ᠰᠢᠩ ᠹᠦ᠋ ᠰᠢᠶᠠᠩ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/3/6
    ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ︽ᠬᠤᠶᠠᠷ ᠬᠤᠷᠠᠯ︾  ᠤᠨ ᠠᠮᠵᠢᠯᠲᠠ ᠲᠠᠢ ᠬᠤᠷᠠᠯᠳᠤᠬᠤ ᠳᠤ ᠠᠮᠤᠷ  ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 3 ᠰᠠᠷ᠎ᠠ ᠶᠢᠨ 5  ᠤ ᠡᠳᠦᠷ ᠰᠢᠩ ᠹᠦ᠋ ᠰᠢᠶᠠᠩ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠪᠠ ᠭᠠᠯ ᠰᠡᠷᠭᠡᠶᠢᠯᠡᠬᠦ ᠠᠵᠢᠯ ᠤᠨ ᠬᠤᠷᠠᠯ ᠢ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠺᠠᠳ᠋ᠷ ᠠᠵᠢᠯᠲᠠᠨ ᠨᠠᠷ ᠬᠤᠷᠠᠯ ᠳᠤ ᠣᠷᠣᠯᠴᠠᠪᠠ᠃  ᠬᠤᠷᠠᠯ ᠲᠡᠭᠡᠷ᠎ᠡ᠂ ᠬᠤᠰᠢᠭᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠡᠯ᠎ᠡ ᠲᠥᠷᠥᠯ ᠤᠨ ᠬᠦᠨᠳᠦ ᠶᠡᠭᠡ ᠤᠰᠤᠯ ᠠᠳᠡᠯ ᠤᠨ ᠭᠡᠷᠡᠭ ᠢ  ᠮᠡᠳᠡᠭᠳᠡᠭᠰᠡᠨ ᠪᠥᠭᠡᠳ ᠠᠶᠤᠯᠭᠦᠢ ᠦᠢᠯᠡᠳᠪᠦᠷᠢᠯᠡᠯ᠂ ᠭᠠᠯ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠲᠣᠬᠢᠷᠠᠭᠤᠯᠤᠨ ᠪᠠᠶᠢᠷᠢᠯᠠᠭᠤᠯᠵᠠᠢ᠃  ᠳᠡᠳ᠋ ᠰᠢᠶᠠᠩ ᠤᠨ ᠳᠠᠷᠤᠭ᠎ᠠ ᠳ᠋ᠦᠩ ᠠᠢ ᠮᠢᠨ ᠶᠠᠷᠢᠶᠠᠨ ᠳᠠᠭᠠᠨ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠡᠬᠦᠯᠦᠨ᠂ ᠠᠶᠤᠯᠭᠦᠢ ᠦᠢᠯᠡᠳᠪᠦᠷᠢᠯᠡᠯ ᠪᠣᠯᠣᠨ ᠭᠠᠯ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠴᠠᠭ ᠢᠮᠠᠭᠲᠠ ᠰᠠᠨᠠᠭ᠎ᠠ ᠠᠯᠭᠠᠰᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠢᠩᠭᠠᠯᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ  ᠲᠦᠷᠦᠯ ᠤᠨ ᠠᠵᠢᠯ ᠢ ᠰᠠᠶᠢᠨ ᠬᠢᠬᠦ ᠬᠡᠷᠡᠭᠲᠡᠢ᠃ ᠬᠤᠶᠠᠷ ᠲᠤ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂  ᠡᠷᠴᠢ ᠬᠦᠴᠦᠲᠡᠢ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠬᠡᠮ ᠰᠣᠭᠤᠭ ᠤᠨ ᠪᠠᠶᠢᠴᠠᠭᠠᠯᠳᠠ ᠶᠢ ᠭᠦᠨᠵᠡᠭᠡᠢ ᠠᠬᠢᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠤᠯᠪᠤᠭᠠᠯᠠᠵᠤ ᠪᠠᠶᠢᠭᠠᠳ ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠵᠦ᠂  ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠭᠤᠷᠪᠠ ᠳᠤ ᠤᠬᠠᠭᠤᠯᠭ᠎ᠠ ᠶᠢᠨ ᠠᠵᠢᠯ ᠢ ᠰᠠᠶᠢᠨ ᠬᠢᠵᠦ᠂ ᠲᠣᠰᠬᠤᠨ ᠳᠤ ᠬᠦᠨᠵᠡᠬᠡᠶᠢᠷᠡᠵᠦ ᠡᠷᠦᠬᠡ ᠳᠤ ᠣᠷᠣᠬᠤ᠂ ᠤᠬᠠᠭᠤᠯᠭ᠎ᠠ ᠶᠢᠨ ᠪᠤᠯᠤᠩ᠂ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ ᠵᠡᠷᠭᠡ ᠶᠢ ᠠᠰᠢᠭᠯᠠᠨ᠂ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ ᠂ ᠲᠣᠰᠬᠤᠨ ᠤ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠵᠤ ᠠᠶᠤᠯ   ᠠᠴᠠ ᠵᠠᠶᠢᠯᠠᠬᠤ ᠬᠢᠷᠢ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂  ᠪᠦᠬᠦ ᠰᠢᠶᠠᠩ ᠤᠨ ᠠᠮᠤᠷ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号