ᠬᠠᠯᠠᠭᠤᠨ ᠤ ᠴᠠᠭ ᠲᠤ ᠡᠳᠡᠭᠡᠷ ᠠᠴᠠ ᠬᠢᠴᠢᠶᠡᠭᠡᠷᠠᠢ
ᠨᠡᠶᠢᠲᠡᠯᠡᠭᠰᠡᠨ ᠴᠠᠭ᠄
2024/3/7
     ᠵᠤᠨ ᠤ ᠤᠯᠠᠷᠢᠯ ᠪᠤᠯ ᠵᠢᠷᠤᠬᠡ ᠳᠠᠷᠢᠬᠢᠨ ᠰᠤᠳᠠᠯ ᠤᠨ ᠦᠨᠳᠤᠷ ᠡᠪᠡᠳᠴᠢᠯᠡᠯ ᠲᠠᠢ ᠴᠠᠭ ᠪᠤᠯᠤᠨ᠎ᠠ᠂ ᠪᠦᠷᠢᠳᠬᠡᠯ ᠠᠴᠠ ᠦᠵᠡᠪᠡᠯ᠂ ᠠᠭᠠᠷ ᠤᠨ ᠳᠤᠯᠠᠭᠠᠨ 1 ᠭᠷᠠᠳᠦ᠋ᠰ ᠳᠡᠭᠡᠭᠰᠢᠯᠡᠬᠦ ᠳᠤᠰᠤᠮ ᠵᠢᠷᠤᠬᠡ ᠳᠠᠷᠢᠬᠢᠨ ᠤ ᠴᠢᠰᠤᠨ ᠰᠤᠳᠠᠯ ᠤᠨ ᠡᠪᠡᠳᠴᠢᠨ ᠢᠶᠠᠷ ᠡᠮᠨᠡᠬᠦᠯᠬᠦ ᠬᠦᠮᠦᠨ ᠤ ᠳᠤᠭ᠎ᠠ 17.3% ᠪᠠᠷ ᠨᠡᠮᠡᠭᠳᠡᠳᠡᠭ᠃ ᠡᠶᠢᠮᠤ ᠠᠴᠠ ᠬᠠᠯᠠᠭᠤᠨ ᠤ ᠴᠠᠭ ᠲᠤ ᠡᠳᠡᠭᠡᠷ ᠠᠴᠠ ᠬᠢᠴᠢᠶᠡᠭᠡᠷᠡᠢ ᠭᠡᠵᠤ ᠳᠠ ᠪᠦᠬᠦᠨ ᠳᠤ ᠰᠠᠨᠠᠭᠤᠯᠤᠶ᠎ᠠ︕     1᠂ ᠠᠭᠠᠷ ᠳᠤᠬᠢᠷᠠᠭᠤᠯᠤᠬᠴᠢ ᠶᠢ ᠪᠦᠳᠤᠨ ᠰᠦᠨᠢ ᠪᠠᠷ ᠨᠡᠭᠡᠭᠡᠬᠦ     ᠠᠭᠠᠷ ᠳᠤᠬᠢᠷᠠᠭᠤᠯᠤᠬᠴᠢ ᠶᠢᠨ ᠳᠤᠯᠠᠭᠠᠨ ᠢ ᠬᠡᠳᠤᠷᠬᠡᠢ ᠳᠤᠤᠷ᠎ᠠ ᠪᠠᠶᠢᠯᠭᠠᠬᠤ ᠪᠤᠶᠤ ᠤᠳᠠᠭᠠᠨ ᠬᠤᠭᠤᠴᠠᠭ᠎ᠠ ᠪᠠᠷ ᠨᠡᠭᠡᠭᠡᠵᠤ ᠪᠤᠯᠬᠤ ᠦᠬᠡᠢ᠂ ᠭᠡᠷ ᠤᠨ ᠳᠤᠳᠤᠨ᠎ᠠ ᠭᠠᠳᠠᠨᠠᠬᠢ ᠳᠤᠯᠠᠭᠠᠨ ᠤ ᠵᠦᠷᠢᠶ᠎ᠠ ᠶᠢ 5 ᠭᠷᠠᠳᠦ᠋ᠰ ᠠᠴᠠ ᠪᠢᠳᠡᠬᠡᠢ ᠭᠡᠳᠤᠷᠡᠭᠦᠯᠦᠬᠡᠷᠡᠢ᠃     2᠂ ᠦᠷᠯᠦᠬᠡ ᠡᠷᠳᠡ ᠪᠡᠶ᠎ᠠ ᠪᠠᠨ ᠪᠤᠯᠪᠠᠰᠤᠷᠠᠭᠤᠯᠬᠤ    ᠦᠷᠯᠦᠬᠡ ᠡᠷᠳᠡ ᠠᠭᠠᠷ ᠤᠨ ᠪᠤᠬᠢᠷᠳᠤᠯ ᠶᠡᠬᠡᠳᠡᠢ᠂ ᠬᠦᠮᠦᠨ ᠤ ᠪᠡᠶ᠎ᠠ ᠶᠢᠨ ᠰᠢᠨ᠎ᠠ ᠬᠠᠭᠤᠴᠢᠨ ᠤ ᠰᠤᠯᠢᠯᠴᠠᠭ᠎ᠠ ᠲᠦᠷᠭᠡᠰᠴᠤ᠂ ᠡᠨᠧᠷᠬᠢ᠂ ᠬᠦᠴᠢᠯᠳᠦ᠋ᠷᠦᠭᠴᠢ᠂ ᠰᠢᠮ᠎ᠠ ᠳᠡᠵᠢᠬᠡᠯ ᠤᠨ ᠬᠡᠷᠡᠭᠴᠡᠭᠡ ᠶᠡᠬᠡᠰᠬᠦ ᠠᠴᠠ ᠪᠤᠯᠵᠤ᠂ ᠵᠢᠷᠤᠬᠡ ᠳᠠᠷᠢᠬᠢᠨ ᠤ ᠴᠢᠰᠤᠨ ᠰᠤᠳᠠᠯ ᠤᠨ ᠡᠪᠡᠳᠴᠢᠨ ᠡᠬᠦᠰᠬᠡᠬᠦ ᠪᠤᠯᠤᠮᠵᠢ ᠦᠨᠳᠤᠷ ᠪᠠᠶᠢᠳᠠᠭ᠃ ᠦᠷᠯᠦᠬᠡᠨ ᠤ ᠳᠠᠰᠬᠠᠯ ᠢᠶᠠᠨ ᠦᠳᠡᠰᠢ ᠪᠤᠯᠭᠠᠪᠠᠯ ᠢᠯᠡᠬᠦᠤ ᠰᠠᠶᠢᠨ᠃     3᠂ ᠤᠮᠳᠠᠭᠠᠰᠬᠤ ᠪᠠᠷ ᠶᠡᠭᠡ ᠤᠰᠤ ᠤᠤᠭᠤᠬᠤ    ᠵᠤᠨ ᠤ ᠴᠠᠬ ᠲᠤ ᠤᠰᠤ ᠶᠢ ᠬᠡᠳᠤᠷᠬᠡᠢ ᠬᠤᠷᠳᠤᠨ ᠤᠤᠭᠤᠵᠤ ᠪᠤᠯᠬᠤ ᠦᠬᠡᠢ᠂ ᠪᠠᠭ᠎ᠠ ᠬᠡᠮᠵᠢᠶ᠎ᠠ ᠪᠠᠷ ᠤᠯᠠᠨ ᠤᠳᠠᠭ᠎ᠠ ᠤᠤᠭᠤᠵᠤ᠂ ᠤᠳᠠᠭ᠎ᠠ ᠪᠦᠷᠢ 100 — 150ml ᠤᠤᠭᠤᠪᠠᠯ ᠳᠤᠬᠢᠷᠠᠮᠵᠢᠳᠡᠢ᠃     4᠂ ᠬᠦᠳᠡᠯᠬᠡᠬᠡᠨ ᠬᠢᠭᠰᠡᠨ ᠤ ᠳᠠᠷᠠᠭ᠎ᠠ ᠬᠦᠢᠳᠡᠨ ᠤᠮᠳᠠᠭᠠᠨ ᠤᠤᠭᠤᠬᠤ   ᠰᠢᠷᠤᠬᠦᠨ ᠬᠦᠳᠡᠯᠬᠡᠬᠡᠨ ᠬᠢᠭᠰᠡᠨ ᠤ ᠳᠠᠷᠠᠭ᠎ᠠ᠂ ᠬᠦᠢᠳᠡᠨ ᠤᠮᠳᠠᠭᠠᠨ ᠶᠡᠭᠡ ᠤᠤᠭᠤᠪᠠᠯ ᠴᠢᠰᠤᠨ ᠰᠤᠳᠠᠯ ᠤᠨ ᠠᠬᠰᠢᠯᠳᠠ᠂ ᠵᠢᠷᠤᠬᠡ ᠳᠠᠷᠢᠬᠢ ᠪᠤᠯᠤᠨ ᠪᠤᠰᠤᠳ ᠡᠷᠬᠡᠳᠡᠨ ᠤ ᠬᠦᠴᠢᠯᠳᠦ᠋ᠷᠦᠭᠴᠢ ᠶᠢᠨ ᠬᠡᠷᠡᠭᠯᠡᠭᠡ ᠨᠡᠮᠡᠭᠳᠡᠵᠤ᠂ ᠴᠢᠰᠤᠨ ᠳᠠᠷᠤᠯᠳᠠ ᠬᠡᠯᠪᠡᠯᠵᠡᠳᠡᠭ ᠳᠤᠯᠠ ᠵᠢᠷᠤᠬᠡ ᠳᠠᠷᠢᠬᠢᠠ ᠤ ᠴᠢᠰᠤᠨ ᠰᠤᠳᠠᠯ ᠤᠨ ᠡᠪᠡᠳᠴᠢᠨ ᠡᠬᠦᠰᠬᠡᠬᠦ ᠡᠷᠡᠰᠳᠡᠯ ᠲᠠᠢ᠃     5᠂ ᠴᠠᠳᠳᠠᠯ᠎ᠠ ᠢᠳᠡᠭᠡᠳ ᠤᠨᠳᠠᠬᠤ    ᠦᠳᠡ ᠳᠤ ᠬᠠᠭᠠᠰ ᠴᠠᠭ ᠤᠷᠴᠢᠮ ᠠᠮᠠᠷᠠᠬᠤ ᠨᠢ ᠵᠦᠢᠳᠡᠢ ᠪᠤᠯᠪᠠᠴᠤ ᠢᠳᠡᠵᠤ ᠪᠠᠷᠠᠩᠭᠤᠳᠠ ᠰᠢᠭᠤᠳ ᠤᠨᠳᠠᠵᠤ ᠪᠤᠯᠬᠤ ᠦᠬᠡᠢ᠃     6᠂ ᠬᠦᠯᠦᠷᠡᠭᠰᠡᠨ ᠤ ᠳᠠᠷᠠᠭ᠎ᠠ ᠬᠦᠢᠳᠡᠨ ᠤᠰᠤ ᠪᠠᠷ ᠪᠡᠶ᠎ᠠ ᠪᠠᠨ ᠤᠬᠢᠶᠠᠬᠤ   ᠹᠦ᠋ ᠶᠢᠨ ᠬᠠᠯᠠᠭᠤᠨ ᠳᠤ ᠬᠦᠢᠳᠡᠨ ᠤᠰᠤ ᠪᠠᠷ ᠪᠡᠶ᠎ᠠ ᠪᠠᠨ ᠤᠬᠢᠶᠠᠬᠤ ᠨᠢ ᠬᠦᠮᠦᠨ ᠤ ᠪᠡᠶ᠎ᠠ ᠳᠤ ᠬᠡᠨᠡᠳᠳᠡ ᠶᠢᠨ ᠰᠡᠳᠤᠯᠳᠡ ᠦᠭᠴᠤ᠂ ᠴᠢᠰᠤᠨ ᠳᠠᠷᠤᠯᠳᠠ ᠶᠢ ᠨᠡᠮᠡᠭᠳᠡᠬᠦᠯᠦᠨ᠂ ᠰᠤᠴᠢᠮᠠᠬ ᠵᠢᠷᠤᠬᠡᠨ ᠪᠤᠯᠴᠢᠩ ᠤᠨ ᠲᠦᠭᠵᠢᠷᠡᠯ ᠡᠭᠦᠰᠭᠡᠵᠤ᠂ ᠠᠮᠢ ᠨᠠᠰᠤᠨ ᠤ ᠡᠷᠡᠰᠳᠡᠯ ᠳᠤ ᠬᠦᠷᠭᠡᠳᠡᠭ᠃     7᠂ ᠬᠠᠯᠠᠭᠤᠨ ᠨᠠᠷᠠᠨ ᠳᠤ ᠳᠠᠯᠤ ᠮᠦᠷᠤ ᠪᠠᠨ ᠨᠢᠴᠤᠭᠦᠯᠡᠨ ᠶᠠᠪᠤᠬᠤ   ᠵᠤᠨ ᠤ ᠬᠠᠯᠠᠭᠤᠨ ᠳᠤ ᠪᠡᠶ᠎ᠠ ᠬᠦᠯᠦᠷᠡᠵᠤ᠂ ᠰᠢᠷ ᠎ᠠ ᠦᠰᠤᠨ ᠤ ᠰᠦᠪᠡ ᠨᠡᠭᠡᠭᠡᠭᠳᠡᠭᠰᠡᠨ ᠤ ᠳᠠᠷᠠᠭ᠎ᠠ ᠬᠦᠷᠢᠨ ᠤ ᠭᠠᠳᠠᠨᠠᠬᠢ ᠳᠤᠶᠠᠭᠠᠨ ᠳᠤ ᠤᠷᠳᠤ ᠬᠤᠭᠤᠴᠠᠭ᠎ᠠ ᠰᠢᠷᠠᠪᠠᠯ᠂ ᠤᠰᠤᠨ ᠬᠠᠪᠤᠡᠭ᠂ ᠳᠡᠷᠡᠴᠢᠯᠡᠨ ᠪᠦᠬᠡᠷᠡᠨ ᠤ ᠡᠪᠡᠳᠴᠢᠨ ᠡᠬᠦᠰᠬᠡᠬᠦ ᠪᠤᠯᠤᠮᠵᠢ ᠲᠠᠢ᠃     8᠂ ᠭᠠᠭᠴᠠ ᠨᠤᠭᠤᠭ᠎ᠠ ᠵᠢᠮᠢᠰ ᠢᠶᠠᠷ ᠬᠤᠭᠤᠯᠠᠯᠠᠬᠤ   ᠬᠤᠭᠤᠯᠠᠨ ᠤ ᠳᠤᠷᠠᠰᠢᠯ ᠦᠬᠡᠢ ᠠᠴᠠ ᠪᠤᠯᠵᠤ᠂ ᠭᠠᠭᠴᠠ ᠨᠤᠭᠤᠭ᠎ᠠ ᠵᠢᠮᠢᠰ ᠢᠶᠠᠷ ᠭᠤᠷᠪᠠᠨ ᠡᠷᠢᠨ ᠤ ᠬᠤᠭᠤᠯᠠ ᠶᠢ ᠤᠷᠤᠯᠠᠭᠤᠯᠵᠤ ᠪᠤᠯᠬᠤ ᠦᠬᠡᠢ᠃ ᠳᠠᠬᠢᠶ᠎ᠠ᠂ ᠨᠤᠭᠤᠰᠤ᠂ ᠵᠢᠭᠠᠰᠤ᠂ ᠦᠨᠳᠡᠭᠡ᠂ ᠬᠠᠷ᠎ᠠ ᠮᠢᠬ᠎ᠠ ᠵᠡᠷᠭᠡ ᠰᠢᠮ᠎ᠠ ᠳᠡᠵᠢᠬᠡᠯᠳᠤ ᠢᠳᠡᠬᠡᠨ ᠢ ᠵᠤᠬᠢᠰᠳᠡᠢ ᠢᠳᠡᠵᠤ᠂ ᠳᠠᠷᠪᠦᠰ᠂ ᠭᠠᠰᠢᠭᠤᠨ ᠬᠡᠮᠬᠡ ᠵᠡᠷᠭᠡ ᠵᠢᠮᠢᠰ ᠢ ᠢᠯᠡᠬᠦᠬᠡᠨ ᠢᠳᠡᠵᠤ᠂ ᠤᠰᠤ ᠳᠠᠪᠤᠰᠤ ᠨᠦᠬᠦᠪᠦᠷᠢᠯᠡᠬᠦ ᠬᠡᠷᠡᠭᠳᠡᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号