᠪᠤᠭᠳᠠᠯ ᠪᠦᠬᠦᠢ ᠲᠦᠷᠦ  ᠶᠢᠨ ᠪᠤᠳᠤᠯᠭ᠎ᠠ ᠶᠢ ᠲᠤᠭᠳᠠᠭᠠᠨ᠂ ᠡᠯ᠎ᠡ ᠲᠦᠷᠦᠯ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠬᠤ ᠳᠤ  ᠤᠷᠤᠯᠴᠠᠨ᠎ᠠ᠃    2.  ᠡᠳ᠋ ᠤᠨ ᠵᠠᠰᠠᠭ ᠤᠨ ᠵᠢᠯ ᠤᠨ ᠲᠦᠰᠦᠪ ᠢ  ᠨᠠᠶᠢᠷᠠᠭᠤᠯᠤᠨ ᠲᠤᠭᠳᠠᠬᠤ ᠶᠢᠨ ᠬᠠᠮᠳᠤ ᠵᠤᠬᠢᠶᠠᠨ ᠪᠠᠶᠢᠭᠤᠯᠵᠤ  ᠭᠡᠷᠡᠭᠵᠢᠬᠦᠯᠦᠨ᠎ᠡ︔  ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠦᠯᠳᠡ  ᠬᠢᠨ᠎ᠡ︔ ᠪᠦᠬᠦ ᠬᠤᠰᠢᠭᠤᠨ ᠤ ᠡᠯ᠎ᠡ ᠲᠦᠷᠦᠯ ᠤᠨ ᠡᠳ᠋  ᠤᠨ ᠵᠠᠰᠠᠭ ᠤᠨ ᠤᠷᠤᠯᠭ᠎ᠠ᠂ ᠲᠦᠰᠦᠪ   ᠤᠨ ᠭᠠᠳᠠᠨᠠᠬᠢ ᠪᠡᠯᠡ  ᠮᠦᠩᠬᠦ ᠪᠠ  ᠡᠳ᠋ ᠤᠨ ᠵᠠᠰᠠᠭ ᠤᠨ ᠲᠤᠰᠬᠠᠢ ᠡᠷᠦᠬᠡ ᠶᠢ  ᠬᠠᠮᠢᠶᠠᠷᠤᠨ᠎ᠠ︔ ᠵᠠᠰᠠᠭ ᠤᠨ ᠴᠢᠨᠠᠷᠳᠠᠢ ᠰᠠᠭᠤᠷᠢ ᠮᠦᠩᠬᠦ᠂ ᠵᠠᠰᠠᠭ ᠵᠠᠬᠢᠷᠭᠠᠨ ᠤ ᠴᠢᠨᠠᠷᠳᠠᠢ  ᠬᠤᠷᠢᠶᠠᠭᠰᠠᠨ ᠰᠦᠢᠳᠭᠡᠯ᠂ ᠲᠤᠷᠭᠤᠵᠤ ᠬᠤᠷᠢᠶᠠᠮᠵᠢᠯᠠᠭᠰᠠᠨ ᠤᠷᠤᠯᠭ᠎ᠠ ᠶᠢ ᠬᠠᠮᠢᠶ᠋ᠷᠤᠨ᠎ᠠ︔ ᠪᠦᠬᠦ ᠬᠤᠰᠢᠭᠤᠨ ᠤ ᠡᠳ᠋ ᠤᠨ ᠵᠠᠰᠠᠭ ᠤᠨ ᠴᠢᠨᠠᠷᠳᠠᠢ ᠪᠡᠯᠡ  ᠮᠦᠩᠬᠦ ᠳᠤ ᠶᠡᠷᠦᠩᠬᠡᠢ ᠲᠡᠩᠴᠡᠬᠦᠯᠬᠡ ᠬᠢᠨ᠎ᠡ᠃    3. ᠪᠦᠬᠦ ᠬᠤᠰᠢᠭᠤᠨ ᠤ ᠡᠳ᠋ ᠤᠨ ᠵᠠᠰᠠᠭ ᠤᠨ ᠵᠠᠷᠤᠯᠭ᠎ᠠ ᠶᠢ  ᠬᠠᠮᠢᠶᠠᠷᠤᠨ᠎ᠠ︔  ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠲᠤᠭᠳᠠᠭᠠᠬᠤ ᠪᠠ ᠭᠡᠷᠡᠭᠵᠢᠬᠦᠯᠵᠦ᠂ ᠰᠤᠮᠤ ᠰᠢᠶᠠᠩ ᠱᠠᠳᠤᠨ ᠤ ᠡᠳ᠋ ᠤᠨ ᠵᠠᠰᠠᠭ ᠬᠢᠭᠡᠳ ᠡᠯ᠎ᠡ ᠰᠠᠯᠠᠭ᠎ᠠ ᠮᠦᠴᠢᠷ ᠤᠨ ᠲᠦᠰᠦᠪ ᠤᠨ ᠭᠡᠷᠡᠭᠵᠢᠬᠦᠯᠦᠯᠳᠡ ᠳᠤ ᠬᠢᠨᠠᠯᠳᠠ  ᠲᠠᠯᠪᠢᠨ᠎ᠠ  ᠃    4. ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠳ᠋ ᠬᠦᠷᠦᠩᠬᠡ ᠶᠢ ᠪᠠᠶᠢᠴᠠᠭᠠᠨ  ᠲᠠᠩᠰᠠᠯᠠᠨ᠎ᠠ︔  ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠪᠡᠯᠡ  ᠮᠦᠩᠬᠦᠨ ᠤ ᠬᠠᠮᠢᠶᠠᠷᠤᠯᠳᠠ ᠶᠢ ᠬᠠᠷᠢᠭᠤᠴᠠᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠪᠡᠯᠡ  ᠮᠦᠩᠬᠦᠨ ᠤ ᠬᠠᠮᠢᠶᠠᠷᠤᠯᠳᠠ ᠶᠢᠨ ᠠᠷᠭ᠎ᠠ ᠪᠠ  ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ᠎ᠠ  ︔ ᠪᠦᠬᠦ ᠬᠤᠰᠢᠭᠤᠨ ᠤ ᠡᠳ᠋ ᠤᠨ ᠵᠠᠰᠠᠭ ᠤᠨ  ᠨᠡᠶᠢᠬᠡᠮ ᠤᠨ ᠪᠠᠳᠤᠯᠠᠭᠠᠨ ᠤ  ᠵᠠᠷᠤᠯᠭ᠎ᠠ ᠶᠢ ᠬᠠᠮᠢᠶᠠᠷᠴᠤ᠂ ᠨᠡᠶᠢᠬᠡᠮ ᠤᠨ ᠪᠠᠳᠤᠯᠠᠭᠠᠨ ᠤ ᠮᠦᠩᠬᠦ ᠶᠢᠨ ᠡᠯ᠎ᠡ ᠲᠦᠷᠦᠯ ᠤᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ᠂  ᠡᠳ᠋ ᠤᠨ ᠵᠠᠰᠠᠭ ᠤᠨ ᠬᠢᠨᠠᠯᠳᠠ ᠲᠠᠯᠪᠢᠬᠤ ᠠᠵᠢᠯ ᠢ ᠬᠢᠨ᠎ᠡ᠃ ᠡᠳ᠋ ᠤᠨ ᠵᠠᠰᠠᠭ ᠠᠴᠠ ᠠᠵᠤ ᠠᠬᠤᠢ  ᠪᠠ  ᠨᠡᠶᠢᠬᠡᠮ ᠤᠨ ᠦᠢᠯᠡᠰ   ᠤᠨ ᠬᠦᠭᠵᠢᠯᠳᠡ ᠶᠢ ᠲᠡᠮᠵᠢᠬᠦ  ᠲᠤᠰᠬᠠᠢ ᠲᠦᠷᠦᠯ ᠤᠨ ᠪᠡᠯᠡ  ᠮᠦᠩᠬᠦ ᠶᠢ ᠬᠠᠮᠢᠶᠠᠷᠴᠤ᠂  ᠭᠠᠵᠠᠷ ᠤᠷᠤᠨ ᠤ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠡᠳ᠋ ᠤᠨ ᠶᠠᠪᠤᠳᠠᠯ ᠳᠤ ᠬᠢᠨᠠᠯᠳᠠ ᠲᠠᠯᠪᠢᠨ᠎ᠠ᠃    5. ᠲᠦᠰᠦᠪ ᠤᠨ ᠪᠡᠯᠡ  ᠮᠦᠩᠬᠦᠨ ᠤ ᠬᠠᠮᠢᠶᠠᠷᠤᠯᠳᠠ ᠶᠢᠨ  ᠠᠷᠭ᠎ᠠ ᠲᠦᠷᠢᠮ ᠢ  ᠭᠡᠷᠡᠭᠵᠢᠬᠦᠯᠬᠦ ᠶᠢᠨ ᠬᠠᠮᠳᠤ ᠂  ᠲᠦᠰᠦᠪ   ᠤᠨ ᠭᠠᠳᠠᠨᠠᠬᠢ ᠪᠡᠯᠡ ᠮᠦᠩᠬᠦ ᠳᠤ ᠬᠢᠨᠠᠯᠳᠠ ᠪᠠ ᠬᠠᠮᠢᠶᠠᠷᠤᠯᠳᠠ ᠶᠠᠪᠤᠭᠤᠯᠵᠤ᠂  ᠪᠦᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ ᠪᠠ ᠰᠦᠢᠳᠭᠡᠯ ᠬᠤᠷᠢᠶᠠᠬᠤ  ᠫᠢᠶᠤᠤ ᠪᠠᠷᠢᠮᠳᠠ ᠳᠤ ᠡᠳ᠋ ᠤᠨ ᠵᠠᠰᠠᠭ ᠤᠨ ᠬᠠᠮᠢᠶᠠᠷᠤᠯᠳᠠ ᠶᠠᠪᠤᠭᠤᠯᠤᠨ᠎ᠠ᠃    6 . ᠦᠷᠢ ᠦᠭᠴᠡᠭᠡᠨ ᠤ  ᠬᠠᠮᠢᠶᠠᠷᠤᠯᠳᠠ ᠶᠢᠨ  ᠲᠤᠬᠠᠢ ᠤᠯᠤᠰ ᠤᠷᠤᠨ ᠤ ᠴᠢᠭᠯᠡᠯᠳᠡ ᠲᠦᠷᠦ ᠶᠢᠨ ᠪᠤᠳᠤᠯᠭ᠎ᠠ  ᠬᠢᠭᠡᠳ ᠲᠦᠷᠢᠮ ᠲᠤᠭᠳᠠᠭᠠᠯ ᠢ ᠭᠡᠷᠡᠭᠵᠢᠬᠦᠯᠵᠦ᠂  ᠭᠠᠳᠠᠭᠠᠳᠤ ᠶᠢᠨ ᠵᠢᠬᠡᠯᠡᠯᠬᠡ᠂ ᠲᠡᠯᠡᠬᠡᠢ ᠶᠢᠨ ᠮᠦᠩᠬᠦᠨ ᠬᠦᠢᠯᠬᠡᠬᠡᠨ ᠤ ᠵᠤᠬᠢᠶᠠᠨ ᠪᠠᠶᠢᠭᠤᠯᠤᠯᠳᠠ ᠶᠢᠨ ᠵᠢᠬᠡᠯᠡᠯᠬᠡ ᠶᠢᠨ ᠶᠡᠷᠦᠩᠬᠡᠶᠢᠯᠡᠭᠰᠡᠨ ᠬᠠᠮᠢᠶᠠᠷᠤᠯᠳᠠ ᠶᠢ ᠬᠠᠷᠢᠭᠤᠴᠠᠨ᠎ᠠ᠃    7. ᠵᠠᠰᠠᠭ ᠤᠨ ᠤᠷᠳᠤᠨ ᠤ ᠬᠤᠳᠠᠯᠳᠤᠨ ᠠᠪᠬᠤ   ᠳᠤ ᠬᠢᠨᠠᠯᠳᠠ ᠲᠠᠯᠪᠢᠵᠤ᠂ ᠪᠦᠬᠦ ᠬᠤᠰᠢᠭᠤᠨ ᠤ ᠵᠠᠰᠠᠭ  ᠤᠨ ᠤᠷᠳᠤᠨ ᠤ ᠬᠤᠳᠠᠯᠳᠤᠨ ᠠᠪᠬᠤ ᠠᠵᠢᠯ ᠤᠨ ᠬᠠᠮᠢᠶᠠᠷᠤᠯᠳᠠ ᠶᠢᠨ ᠠᠷᠭ᠎ᠠ ᠪᠠ ᠭᠡᠷᠡᠭᠵᠢᠬᠦᠯᠬᠦ ᠠᠷᠭ᠎ᠠ ᠶᠢ ᠲᠤᠭᠳᠠᠭᠠᠨ᠂  ᠵᠠᠰᠠᠭ ᠤᠨ ᠤᠷᠳᠤᠨ ᠤ ᠬᠤᠳᠠᠯᠳᠤᠨ ᠠᠪᠬᠤ  ᠠᠵᠢᠯᠯᠠᠭ᠎ᠠ ᠶᠢ ᠲᠦᠷᠢᠮᠵᠢᠬᠦᠯᠵᠦ᠂  ᠬᠤᠳᠠᠯᠳᠤᠨ ᠠᠪᠬᠤ ᠬᠦᠷᠢᠶ᠎ᠡ ᠬᠡᠪᠴᠢᠶ᠎ᠡ ᠶᠢ  ᠦᠷᠭᠡᠳᠭᠡᠨ᠂ ᠠᠵᠤ ᠠᠬᠤᠢ ᠶᠢᠨ ᠦᠷ᠎ᠡ ᠠᠰᠢᠭ ᠪᠠ ᠨᠡᠶᠢᠬᠡᠮ ᠤᠨ ᠦᠷ᠎ᠡ ᠠᠰᠢᠭ  ᠢ ᠨᠡᠮᠡᠭᠳᠡᠬᠦᠯᠦᠨ᠎ᠡ᠃    8. ᠪᠦᠬᠦ ᠬᠤᠰᠢᠭᠤᠨ ᠤ ᠨᠢᠬᠳᠠᠯᠠᠨ ᠪᠤᠳᠤᠬᠤ ᠠᠵᠢᠯ ᠢ ᠬᠠᠮᠢᠶᠠᠷᠬᠤ ᠪᠠ ᠵᠢᠯᠤᠭᠤᠳᠴᠤ᠂  ᠨᠢᠬᠳᠠᠯᠠᠨ ᠪᠤᠳᠤᠬᠤ ᠬᠠᠤᠯᠢ ᠲᠦᠷᠢᠮ ᠢ ᠲᠤᠤᠱᠯᠠᠭᠤᠯᠤᠨ ᠭᠡᠷᠡᠭᠵᠢᠬᠦᠯᠵᠦ᠂   ᠨᠢᠬᠳᠠᠯᠠᠨ ᠪᠤᠳᠤᠬᠤ ᠠᠵᠢᠯᠳᠠᠨ ᠤ ᠬᠠᠤᠯᠢ ᠶᠤᠰᠤᠭᠠᠷ ᠡᠬᠦᠷᠭᠡ ᠲᠤᠰᠢᠶᠠᠯ ᠢᠶᠠᠨ ᠭᠡᠷᠡᠭᠵᠢᠬᠦᠯᠬᠦ ᠶᠢ  ᠪᠠᠳᠤᠯᠠᠨ᠎ᠠ  ︔  ᠨᠢᠬᠳᠠᠯᠠᠨ  ᠪᠤᠳᠤᠭᠴᠢ ᠶᠢᠨ ᠪᠤᠯᠪᠠᠰᠤᠷᠠᠯ  ᠢ ᠵᠤᠬᠢᠶᠠᠨ ᠪᠠᠶᠢᠭᠤᠯᠵᠤ᠂  ᠲᠤᠰᠬᠠᠢ ᠮᠡᠷᠭᠡᠵᠢᠯ ᠤᠨ  ᠬᠢᠷᠢ ᠬᠡᠮ ᠤᠨ ᠰᠢᠯᠭᠠᠯᠳᠠ ᠪᠠ ᠴᠤᠯᠠ  ᠲᠤᠭᠳᠠᠭᠠᠬᠤ ᠠᠵᠢᠯ ᠢ ᠬᠢᠨ᠎ᠡ᠃   9. ᠲᠡᠭᠡᠳᠦ ᠱᠠᠳᠤᠨ ᠤ ᠡᠳ᠋ ᠤᠨ ᠵᠠᠰᠠᠭ ᠤᠨ ᠰᠢᠨᠵᠢᠯᠡᠭᠡ ᠰᠤᠳᠤᠯᠭᠠᠨ ᠤ ᠲᠦᠯᠦᠪᠯᠡᠭᠡ ᠪᠠ ᠰᠤᠷᠭᠠᠨ ᠬᠦᠮᠦᠵᠢᠯ ᠤᠨ ᠲᠦᠯᠦᠪᠵᠢᠬᠦᠯᠬᠡ ᠶᠢ ᠭᠡᠷᠡᠭᠵᠢᠬᠦᠯᠵᠦ᠂  ᠡᠳ᠋ ᠤᠨ ᠵᠠᠰᠠᠭ ᠤᠨ ᠤᠨᠤᠯ ᠤᠨ ᠰᠤᠳᠤᠯᠭ᠎ᠠ ᠪᠠ ᠡᠳ᠋  ᠤᠨ ᠵᠠᠰᠠᠭ ᠤᠨ ᠦᠬᠡᠷᠡᠴᠢᠯᠡᠯᠳᠡ ᠶᠢᠨ  ᠰᠤᠳᠤᠯᠭ᠎ᠠ ᠬᠢᠵᠦ᠂  ᠡᠳ᠋ ᠤᠨ ᠵᠠᠰᠠᠭ ᠤᠨ ᠡᠷᠬᠢᠯᠳᠦᠯ ᠤᠨ ᠪᠠᠶᠢᠳᠠᠯ ᠢ ᠲᠦᠰᠦᠪᠯᠡᠨ ᠵᠠᠳᠠᠯᠵᠤ᠂  ᠬᠤᠷᠸ᠎ᠠ ᠲᠤᠬᠢᠷᠠᠭᠤᠯᠭ᠎ᠠ ᠶᠢᠨ ᠰᠠᠨᠠᠭᠤᠯᠭ᠎ᠠ ᠶᠢ ᠲᠤᠷᠠᠳᠤᠨ᠎ᠠ︔ ᠪᠦᠬᠦ ᠬᠤᠰᠢᠭᠤᠨ ᠤ ᠡᠳ᠋ ᠤᠨ ᠵᠠᠰᠠᠭ ᠤᠨ ᠤᠬᠠᠭᠤᠯᠭ᠎ᠠ ᠬᠢᠬᠦ ᠪᠠ ᠡᠳ᠋ ᠤᠨ ᠵᠠᠰᠠᠭ ᠤᠨ ᠮᠡᠳᠡᠭᠡ ᠵᠠᠩᠬᠢ ᠲᠠᠮᠵᠢᠭᠤᠯᠬᠤ ᠠᠵᠢᠯ ᠢ ᠬᠠᠷᠢᠭᠤᠴᠠᠨ᠎ᠠ᠃  10. ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠡᠯ᠎ᠡ ᠲᠦᠷᠦᠯ ᠤᠨ ᠴᠢᠭᠯᠡᠯᠳᠡ ᠲᠦᠷᠦ ᠶᠢᠨ ᠪᠤᠳᠤᠯᠭ᠎ᠠ  ᠂ ᠬᠠᠤᠯᠢ ᠲᠦᠷᠢᠮ ᠢ ᠭᠡᠷᠡᠭᠵᠢᠬᠦᠯᠦᠭᠰᠡᠨ ᠪᠠᠶᠢᠳᠠᠯ ᠳᠤ ᠬᠢᠨᠠᠯᠳᠠ ᠲᠠᠯᠪᠢᠵᠤ᠂  ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ   ᠶᠢᠨ ᠬᠠᠮᠢᠶᠠᠷᠤᠯᠳᠠ ᠶᠢᠨ ᠲᠤᠮᠳᠠᠬᠢ ᠴᠢᠬᠤᠯᠠ  ᠶᠡᠭᠡ ᠠᠰᠠᠭᠤᠳᠠᠯ ᠢ ᠪᠠᠶᠢᠴᠠᠭᠠᠨ ᠲᠤᠰᠬᠠᠵᠤ᠂  ᠡᠳ᠋  ᠤᠨ ᠵᠠᠰᠠᠭ ᠤᠨ ᠬᠠᠮᠢᠶᠠᠷᠤᠯᠳᠠ ᠶᠢ ᠴᠢᠩᠭᠠᠳᠬᠠᠬᠤ  ᠰᠢᠢᠳᠪᠦᠷᠢᠳᠦ ᠰᠠᠨᠠᠭᠤᠯᠭ᠎ᠠ ᠶᠢ ᠲᠤᠷᠠᠳᠤᠨ᠎ᠠ᠃   11. ᠲᠡᠭᠡᠳᠦ ᠱᠠᠳᠤᠨ ᠤ ᠡᠳ᠋ ᠤᠨ ᠵᠠᠰᠠᠭ ᠬᠢᠭᠡᠳ ᠬᠤᠰᠢᠭᠤ ᠨᠠᠮ ᠵᠠᠰᠠᠭ ᠤᠨ ᠲᠤᠰᠢᠶᠠᠭᠰᠠᠨ ᠪᠤᠰᠤᠳ ᠠᠵᠢᠯ ᠡᠬᠦᠷᠭᠡ ᠶᠢ ᠬᠦᠢᠴᠡᠳᠭᠡᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号