ᠯᠧᠢ ᠹᠧᠩ ᠠᠴᠠ ᠰᠤᠷᠤᠯᠴᠠᠵᠤ · ᠪᠣᠯᠪᠠᠰᠤᠨ ᠤ ᠦᠢᠯᠡᠳᠦᠯᠭᠡ ᠳᠤ ᠤᠷᠤᠯᠴᠠᠨ᠎ᠠ  —  ᠬᠤᠩ ᠴᠢ ᠪᠠᠯᠭᠠᠰᠤ  ︽ᠯᠧᠢ ᠹᠧᠩ ᠠᠴᠠ ᠰᠤᠷᠤᠯᠴᠠᠵᠤ ᠪᠣᠯᠪᠠᠰᠤᠨ  ᠤ ᠦᠢᠯᠡᠳᠦᠯᠬᠡᠵᠢᠬᠦᠯᠦᠭᠴᠢ ᠪᠤᠯᠬᠤ︾  ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/6
  3 ᠰᠠᠷ᠎ᠠ   ᠶᠢᠨ 5 ᠤ ᠡᠳᠦᠷ ᠪᠣᠯ ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠮᠥᠨ᠃ ︽ ᠬᠠᠷᠠᠮ ᠦᠭᠡᠢ ᠵᠣᠷᠢᠭᠤᠯᠬᠤ᠂  ᠪᠦᠯᠬᠦᠮᠳᠡᠨ ᠨᠦᠬᠦᠷᠯᠡᠬᠦ᠂ ᠬᠠᠷᠢᠯᠴᠠᠨ ᠬᠠᠪᠰᠤᠷᠤᠯᠴᠠᠬᠤ᠂  ᠬᠠᠮᠳᠤᠪᠠᠷ ᠳᠠᠪᠰᠢᠬᠤ  ︾ ᠰᠠᠶᠢᠨ ᠳᠤᠷ᠎ᠠ   ᠶᠢᠨ ᠦᠢᠯᠡᠴᠢᠯᠡᠭᠡᠨ ᠤ ᠵᠣᠷᠢᠭ ᠰᠠᠨᠠᠭ᠎ᠠ   ᠶᠢ ᠤᠯᠠᠮ ᠰᠠᠶᠢᠨ ᠪᠠᠳᠠᠷᠠᠭᠤᠯᠬᠤ   ᠶᠢᠨ ᠲᠥᠯᠥᠭᠡ᠂ ᠬᠤᠩ ᠴᠢ ᠪᠠᠯᠭᠠᠰᠤ ᠨᠢ ︽ᠯᠧᠢ ᠹᠧᠩ ᠠᠴᠠ ᠰᠤᠷᠤᠯᠴᠠᠵᠤ ᠪᠣᠯᠪᠠᠰᠤᠨ  ᠤ ᠦᠢᠯᠡᠳᠦᠯᠬᠡᠵᠢᠬᠦᠯᠦᠭᠴᠢ ᠪᠤᠯᠬᠤ︾  ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠠᠮᠢ ᠠᠬᠤᠢ ᠣᠷᠴᠢᠨ ᠨᠥᠬᠦᠴᠡᠯ  ᠲᠤᠭᠤᠷᠢᠨ ᠢᠶᠠᠨ ᠬᠠᠮᠠᠭᠠᠯᠠᠬᠤ ᠂ ᠶᠠᠳᠠᠭᠤ ᠶᠢ ᠬᠠᠪᠰᠤᠷᠤᠨ ᠪᠠᠭᠤᠷᠠᠢ ᠶᠢ ᠲᠡᠳᠬᠦᠬᠦ᠂ ᠡᠮᠡᠭᠲᠡᠶᠢᠴᠦᠳ ᠬᠡᠦᠬᠡᠳ ᠪᠠᠭᠠᠴᠤᠳ   ᠢ ᠬᠠᠯᠠᠮᠵᠢᠯᠠᠬᠤ ᠵᠡᠷᠭᠡ ᠰᠠᠶᠢᠨ ᠳᠤᠷ᠎ᠠ   ᠶᠢᠨ ᠦᠢᠯᠡᠴᠢᠯᠡᠭᠡᠨ ᠤ ᠠᠵᠢᠯᠯᠠᠭ᠎ᠠ   ᠶᠢ ᠥᠷᠨᠢᠭᠦᠯᠵᠦ᠂  ᠪᠤᠳᠠᠳᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ   ᠶᠢ ᠦᠢᠯᠡᠳᠦᠯᠬᠡᠵᠢᠬᠦᠯᠵᠡᠢ᠃ ᠰᠠᠶᠢᠨ ᠲᠤᠷᠠᠳᠠᠳ ᠲᠣᠰᠬᠤᠨ ᠤ ᠭᠤᠤᠨᠢ ᠪᠡᠯᠪᠡᠰᠦᠨ ᠨᠠᠰᠤᠲᠠᠨ᠂ ᠶᠠᠳᠠᠭᠤ ᠬᠦᠴᠢᠷᠳᠡᠯᠲᠡᠢ ᠡᠷᠦᠬᠡ ᠶᠢ  ᠬᠠᠯᠠᠮᠵᠢᠯᠠᠨ ᠲᠤᠬᠤᠨᠢᠭᠤᠯᠵᠤ᠂  ᠨᠠᠰᠤᠲᠠᠶᠢᠴᠤᠳ ᠢ ᠬᠠᠪᠰᠤᠷᠤᠨ ᠭᠡᠷ ᠬᠦᠷᠢᠶ᠎ᠡ ᠶᠢ ᠨᠢ ᠴᠡᠪᠡᠷᠯᠡᠵᠦ᠂ ᠲᠡᠳᠡᠨ ᠤ ᠠᠮᠢᠳᠤᠷᠠᠯ ᠤᠨ ᠪᠠᠶᠢᠳᠠᠯ ᠪᠠ ᠪᠡᠶ᠎ᠡ ᠮᠠᠬᠠᠪᠤᠳ ᠤᠨ ᠪᠠᠶᠢᠳᠠᠯ ᠢ ᠭᠦᠨᠵᠡᠭᠡᠢ ᠤᠶᠢᠯᠠᠭᠠᠨ᠂  ᠠᠮᠢᠳᠤᠷᠠᠯ ᠤᠨ ᠳᠤᠮᠳᠠ ᠲᠤᠯᠭᠠᠷᠠᠭᠰᠠᠨ ᠡᠯ᠎ᠡ ᠵᠦᠢᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ  ᠦᠭᠴᠡᠢ᠃ ᠲᠠᠷᠠᠭᠠᠴᠢ ᠶᠢᠨ ᠠᠯᠬᠤᠮ ᠳᠤ᠂ ᠬᠤᠩ ᠴᠢ ᠪᠠᠯᠭᠠᠰᠤ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ  ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠶᠢᠨ ᠲᠤᠷᠠᠳᠠᠳ ᠤᠨ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂  ᠯᠧᠢ ᠹᠧᠩ ᠤᠨ ᠵᠣᠷᠢᠭ ᠰᠠᠨᠠᠭ᠎ᠠ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂  ᠯᠧᠢ ᠹᠧᠩ ᠤᠨ ᠵᠣᠷᠢᠭ ᠰᠠᠨᠠᠭ᠎ᠠ  ᠪᠠᠷ ᠳᠡᠷᠭᠡᠳᠡᠬᠢ ᠬᠥᠮᠥᠨ ᠨᠢᠭᠡᠪᠦᠷᠢ ᠶᠢ ᠲᠤᠯᠠᠭᠠᠴᠠᠭᠤᠯᠬᠤ ᠪᠠᠷ ᠴᠢᠷᠮᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号