ᠯᠧᠢ ᠹᠧᠩ ᠠᠴᠠ ᠰᠤᠷᠤᠯᠴᠠᠵᠤ · ᠪᠣᠯᠪᠠᠰᠤᠨ ᠤ ᠦᠢᠯᠡᠳᠦᠯᠭᠡ ᠳᠤ ᠤᠷᠤᠯᠴᠠᠨ᠎ᠠ  —  ᠲᠠᠶᠢᠹᠤᠰᠧ ᠬᠤᠰᠢᠭᠤᠨ ᠤ  ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/6
   3 ᠰᠠᠷ᠎ᠠ ᠶᠢᠨ 5 ᠤ ᠡᠳᠦᠷ᠂ ᠲᠠᠶᠢᠹᠤᠰᠧ ᠬᠤᠰᠢᠭᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠵᠦᠪᠯᠡᠯ ᠨᠢ ᠪᠦᠭᠦ ᠬᠤᠰᠢᠭᠤᠨ ᠤ ᠪᠠᠭᠠᠴᠤᠳ ᠤᠨ ᠬᠤᠰᠢᠭᠤᠴᠢ ᠠᠩᠭᠢ ᠶᠢ ᠵᠣᠬᠢᠶᠠᠨ ᠪᠠᠶᠢᠭᠤᠯᠵᠤ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠦᠷᠨᠢᠬᠦᠯᠦᠭᠡᠳ᠂ ᠪᠦᠭᠦ ᠬᠤᠰᠢᠭᠤᠨ ᠤ 1200 ᠭᠠᠷᠤᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠦᠳᠡᠯᠪᠦᠷᠢ ᠠᠵᠢᠯᠯᠠᠭ᠎ᠠ ᠳᠤ ᠣᠷᠣᠯᠴᠠᠵᠠᠢ᠃    ᠨᠢᠭᠡᠳᠦᠭᠡᠷ ᠪᠠᠭ᠎ᠠ ᠰᠤᠷᠭᠠᠭᠤᠯᠢ ᠨᠢ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ ᠯᠧᠢ ᠹᠧᠩ ᠤᠨ ᠦᠯᠢᠭᠡᠷ ᠢ ᠶᠠᠷᠢᠭᠤᠯᠤᠨ᠂ ᠯᠧᠢ ᠹᠧᠩ ᠤᠨ ᠡᠳᠦᠷ ᠤᠨ ᠲᠡᠮᠳᠡᠭᠯᠡᠯ ᠢ ᠤᠩᠰᠢᠭᠤᠯᠵᠤ᠂ ᠯᠧᠢ ᠹᠧᠩ ᠤᠨ ᠺᠢᠨᠣ᠋ ᠶᠢ  ᠦᠵᠡᠬᠦᠯᠦᠭᠡᠳ᠂ ᠬᠤᠰᠢᠭᠤᠴᠢ ᠠᠩᠭᠢ ᠶᠢᠨ ᠭᠡᠰᠢᠭᠦᠳ ᠲᠤ ᠯᠧᠢ ᠹᠧᠩ ᠤᠨ ᠵᠣᠷᠢᠭ ᠰᠠᠨᠠᠭᠠᠨ ᠤ ᠠᠭᠤᠯᠬᠤᠨ ᠢ ᠤᠯᠠᠮ ᠰᠠᠶᠢᠨ ᠤᠶᠢᠯᠠᠭᠠᠭᠤᠯᠤᠭᠰᠠᠨ ᠪᠦᠭᠡᠳ ᠲᠤᠰᠬᠠᠢ ᠰᠡᠳᠦᠪᠲᠦ ︽ᠵᠢᠵᠢᠭ ᠰᠤᠨᠢᠨ︾ ᠨᠠᠶᠢᠷᠠᠭᠤᠯᠬᠤ ᠬᠡᠯᠪᠡᠷᠢ ᠪᠠᠷ ᠤᠩᠰᠢᠭᠰᠠᠨ ᠤ ᠳᠠᠷᠠᠭᠠᠬᠢ ᠲᠥᠷᠥᠭᠳᠡᠯ᠂ ᠦᠵᠡᠭᠰᠡᠨ ᠤ ᠳᠠᠷᠠᠭᠠᠬᠢ ᠲᠥᠷᠥᠭᠳᠡᠯ ᠢ ᠨᠢ ᠪᠢᠴᠢᠬᠦᠯᠵᠦ᠂ ᠪᠠᠭᠠᠴᠤᠳ ᠬᠡᠦᠬᠡᠳ ᠤᠨ ᠯᠧᠢ ᠹᠧᠩ ᠤᠨ ᠵᠣᠷᠢᠭ ᠰᠠᠨᠠᠭᠠᠨ ᠤ ᠲᠤᠬᠠᠢ ᠮᠡᠳᠡᠷᠡᠮᠵᠢ   ᠶᠢ ᠤᠯᠠᠮ ᠨᠡᠮᠡᠭᠳᠡᠬᠦᠯᠦᠭᠰᠡᠨ ᠪᠠᠶᠢᠨ᠎ᠠ᠃  ᠳᠥᠷᠪᠡᠳᠦᠭᠡᠷ ᠪᠠᠭ᠎ᠠ ᠰᠤᠷᠭᠠᠭᠤᠯᠢ᠂ ᠲᠠᠪᠤᠳᠤᠭᠠᠷ ᠪᠠᠭ᠎ᠠ ᠰᠤᠷᠭᠠᠭᠤᠯᠢ᠂  ᠯᠦᠸᠧ ᠲᠦᠸᠧ ᠱᠠᠨ ᠪᠠᠭ᠎ᠠ ᠰᠤᠷᠭᠠᠭᠤᠯᠢ ᠨᠢ ︽ᠯᠧᠢ ᠹᠧᠩ ᠠᠴᠠ ᠲᠠᠭᠠᠨ ᠰᠤᠷᠤᠯᠴᠠᠬᠤ︾ ᠭᠤᠣᠯ ᠰᠡᠳᠦᠪᠲᠦ ᠠᠩᠭᠢ ᠶᠢᠨ ᠬᠤᠷᠠᠯ ᠬᠢᠬᠦ ᠪᠠᠷ ᠳᠠᠮᠵᠢᠨ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢᠶᠠᠷ ᠯᠧᠢ ᠹᠧᠩ ᠤᠨ ᠥᠯᠢᠭᠡᠷ ᠢ ᠶᠠᠷᠢᠭᠤᠯᠵᠤ᠂  ᠤᠶᠢᠯᠠᠭᠠᠯᠳᠠ ᠲᠥᠷᠥᠭᠳᠡᠯ ᠢ ᠨᠢ ᠶᠠᠷᠢᠭᠤᠯᠵᠤ᠂  ᠯᠧᠢ ᠹᠧᠩ ᠤᠨ ᠵᠣᠷᠢᠭ ᠰᠠᠨᠠᠭ᠎ᠠ   ᠶᠢ ᠤᠯᠠᠮ ᠬᠦᠨᠵᠡᠬᠡᠢ ᠤᠶᠢᠯᠠᠭᠠᠭᠤᠯᠤᠨ᠂  ᠬᠤᠰᠢᠭᠤᠴᠢ ᠠᠩᠭᠢ   ᠶᠢᠨ ᠭᠡᠰᠢᠭᠦᠳ ᠤᠨ ᠯᠧᠢ ᠹᠧᠩ ᠠᠴᠠ ᠰᠤᠷᠤᠯᠴᠠᠬᠤ ᠢᠳᠡᠪᠬᠢᠵᠢᠯ ᠪᠠ ᠤᠬᠠᠮᠰᠠᠷ ᠢ ᠲᠠᠶᠢᠴᠢᠯᠠᠪᠠ᠃ ᠴᠢᠶᠠᠨ ᠶᠢᠨ ᠭᠧᠦ ᠪᠠᠭ᠎ᠠ ᠰᠤᠷᠭᠠᠭᠤᠯᠢ ᠨᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ  ᠂ ︽ ᠪᠠᠶᠢᠭᠠᠯᠢ ᠣᠷᠴᠢᠨ ᠢᠶᠠᠨ ᠬᠠᠶᠢᠷᠠᠯᠠᠨ ᠬᠠᠮᠠᠭᠠᠯᠠᠵᠤ᠂  ᠪᠢᠴᠢᠬᠠᠨ ᠯᠧᠢ ᠹᠧᠩ ᠪᠣᠯᠬᠤ ᠪᠠᠷ ᠴᠢᠷᠮᠠᠶᠢᠬᠤ︾ ᠭᠤᠣᠯ ᠰᠡᠳᠦᠪᠲᠦ ᠴᠡᠪᠡᠷᠯᠡᠭᠡ ᠶᠢᠨ ᠠᠵᠢᠯᠯᠠᠭ᠎ᠠ ᠶᠢ ᠦᠷᠨᠢᠬᠦᠯᠦᠨ᠂  ᠬᠥᠳᠡᠯᠮᠦᠷᠢ ᠶᠢᠨ ᠦᠷ᠎ᠡ ᠳ᠋ᠦᠩ ᠢ   ᠨᠢ  ᠦᠨᠳᠦᠰᠦᠯᠡᠵᠦ ᠪᠠᠶᠢᠭᠠᠳ ︽ᠬᠤᠪᠢ ᠨᠡᠮᠡᠷᠢ ᠶᠢᠨ ᠮᠧᠲᠠᠯ︾᠂ ︽ᠨᠥᠬᠦᠷᠯᠡᠯ ᠪᠦᠯᠬᠦᠮᠳᠡᠯ ᠤᠨ ᠮᠧᠲᠠᠯ︾ ᠵᠡᠷᠭᠡ ᠶᠢ ᠣᠯᠭᠤᠵᠤ᠂ ᠬᠤᠰᠢᠭᠤᠴᠢ ᠠᠩᠭᠢ ᠶᠢᠨ ᠭᠡᠰᠢᠭᠦᠳ ᠤᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠬᠡᠵᠢᠬᠦᠯᠦᠨ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠳᠤ ᠢᠳᠡᠭᠡᠯ ᠵᠤᠷᠢᠭ ᠨᠡᠮᠡᠵᠡᠢ᠃ ᠭᠤᠷᠪᠠᠳᠤᠭᠠᠷ ᠪᠠᠭ᠎ᠠ ᠰᠤᠷᠭᠠᠭᠤᠯᠢ ᠨᠢ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠬᠦᠨᠵᠡᠬᠡᠶᠢᠷᠡᠨ᠂  ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠢ ᠬᠠᠪᠰᠤᠷᠤᠨ ᠭᠡᠷ ᠬᠦᠷᠢᠶ᠎ᠡ ᠶᠢ ᠨᠢ ᠴᠡᠪᠡᠷᠯᠡᠨ᠂ ᠬᠥᠨᠵᠢᠯᠡ ᠲᠡᠪᠢᠰᠭᠡᠷ ᠢ ᠨᠢ ᠡᠪᠬᠡᠵᠦ᠂  ᠪᠤᠳᠠᠳᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠬᠡᠵᠢᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号