ᠯᠧᠢ ᠹᠧᠩ ᠠᠴᠠ ᠰᠤᠷᠤᠯᠴᠠᠵᠤ · ᠪᠣᠯᠪᠠᠰᠤᠨ ᠤ ᠦᠢᠯᠡᠳᠦᠯᠭᠡ ᠳᠤ ᠤᠷᠤᠯᠴᠠᠨ᠎ᠠ  —  ᠯᠥᠸᠧ ᠲᠦᠸᠧ ᠱᠠᠨ ᠪᠠᠯᠭᠠᠰᠤ ︽ᠯᠧᠢ ᠹᠧᠩ ᠠᠴᠠ ᠰᠤᠷᠤᠯᠴᠠᠵᠤ ᠪᠣᠯᠪᠠᠰᠤᠨ  ᠤ ᠦᠢᠯᠡᠳᠦᠯᠬᠡᠵᠢᠬᠦᠯᠦᠭᠴᠢ ᠪᠤᠯᠬᠤ︾  ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/6
  3 ᠰᠠᠷ᠎ᠠ   ᠶᠢᠨ 4 ᠤ ᠡᠳᠦᠷ ᠪᠠ 5 ᠤ ᠡᠳᠦᠷ  ᠂ ᠯᠥᠸᠧ ᠲᠦᠸᠧ ᠱᠠᠨ ᠪᠠᠯᠭᠠᠰᠤᠨ ᠤ ᠡᠯ᠎ᠡ ᠲᠤᠰᠬᠤᠨ ᠨᠢ ︽ᠯᠧᠢ ᠹᠧᠩ ᠠᠴᠠ ᠰᠤᠷᠤᠯᠴᠠᠵᠤ ᠪᠣᠯᠪᠠᠰᠤᠨ  ᠤ ᠦᠢᠯᠡᠳᠦᠯᠬᠡᠵᠢᠬᠦᠯᠦᠭᠴᠢ ᠪᠤᠯᠬᠤ︾  ᠭᠤᠣᠯ ᠰᠡᠳᠦᠪᠲᠦ ᠠᠵᠢᠯᠯᠠᠭ᠎ᠠ  ᠦᠷᠨᠢᠬᠦᠯᠵᠦ᠂  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠰᠠᠶᠢᠨ ᠳᠤᠷ᠎ᠠ ᠶᠢᠨ ᠠᠵᠢᠯᠯᠠᠭᠴᠢᠳ ᠣᠷᠴᠢᠨ ᠲᠣᠭᠤᠷᠢᠨ ᠤ ᠴᠡᠪᠡᠷᠯᠡᠭᠡ᠂ ᠡᠷᠤᠭᠡ ᠳᠤ ᠬᠦᠷᠴᠦ ᠰᠤᠷᠪᠤᠯᠵᠢᠯᠠᠬᠤ᠂ ᠠᠷᠠᠳ ᠲᠦᠮᠡᠨ ᠳᠤ ᠦᠢᠯᠡᠴᠢᠯᠡᠬᠦ ᠵᠡᠷᠭᠡ ᠠᠯᠢ ᠤᠯᠠᠨ ᠪᠠᠶᠠᠯᠢᠭ ᠰᠠᠶᠢᠬᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠠᠢ᠃  ᠰᠧ ᠵᠢᠶᠣᠣ ᠲᠠᠨ᠂  ᠴᠢᠯᠠᠭᠤᠨ ᠤᠰᠤ᠂ ᠪᠠᠶᠠᠨᠪᠤᠯᠠᠭ ᠵᠡᠷᠭᠡ ᠲᠣᠰᠬᠤᠨ ᠤ ᠰᠠᠶᠢᠨ ᠳᠤᠷ᠎ᠠ ᠶᠢᠨ   ᠦᠢᠯᠡᠴᠢᠯᠡᠭᠴᠢᠳ ᠭᠡᠷ ᠢᠶᠠᠨ ᠰᠠᠬᠢᠭᠰᠠᠨ ᠨᠠᠰᠤᠲᠠᠶᠢᠴᠤᠳ ᠤᠨ ᠭᠡᠷ ᠲᠤ ᠬᠦᠷᠴᠦ᠂  ᠭᠡᠷ ᠦᠷᠦᠭᠡ ᠶᠢ ᠨᠢ ᠴᠡᠪᠡᠷᠯᠡᠬᠦ᠂  ᠬᠦᠷᠢᠶ᠎ᠡ ᠬᠠᠰᠢᠶ᠎ᠠ ᠶᠢ ᠨᠢ ᠰᠡᠯᠪᠢᠬᠦ᠂  ᠠᠵᠤ ᠠᠮᠢᠳᠤᠷᠠᠯ ᠢ ᠨᠢ ᠬᠠᠯᠠᠮᠵᠢᠯᠠᠬᠤ᠂ ᠰᠡᠳᠬᠢᠯ ᠰᠠᠨᠠᠭ᠎ᠠ ᠶᠢ ᠨᠢ ᠲᠠᠶᠢᠳᠬᠤᠷᠠᠭᠤᠯᠬᠤ ᠵᠡᠷᠭᠡ ᠦᠢᠯᠡᠴᠢᠯᠡᠭᠡ ᠬᠠᠩᠭᠠᠭᠰᠠᠨ ᠪᠠᠶᠢᠨ᠎ᠠ  ᠃  ᠡᠷᠳᠡᠮᠳᠦ᠂ ᠨᠠᠨ ᠯᠢᠶᠠᠩ ᠵᠡᠷᠭᠡ ᠲᠣᠰᠬᠤᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂  ᠲᠤᠰᠬᠤᠨ ᠤ ᠤᠶᠢᠷ᠎ᠠ ᠤᠷᠴᠢᠨ ᠪᠠ ᠵᠠᠮ ᠤᠨ ᠬᠠᠵᠠᠭᠤ ᠳᠠᠬᠢ ᠬᠤᠭ ᠨᠤᠪᠰᠢ ᠶᠢ ᠴᠡᠪᠡᠷᠯᠡᠨ ᠠᠷᠢᠯᠭᠠᠵᠠᠢ᠃  ᠶᠢᠩ ᠫᠠᠨ ᠭᠧᠦ᠂ ᠾᠧᠢ ᠴᠢᠦᠢ ᠱᠠᠨ᠂ ᠰᠢ ᠾᠧ ᠶᠠᠨ᠂ ᠾᠧᠦ ᠱᠠᠨ ᠢ ᠵᠡᠷᠭᠡ ᠲᠣᠰᠬᠤᠨ ᠤ ᠬᠢᠨ ᠶᠠᠩᠭᠠᠷ ᠪᠥᠵᠢᠭ ᠲᠤᠭᠯᠠᠬᠤ᠂ ᠤᠯᠤᠰ ᠤᠨ ᠲᠤᠭ ᠮᠠᠨᠳᠤᠭᠤᠯᠬᠤ  ᠂ ︽ᠲᠠᠯ᠎ᠠ ᠨᠤᠲᠤᠭ ᠤᠨ ᠨᠣᠮ ᠤᠨ ᠥᠷᠥᠭᠡ︾ ᠪᠠᠨ ᠴᠡᠪᠡᠷᠯᠡᠬᠦ᠂  ᠠᠮᠤᠷ ᠲᠦᠪᠰᠢᠨ ᠤ ᠭᠠᠷ ᠠᠪᠤᠯᠭ᠎ᠠ ᠲᠠᠷᠬᠠᠭᠠᠬᠤ ᠵᠡᠷᠭᠡ ᠣᠯᠠᠨ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ  ᠪᠠᠶᠢᠭᠤᠯᠵᠤ ᠦᠷᠨᠢᠬᠦᠯᠦᠭᠰᠡᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号