ᠶᠦᠩ ᠹᠧᠩ ᠪᠠᠯᠭᠠᠰᠤ ︽ᠯᠧᠢ ᠹᠧᠩ ᠠᠴᠠ ᠰᠤᠷᠤᠯᠴᠠᠵᠤ᠂ ᠪᠣᠯᠪᠠᠰᠤᠨ ᠤ ᠦᠢᠯᠡᠳᠦᠯᠬᠡᠵᠢᠬᠦᠯᠦᠭᠴᠢ ᠪᠤᠯᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/6
 2024 ᠣᠨ ᠤ ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠬᠦᠷᠴᠦ ᠢᠷᠡᠬᠦ ᠲᠠᠰᠢᠷᠠᠮ ᠳᠤ᠂ ᠶᠦᠩ ᠹᠧᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂  ︽ᠨᠢᠭᠡᠳᠦᠮᠡᠯ ᠹᠷᠣᠨᠲ ᠤᠨ ᠭᠡᠷ︾ ᠤᠨ ᠬᠢᠨ ᠨᠡᠶᠢᠲᠡ ᠶᠢᠨ ᠠᠰᠠᠷᠠᠮᠵᠢ ᠶᠢᠨ ᠬᠤᠯᠪᠣᠭᠠᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠲᠠᠢ ᠬᠠᠮᠳᠤᠷᠠᠨ᠂ ︽ᠯᠧᠢ ᠹᠧᠩ   ᠠᠴᠠ ᠰᠤᠷᠤᠯᠴᠠᠵᠤ᠂ ᠪᠣᠯᠪᠠᠰᠤᠨ ᠤ  ᠦᠢᠯᠡᠳᠦᠯᠬᠡᠵᠢᠬᠦᠯᠦᠭᠴᠢ ᠪᠤᠯᠬᠤ︾ ᠭᠤᠣᠯ ᠰᠡᠳᠦᠪᠲᠦ ᠬᠦᠳᠡᠯᠪᠦᠷᠢ ᠠᠵᠢᠯᠯᠠᠭ᠎ᠠ ᠥᠷᠨᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠴᠢ ᠨᠠᠷ ᠨᠠᠰᠤᠳᠠᠶᠢᠴᠤᠳ᠂ ᠵᠡᠮᠳᠡᠭᠴᠦᠳ ᠤᠨ ᠭᠡᠷ ᠪᠦᠯᠢ ᠪᠠ ᠶᠠᠳᠠᠭᠤ ᠬᠦᠴᠢᠷᠳᠡᠯᠲᠡᠢ ᠡᠷᠦᠬᠡ ᠪᠠᠷ ᠭᠦᠨᠵᠡᠭᠡᠶᠢᠷᠡᠵᠦ᠂ ᠬᠥᠪᠥᠩ ᠬᠥᠨᠵᠢᠯᠡ᠂ ᠦᠨᠢᠶᠡᠨ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠰᠡᠯ ᠢ ᠬᠦᠷᠭᠡᠭᠰᠡᠨ ᠪᠦᠭᠡᠳ ᠡᠮᠨᠡᠯᠭᠡ ᠶᠢᠨ ᠠᠵᠢᠯᠲᠠᠳ ᠲᠡᠳᠡᠨ ᠤ ᠴᠢᠰᠤᠨ ᠳᠠᠷᠤᠯᠲᠠ ᠶᠢ ᠨᠢ ᠬᠡᠮᠵᠢᠵᠦ᠂ ᠭᠡᠵᠢᠭᠡ ᠦᠰᠦ ᠶᠢ   ᠨᠢ ᠵᠠᠰᠠᠵᠤ  ᠦᠭᠬᠦᠭᠰᠡᠨ ᠪᠠᠶᠢᠨ᠎ᠠ᠃  ᠰᠠᠶᠢᠨ ᠳᠤᠷ᠎ᠠ ᠶᠢᠨ  ᠦᠢᠯᠡᠴᠢᠯᠡᠭᠴᠢ ᠨᠠᠷ ᠪᠠᠰᠠ ᠵᠡᠮᠳᠡᠭᠴᠦᠳ ᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠪᠣᠳᠠᠲᠠᠢ ᠬᠦᠴᠢᠷᠳᠡᠯ ᠢ ᠤᠶᠢᠯᠠᠭᠠᠨ᠂ ᠡᠳ᠋ ᠪᠣᠳᠠᠰ ᠤᠨ ᠲᠠᠯ᠎ᠠ ᠪᠠᠷ ᠳᠡᠮᠵᠢᠯᠭᠡ ᠦᠵᠡᠭᠦᠯᠦᠭᠰᠡᠨ ᠢᠶᠠᠷ ᠪᠠᠷᠠᠬᠤ ᠦᠭᠡᠢ ᠨᠡᠩ ᠴᠢᠬᠤᠯᠠ ᠨᠢ ᠤᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠤᠯ ᠪᠠ ᠵᠤᠷᠢᠬᠵᠢᠭᠤᠯᠤᠯ ᠦᠭᠬᠦᠭᠰᠡᠨ ᠪᠠᠶᠢᠨ᠎ᠠ᠃  ᠰᠠᠶᠢᠨ ᠲᠤᠷᠠᠳᠠᠳ ᠪᠠᠰᠠ ᠠᠶᠢᠯ  ᠡᠷᠦᠬᠡ ᠪᠠᠷ ᠬᠦᠨᠵᠡᠭᠡᠶᠢᠷᠡᠨ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠥᠷᠨᠢᠭᠦᠯᠵᠦ᠂  ᠬᠡᠷᠡᠭ ᠤᠨ ᠵᠢᠱᠢᠶ᠎ᠡ ᠶᠢ ᠤᠬᠠᠭᠤᠯᠤᠨ ᠲᠠᠶᠢᠯᠪᠤᠷᠢᠯᠠᠬᠤ᠂ ᠮᠡᠬᠡᠯᠡᠯ ᠢ ᠡᠰᠡᠷᠭᠦᠴᠡᠬᠦ ᠭᠠᠷ ᠠᠪᠤᠯᠭ᠎ᠠ ᠲᠠᠷᠬᠠᠭᠠᠬᠤ᠂ ᠱᠠᠩᠨᠠᠯ ᠲᠠᠢ ᠠᠰᠠᠭᠤᠵᠤ ᠬᠠᠷᠢᠭᠤᠯᠬᠤ  ᠵᠡᠷᠭᠡ ᠬᠡᠯᠪᠡᠷᠢ ᠪᠠᠷ ᠨᠠᠰᠤᠲᠠᠶᠢᠴᠤᠳ ᠢ ᠬᠠᠪᠰᠤᠷᠤᠨ ᠮᠡᠬᠡᠯᠡᠯ ᠢ  ᠰᠡᠷᠭᠡᠶᠢᠯᠡᠵᠦ ᠮᠡᠬᠡᠯᠡᠯ ᠢ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠵᠠᠢ᠃  ᠡᠳᠡᠭᠡᠷ ᠠᠵᠢᠯᠯᠠᠭ᠎ᠠ ᠨᠢ ᠰᠢᠨ᠎ᠡ ᠴᠠᠭ ᠦᠶ᠎ᠡ   ᠶᠢᠨ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ   ᠶᠢᠨ ᠠᠭᠤᠯᠬᠤᠨ  ᠂  ᠲᠤᠬᠠᠶᠢᠯᠠᠪᠠᠯ ᠬᠠᠷᠠᠮ ᠦᠭᠡᠢ ᠵᠣᠷᠢᠭᠤᠯᠬᠤ᠂  ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠣᠳᠣ ᠦᠶ᠎ᠡ   ᠶᠢᠨ ᠳᠤᠮᠳᠠᠳᠤ ᠤᠯᠤᠰ ᠤᠨ ᠠᠷᠠᠳ ᠢᠷᠭᠡᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠣᠯᠣᠨ ᠨᠡᠶᠢᠲᠡᠴᠢ ᠦᠵᠡᠯ ᠤᠨ ᠵᠣᠷᠢᠭ ᠰᠠᠨᠠᠭ᠎ᠠ   ᠶᠢ ᠬᠠᠷᠠᠭᠤᠯᠤᠭᠠᠳ  ᠂ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠪᠠᠳᠠᠷᠠᠭᠤᠯᠤᠨ᠂  ᠪᠥᠬᠦ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠬᠦᠭᠵᠢᠯᠳᠡ ᠶᠢ ᠠᠬᠢᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠲᠠᠮᠵᠢᠭᠤᠯᠤᠨ᠂ ᠨᠡᠶᠢᠭᠡᠮ ᠤᠨ ᠬᠡᠪ ᠰᠤᠷᠲᠠᠯ ᠢ  ᠰᠠᠶᠢᠵᠢᠷᠠᠭᠤᠯᠵᠤ᠂ ᠨᠠᠩ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号