ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠠ
ᠨᠡᠶᠢᠲᠡᠯᠡᠭᠰᠡᠨ ᠴᠠᠭ᠄
2024/3/6
    ᠤᠯᠤᠰ᠂ ᠤᠷᠤᠨ᠂ ᠠᠶᠢᠮᠠᠭ ᠤᠨ  ᠤᠢ ᠰᠢᠭᠤᠢ ᠶᠢᠨ ᠬᠠᠮᠢᠶᠠᠳᠠᠢ ᠴᠢᠭᠯᠡᠯᠳᠡ᠂ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠢ ᠲᠤᠤᠱᠯᠠᠭᠤᠯᠤᠨ ᠭᠡᠷᠡᠭᠵᠢᠬᠦᠯᠵᠦ᠂   ᠬᠤᠰᠢᠭᠤ ᠨᠠᠮ ᠵᠠᠰᠠᠭ ᠤᠨ ᠤᠢ ᠰᠢᠭᠤᠢ ᠶᠢᠨ ᠬᠠᠮᠢᠶᠠᠳᠠᠢ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠢᠯ ᠢ ᠨᠠᠶᠢᠳᠠᠪᠤᠷᠢᠵᠢᠭᠤᠯᠤᠨ᠂  ︽ᠪᠢᠳᠡᠬᠦᠮᠵᠢᠯᠡᠬᠦ ᠰᠢᠯᠵᠢᠬᠦᠯᠬᠦ︾ ᠪᠠᠶᠢᠯᠳᠤᠬᠤ ᠪᠤᠳᠤᠯᠭ᠎ᠠ᠂  ᠪᠦᠷᠢᠯᠳᠦᠴᠡ ᠶᠢᠨ ᠲᠤᠬᠢᠷᠠᠭᠤᠯᠤᠯᠳᠠ᠂  ᠬᠤᠳᠠ ᠪᠠᠯᠭᠠᠰᠤᠵᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯᠠᠪᠠᠷ ᠭᠡᠷᠡᠭᠵᠢᠬᠦᠯᠵᠦ᠂ ᠦᠬᠡᠷᠡᠴᠢᠯᠡᠯᠳᠡ ᠨᠡᠭᠡᠭᠡᠯᠳᠡ᠂ ᠰᠢᠨᠵᠢᠯᠡᠭᠡ ᠮᠡᠷᠭᠡᠵᠢᠯ  ᠤᠨ ᠲᠠᠪᠰᠢᠯᠳᠠ ᠪᠠᠷ ᠭ᠊ ᠬᠦᠳᠡᠯᠭᠡᠭᠴᠢ ᠬᠦᠴᠦᠨ ᠪᠤᠯᠭᠠᠨ᠂  ᠪᠦᠬᠦ ᠠᠷᠠᠳ ᠤᠨ ᠭᠡᠪ ᠴᠢᠨᠠᠷ ᠤᠨ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠤᠢ ᠰᠢᠭᠤᠢ ᠶᠢᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠪᠠ ᠬᠦᠭᠵᠢᠯᠳᠡ ᠶᠢᠨ ᠲᠦᠯᠦᠪᠵᠢᠬᠦᠯᠬᠡ ᠵᠢᠴᠢ ᠵᠢᠯ ᠤᠨ ᠠᠵᠢᠯ ᠤᠨ ᠲᠦᠯᠦᠪᠯᠡᠭᠡ   ᠶᠢ ᠲᠤᠭᠳᠠᠭᠠᠵᠤ᠂  ᠤᠯᠤᠰ  ᠤᠨ ᠦᠮᠴᠢᠯᠡᠯᠳᠦ ᠤᠢ ᠰᠢᠭᠤᠢ ᠶᠢᠨ ᠡᠬᠢ ᠪᠠᠶᠠᠯᠢᠭ ᠢ ᠬᠢᠨᠠᠨ ᠬᠠᠮᠢᠶᠠᠷᠴᠤ᠂ ᠪᠦᠬᠦ ᠬᠤᠰᠢᠭᠤᠨ ᠤ ᠤᠢ ᠰᠢᠭᠤᠢ  ᠶᠢᠨ ᠡᠬᠢ ᠪᠠᠶᠠᠯᠢᠭ   ᠢ ᠰᠢᠨᠵᠢᠯᠡᠬᠦ  ᠤᠬᠠᠭᠠᠨᠴᠢ ᠵᠦᠢ ᠵᠤᠬᠢᠰᠳᠠᠢ ᠪᠠᠷ  ᠠᠰᠢᠭᠯᠠᠬᠤ ᠪᠠ ᠬᠠᠮᠠᠭᠠᠯᠠᠨ᠎ᠠ᠃  ᠮᠤᠳᠤ ᠲᠠᠷᠢᠵᠤ  ᠤᠶᠢᠵᠢᠭᠤᠯᠯᠬᠤ᠂ ᠡᠯᠡᠰᠦ ᠶᠢ ᠰᠡᠷᠭᠡᠶᠢᠯᠡᠨ ᠵᠠᠰᠠᠬᠤ ᠵᠡᠷᠭᠡ ᠡᠯ᠎ᠡ ᠲᠦᠷᠦᠯ ᠤᠨ ᠤᠢ ᠰᠢᠭᠤᠢ ᠶᠢᠨ ᠢᠨᠵᠧᠨᠧᠷᠢᠩ   ᠤᠨ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠰᠠᠶᠢᠨ ᠬᠢᠨ᠎ᠡ᠃ ᠪᠦᠬᠦ ᠬᠤᠰᠢᠭᠤᠨ ᠤ ᠤᠢ ᠰᠢᠭᠤᠢ ᠶᠢᠨ ᠡᠬᠢ ᠪᠠᠶᠠᠯᠢᠭ ᠵᠢᠴᠢ ᠭᠡᠭᠡᠷ᠎ᠡ ᠶᠢᠨ ᠠᠮᠢᠳᠠᠨ  ᠤᠷᠭᠤᠮᠠᠯ   ᠤᠨ ᠬᠠᠮᠠᠭᠠᠯᠠᠯᠳᠠ ᠶᠢ ᠬᠢᠵᠦ᠂ ᠴᠢᠬᠢ ᠮᠤᠳᠤ ᠲᠠᠷᠢᠬᠤ᠂   ᠤᠢ ᠮᠤᠳᠤᠨ ᠤ ᠬᠤᠷᠤᠬᠠᠢ  ᠪᠤᠶᠤ ᠬᠤᠯᠤᠭᠠᠨ᠎ᠠ   ᠶᠢ ᠰᠡᠷᠭᠡᠶᠢᠯᠡᠬᠦ᠂ ᠭᠠᠯ  ᠲᠦᠢᠮᠡᠷ ᠰᠡᠷᠭᠡᠶᠢᠯᠡᠬᠦ ᠵᠡᠷᠭᠡ ᠠᠵᠢᠯ ᠢ ᠵᠤᠬᠢᠶᠠᠨ ᠪᠠᠶᠢᠭᠤᠯᠵᠤ ᠵᠢᠯᠤᠭᠤᠳᠤᠨ᠂  ᠬᠢᠨᠠᠯᠳᠠ ᠲᠠᠯᠪᠢᠵᠤ ᠪᠠᠶᠢᠴᠠᠭᠠᠨ᠎ᠠ᠃ ᠪᠦᠬᠦ ᠬᠤᠰᠢᠭᠤᠨ ᠤ ᠤᠢ ᠰᠭᠤᠢ ᠶᠢᠨ ᠠᠮᠤᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠤᠢ ᠰᠢᠭᠤᠢ ᠶᠢᠨ ᠡᠬᠢ ᠪᠠᠶᠠᠯᠢᠭ  ᠪᠠ ᠭᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠭᠡᠷᠡᠭ ᠢ ᠬᠢᠨᠠᠨ ᠪᠠᠶᠢᠴᠠᠭᠠᠵᠤ ᠵᠠᠯᠬᠠᠭᠠᠨ ᠰᠢᠢᠳᠪᠦᠷᠢᠯᠡᠨ᠎ᠡ  ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号