ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠳᠣᠪᠴᠢᠶ᠎ᠠ
ᠨᠡᠶᠢᠲᠡᠯᠡᠭᠰᠡᠨ ᠴᠠᠭ᠄
2024/3/6
  ︵1︶ ᠵᠠᠬ᠎ᠠ ᠲᠡᠯᠭᠡᠭᠦᠷ ᠤᠨ ᠶᠡᠷᠤᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢ  ᠬᠠᠷᠢᠭᠤᠴᠠᠵᠤ᠂ ᠤᠯᠤᠰ ᠤᠷᠤᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠬᠠᠢ ᠲᠦᠷᠤ ᠶᠢᠨ ᠪᠤᠳᠤᠯᠭ᠎ᠠ ᠬᠠᠤᠯᠢ ᠲᠦᠷᠢᠮ ᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠪᠤᠳᠠᠳᠠᠢ ᠠᠷᠭ᠎ᠠ ᠬᠡᠮᠵᠢᠶ᠎ᠡ ᠲᠤᠭᠳᠠᠭᠠᠨ ᠵᠤᠬᠢᠶᠠᠨ ᠪᠠᠶᠢᠭᠤᠯᠵᠤ ᠬᠡᠷᠡᠭᠵᠢᠭᠦᠯᠤᠨ᠎ᠠ᠃  ︵2︶ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠨᠢᠭᠡᠳᠤᠯᠳᠠᠢ ᠲᠠᠩᠰᠠᠯᠠᠨ ᠲᠡᠮᠳᠡᠭᠯᠡᠬᠦ ᠠᠵᠢᠯ ᠢ   ᠬᠠᠷᠢᠭᠤᠴᠠᠵᠤ᠂   ᠮᠡᠳᠡᠭᠡ ᠵᠠᠩᠭᠢ ᠶᠢᠨ ᠨᠡᠶᠢᠳᠡᠯᠡᠯ ᠢ ᠬᠠᠮᠳᠤ ᠪᠠᠷ ᠡᠳ᠋ᠯᠡᠬᠦ ᠲᠤᠭᠳᠠᠯᠴᠠᠭ᠎ᠠ ᠶᠢ ᠪᠠᠶᠢᠭᠤᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠤᠰᠤᠭᠠᠷ ᠨᠡᠶᠢᠳᠡᠯᠡᠵᠤ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠤᠨ᠎ᠠ᠃ ︵3︶ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠤᠯᠳᠠ ᠶᠢ ᠬᠠᠷᠢᠭᠤᠴᠠᠵᠤ᠂  ᠬᠠᠤᠯᠢ  ᠭᠡᠷᠡᠭᠵᠢᠬᠦᠯᠬᠦ ᠡᠩᠨᠡᠭᠡ ᠶᠢ ᠰᠢᠯᠢᠳᠡᠭᠵᠢᠭᠦᠯᠤᠨ  ᠂ ᠨᠢᠭᠡᠳᠤᠯᠳᠠᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢ ᠭᠡᠷᠡᠭᠵᠢᠬᠦᠯᠵᠦ  ᠂  ᠬᠠᠤᠯᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠰᠢᠢᠳᠭᠡᠨ᠂  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠤᠯᠳᠠ ᠶᠢ ᠲᠦᠷᠢᠮᠵᠢᠭᠦᠯᠦᠨ᠎ᠠ᠃ ︵4︶  ᠵᠠᠬ᠎ᠠ ᠲᠡᠯᠭᠡᠭᠦᠷ ᠤᠨ ᠡᠮᠬᠢ ᠲᠢᠭᠯᠢᠮ ᠢ  ᠬᠢᠨᠠᠨ ᠬᠠᠮᠢᠶᠠᠷᠴᠤ᠂  ᠵᠠᠬ᠎ᠠ ᠲᠡᠯᠭᠡᠭᠦᠷ ᠤᠨ ᠡᠮᠬᠢ ᠲᠢᠭᠯᠢᠮ ᠢ ᠲᠦᠷᠢᠮᠵᠢᠭᠦᠯᠤᠨ  ᠂  ᠵᠠᠬ᠎ᠠ ᠲᠡᠯᠬᠡᠬᠦᠷ ᠤᠨ ᠠᠷᠠᠯᠵᠢᠶ᠎ᠠ  ᠂ ᠰᠦᠯᠵᠢᠶᠡᠨ ᠤ ᠠᠷᠠᠯᠵᠢᠶ᠎ᠠ  ᠵᠡᠷᠭᠡ ᠳᠤ  ᠬᠠᠤᠯᠢ ᠶᠤᠰᠤᠭᠠᠷ ᠬᠢᠨᠠᠯᠳᠠ ᠲᠠᠯᠪᠢᠵᠤ᠂  ᠬᠠᠤᠯᠢ ᠪᠤᠰᠤ ᠠᠵᠢᠯᠯᠠᠭ᠎ᠠ᠂ ᠰᠢᠳᠤᠷᠭᠤ ᠪᠤᠰᠤ ᠦᠷᠢᠰᠤᠯᠳᠤᠭᠡᠨ   ᠢ  ᠪᠠᠶᠢᠴᠠᠭᠠᠨ ᠰᠢᠢᠳᠭᠡᠨ᠎ᠡ᠃  ︵5︶ ᠶᠠᠰᠤ ᠴᠢᠨᠠᠷ ᠤᠨ ᠲᠦᠷᠢᠮ ᠲᠤᠭᠳᠠᠭᠠᠯ ᠢ ᠭᠡᠷᠡᠭᠵᠢᠬᠦᠯᠵᠦ᠂ ᠨᠡᠷᠡᠳᠤ  ᠪᠦᠳᠦᠭᠡᠭᠳᠡᠬᠦᠨ ᠤ ᠬᠦᠭᠵᠢᠯᠳᠡ ᠶᠢᠨ ᠲᠦᠯᠦᠪᠵᠢᠭᠦᠯᠭᠡ ᠶᠢ  ᠠᠬᠢᠭᠤᠯᠤᠨ ᠂ ᠶᠠᠰᠤ ᠴᠢᠨᠠᠷ ᠤᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠪᠠ ᠭᠡᠷᠡᠭᠯᠡᠭᠡ ᠶᠢ ᠨᠢᠭᠡᠳᠤᠯᠳᠠᠢ ᠲᠦᠯᠦᠪᠯᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠠᠢ ᠬᠠᠮᠳᠤᠷᠠᠨ  ᠶᠠᠰᠤ ᠴᠢᠨᠠᠷ ᠲᠤ ᠬᠢᠨᠠᠯᠳᠠ ᠲᠠᠯᠪᠢᠬᠤ ᠲᠦᠷᠢᠮ ᠢ ᠬᠡᠷᠡᠭᠵᠢᠭᠦᠯᠵᠤ᠂  ᠬᠠᠭᠤᠷᠮᠠᠭ ᠤᠶᠢᠯᠡᠳᠭᠦᠨ ᠤ ᠰᠡᠷᠭᠡᠶᠢᠯᠡᠯᠳᠡ ᠶᠢᠨ ᠠᠵᠢᠯ ᠢ ᠬᠢᠨ᠎ᠡ᠃ ︵6︶   ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠬᠢᠨᠠᠨ ᠬᠠᠮᠢᠶᠠᠷᠴᠤ᠂ ᠶᠠᠰᠤ ᠴᠢᠨᠠᠷ ᠤᠨ ᠲᠦᠭᠰᠢᠭᠦᠷᠢ ᠶᠢ ᠬᠢᠨᠠᠨ ᠡᠵᠡᠮᠳᠡᠵᠦ᠂  ᠶᠠᠰᠤ ᠴᠢᠨᠠᠷ ᠤᠨ ᠲᠡᠰ ᠬᠤᠪᠢᠶᠠᠬᠤ ᠲᠦᠷᠢᠮ᠂ ᠮᠦᠷᠳᠡᠨ ᠨᠠᠬᠡᠮᠵᠢᠯᠡᠬᠦ ᠲᠦᠷᠢᠮ ᠢ  ᠭᠡᠷᠡᠭᠵᠢᠬᠦᠯᠦᠨ᠎ᠡ᠃  ︵7︶ ᠤᠨᠴᠠᠭᠠᠢ ᠲᠦᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ  ᠬᠠᠷᠢᠭᠤᠴᠠᠵᠤ᠂  ᠡᠨᠧᠷᠬᠢ ᠶᠢᠨ ᠬᠤᠷᠤᠭᠳᠠᠯ ᠶᠡᠬᠡᠳᠠᠢ ᠤᠨᠴᠠᠭᠠᠢ ᠲᠦᠬᠦᠭᠡᠷᠦᠮᠵᠢ ᠶᠢᠨ ᠡᠨᠧᠷᠬᠢ ᠠᠷᠪᠢᠯᠠᠬᠤ ᠪᠠᠷᠢᠮᠵᠢᠶ᠎ᠠ  ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠠᠨ ᠪᠠᠶᠢᠳᠠᠯ ᠳᠤ ᠬᠢᠨᠠᠯᠳᠠ ᠲᠠᠯᠪᠢᠨ᠎ᠠ᠃ ︵8︶  ᠢᠳᠡᠭᠡᠨ ᠤᠮᠳᠠᠭᠠᠨ ᠤ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠳᠠ ᠶᠢ ᠲᠤᠭᠳᠠᠭᠠᠨ  ᠭᠡᠷᠡᠭᠵᠢᠬᠦᠯᠵᠦ᠂ ᠭᠡᠨᠡᠳᠳᠡ ᠶᠢᠨ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠳᠠ ᠶᠢ  ᠬᠠᠷᠢᠭᠤᠴᠠᠨ᠂  ᠬᠦᠨᠳᠤ ᠶᠡᠭᠡ ᠠᠳᠡᠯ ᠢ ᠰᠢᠢᠳᠪᠤᠷᠢᠯᠡᠨ ᠠᠷᠭᠠᠴᠠᠬᠤ ᠪᠠ ᠪᠠᠶᠢᠴᠠᠭᠠᠨ ᠲᠤᠳᠤᠯᠬᠤ ᠠᠵᠢᠯ ᠢ ᠵᠢᠯᠤᠭᠤᠳᠤᠨ ᠦᠷᠨᠢᠬᠦᠯᠦᠨ᠎ᠡ᠃   ︵9︶ ᠢᠳᠡᠭᠡᠨ ᠤᠮᠳᠠᠭᠠᠨ ᠤ ᠠᠮᠤᠷ ᠲᠦᠪᠰᠢᠨ ᠢ ᠬᠢᠨᠠᠨ ᠬᠠᠮᠢᠶᠠᠷᠴᠤ᠂  ᠦᠢᠯᠡᠳᠪᠦᠷᠢᠯᠡᠯ᠂  ᠬᠦᠢᠯᠭᠡᠭᠡ᠂ ᠬᠡᠷᠡᠭᠯᠡᠭᠡ ᠶᠢᠨ ᠪᠦᠬᠦ ᠶᠠᠪᠤᠴᠠ ᠶᠢ ᠬᠠᠮᠤᠷᠤᠭᠰᠠᠨ ᠬᠢᠨᠠᠨ ᠪᠠᠶᠢᠴᠠᠭᠠᠬᠤ ᠲᠦᠷᠢᠮ ᠲᠤᠭᠲᠠᠭᠠᠯ ᠢ ᠭᠡᠷᠡᠭᠵᠢᠬᠦᠯᠦᠨ᠂ ᠤᠷᠤᠨ ᠪᠦᠰᠡ ᠶᠢᠨ ᠴᠢᠨᠠᠷᠲᠠᠢ ᠪᠠ ᠰᠢᠰᠲ᠋ᠧᠮ ᠤᠨ ᠴᠢᠨᠠᠷᠲᠠᠢ ᠢᠳᠡᠭᠡᠨ ᠤᠮᠳᠠᠭᠠᠨ ᠤ ᠠᠮᠤᠷ ᠲᠦᠪᠰᠢᠨ ᠤ ᠬᠡᠷᠡᠭ ᠡᠭᠦᠰᠬᠦ ᠶᠢ  ᠰᠡᠷᠭᠡᠶᠢᠯᠡᠨ᠎ᠡ᠃ ︵10︶  ᠲᠤᠰ ᠬᠤᠰᠢᠭᠤᠨ  ᠤ ᠪᠠᠨ ᠤᠷᠤᠨ ᠨᠤᠳᠤᠭ ᠤᠨ ᠪᠠᠷᠢᠮᠵᠢᠶᠠᠨ ᠤ ᠰᠡᠳᠤᠪ ᠲᠤᠭᠲᠠᠭᠠᠬᠤ᠂ ᠨᠤᠮᠧᠷᠯᠠᠬᠤ᠂ ᠨᠡᠶᠢᠳᠡᠯᠡᠬᠦ ᠠᠵᠢᠯ ᠢ ᠬᠠᠷᠢᠭᠤᠴᠠᠵᠤ᠂ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠤᠷᠤᠨ ᠨᠤᠳᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠠᠵᠢᠯ ᠢ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃  ︵11︶  ᠰᠢᠯᠭᠠᠨ ᠪᠠᠶᠢᠴᠠᠭᠠᠵᠤ ᠰᠢᠯᠭᠠᠨ  ᠬᠡᠮᠵᠢᠬᠦ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠠᠬᠢᠭᠤᠯᠵᠤ᠂ ᠰᠢᠯᠭᠠᠨ  ᠪᠠᠶᠢᠴᠠᠭᠠᠵᠤ ᠰᠢᠯᠭᠠᠨ ᠬᠡᠮᠵᠢᠬᠦ ᠵᠠᠬ᠎ᠠ ᠲᠡᠯᠭᠡᠭᠦᠷ ᠢ ᠲᠦᠷᠢᠮᠵᠢᠬᠦᠯᠦᠨ᠂  ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠰᠢᠰᠲ᠋ᠧᠮᠵᠢ ᠢ ᠲᠡᠭᠦᠯᠳᠡᠷᠵᠢᠭᠦᠯᠵᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ ᠲᠦᠷᠦᠯ ᠤᠨ ᠬᠦᠭᠵᠢᠯᠳᠡ ᠶᠢ ᠵᠤᠬᠢᠴᠠᠭᠤᠯᠵᠤ ᠵᠢᠯᠤᠭᠤᠳᠤᠨ᠎ᠠ᠃ ︵12︶  ᠮᠡᠳᠡᠯᠭᠡ ᠶᠢᠨ ᠦᠮᠴᠢ ᠶᠢᠨ ᠡᠷᠬᠡ ᠶᠢᠨ ᠭᠡᠷᠡᠭᠯᠡᠯᠳᠡ᠂ ᠬᠠᠮᠠᠭᠠᠯᠠᠯᠳᠠ᠂  ᠬᠠᠮᠢᠶᠠᠷᠤᠯᠳᠠ ᠪᠠ ᠤᠶᠢᠯᠡᠴᠢᠯᠭᠡᠨ ᠤ ᠠᠵᠢᠯ ᠢ ᠬᠠᠷᠢᠭᠤᠴᠠᠵᠤ᠂ ᠲᠠᠸᠠᠷ ᠤᠨ ᠲᠡᠮᠳᠡᠭ᠂ ᠲᠤᠰᠬᠠᠢ ᠠᠰᠢᠭ᠂ ᠭᠠᠵᠠᠷ ᠵᠦᠢ ᠶᠢᠨ ᠲᠡᠮᠳᠡᠭ ᠵᠡᠷᠭᠡ ᠮᠡᠳᠡᠯᠭᠡ ᠶᠢᠨ ᠦᠮᠴᠢ ᠶᠢᠨ ᠡᠷᠬᠡ ᠶᠢᠨ ᠪᠤᠳᠠᠳᠠᠢ ᠠᠷᠭ᠎ᠠ ᠬᠡᠮᠵᠢᠶ᠎ᠡ ᠶᠢ ᠲᠤᠭᠳᠠᠭᠠᠨ᠎ᠠ᠃ ︵13︶  ᠡᠮ ᠲᠠᠩ᠂ ᠡᠮᠨᠡᠯᠭᠡ ᠶᠢᠨ ᠬᠡᠷᠡᠭᠰᠡᠯ ᠪᠠ ᠭᠤᠶᠤᠯᠠᠯ ᠤᠨ ᠡᠳ᠋ ᠶᠢᠨ ᠠᠮᠤᠷ ᠲᠦᠪᠰᠢᠨ ᠢ ᠬᠢᠨᠠᠨ  ᠬᠠᠮᠢᠶᠠᠷᠴᠤ᠂  ᠡᠮ ᠲᠠᠩ  ᠂ ᠡᠮᠨᠡᠯᠭᠡ ᠶᠢᠨ ᠬᠡᠷᠡᠭᠰᠡᠯ ᠤᠨ ᠡᠵᠩᠨᠡᠯᠳᠡ ᠳᠤ ᠪᠠᠶᠢᠴᠠᠭᠠᠯᠳᠠ ᠬᠢᠬᠦ ᠪᠠ ᠰᠢᠢᠳᠭᠡᠨ ᠲᠤᠷᠭᠠᠬᠤ ᠶᠢ ᠲᠤᠭᠲᠠᠭᠰᠠᠨ ᠡᠷᠬᠡ ᠮᠡᠳᠡᠯ ᠤᠨ  ᠢᠶᠠᠨ ᠬᠦᠷᠢᠶ᠎ᠡ ᠬᠡᠪᠴᠢᠶᠡᠨ ᠳᠤ ᠬᠦᠢᠴᠡᠳᠭᠡᠨ᠂ ᠲᠡᠰ ᠬᠤᠪᠢᠶᠠᠨ ᠬᠠᠮᠢᠶᠠᠷᠬᠤ ᠲᠦᠷᠢᠮ ᠢ ᠬᠢᠨᠠᠨ ᠬᠡᠷᠡᠭᠵᠢᠭᠦᠯᠤᠨ᠎ᠠ᠃  ︵14︶ ᠡᠮ ᠤᠨ ᠰᠤᠳᠤᠯᠤᠯ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠤᠯᠠ ᠲᠤᠭᠲᠠᠭᠠᠬᠤ ᠠᠵᠢᠯ ᠢ ᠡᠷᠬᠡ ᠮᠡᠳᠡᠯ ᠤᠨ ᠬᠡᠪᠴᠢᠶᠡᠨ ᠲᠤᠲᠤᠷ᠎ᠠ ᠪᠠᠨ ᠬᠢᠨ᠎ᠡ᠃ ︵15︶ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠢᠨᠵᠢᠯᠡᠭᠡ ᠮᠡᠷᠭᠡᠵᠢᠯ ᠪᠠ ᠮᠡᠳᠡᠭᠡ ᠵᠠᠩᠬᠢ ᠶᠢᠨ ᠪᠠᠶᠢᠭᠤᠯᠤᠯᠳᠠ᠂  ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ︵16︶ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠲᠤᠰᠢᠶᠠᠭᠰᠠᠨ ᠪᠤᠰᠤᠳ ᠠᠵᠢᠯ ᠡᠭᠦᠷᠭᠡ  ᠶᠢ ᠪᠡᠶᠡᠯᠡᠭᠦᠯᠦᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号