︵ᠨᠢᠭᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠡᠯ᠎ᠡ ᠰᠣᠮᠣ | ᠪᠠᠯᠭᠠᠰᠣ᠂ ᠡᠯ᠎ᠡ ᠰᠠᠯᠠᠭ᠎ᠠ ᠮᠥᠴᠢᠷ ᠤᠨ ᠠᠶᠣᠯᠭᠦᠢ ᠦᠢᠯᠡᠳᠪᠦᠷᠢᠯᠡᠯ ᠪᠤᠶᠤ ᠪᠠᠶᠢᠭᠠᠯᠢ ᠶᠢᠨ ᠭᠠᠮᠰᠢᠭ ᠤᠨ | ᠭᠡᠨᠡᠳᠳᠡ ᠶᠢᠨ ᠬᠡᠷᠡᠭ ᠢ ᠠᠷᠭᠠᠴᠠᠬᠤ ᠪᠠ ᠭᠠᠮᠰᠢᠭ ᠠᠴᠠ ᠰᠡᠷᠭᠡᠶᠢᠯᠡᠵᠦ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ | ᠠᠵᠢᠯ ᠢ ᠵᠢᠭᠠᠨ ᠵᠢᠯᠣᠭᠤᠳᠣᠨ᠎ᠠ᠃ ᠠᠶᠣᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠣᠯᠲᠠ᠂ | ᠦᠢᠯᠡᠳᠪᠦᠷᠢ ᠠᠭᠤᠷᠬᠠᠢ ᠶᠢᠨ ᠠᠵᠢᠯ ᠲᠥᠷᠦᠯ ᠤᠨ ᠠᠶᠣᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠣᠯᠲᠠ ᠶᠢᠨ | ᠠᠵᠢᠯ ᠢ ᠬᠠᠷᠢᠭᠤᠴᠠᠨ᠎ᠠ᠃ ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠲᠣᠭᠲᠠᠯᠴᠠᠭ᠎ᠠ ᠶᠢ ᠪᠠᠶᠢᠭᠤᠯᠵᠤ᠂ | ᠠᠶᠣᠯᠭᠦᠢ ᠦᠢᠯᠡᠳᠪᠦᠷᠢᠯᠡᠯ ᠪᠣᠯᠣᠨ ᠭᠠᠮᠰᠢᠭ ᠠᠴᠠ ᠰᠡᠷᠭᠡᠶᠢᠯᠡᠵᠤ ᠬᠤᠬᠢᠷᠠᠯ ᠢ ᠪᠠᠭᠠᠰᠬᠠᠬᠤ ᠲᠥᠯᠦᠪᠵᠢᠭᠦᠯᠭᠡ ᠶᠢ | ᠲᠣᠭᠲᠠᠭᠠᠨ᠎ᠠ᠃ ︵ᠭᠤᠷᠪᠠ︶ ᠤᠰᠤᠯ ᠠᠳᠡᠯ᠂ ᠭᠠᠢ ᠭᠠᠮᠰᠢᠭ ᠢ ᠲᠡᠰ ᠬᠤᠪᠢᠶᠠᠨ ᠠᠷᠭᠠᠴᠠᠬᠤ ᠳᠥᠷᠢᠮ ᠢ | ᠨᠠᠶᠢᠳᠠᠪᠣᠷᠢᠵᠢᠭᠤᠯᠵᠣ᠂ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠪ ᠪᠣᠯᠣᠨ ᠠᠶᠣᠯᠭᠦᠢ ᠦᠢᠯᠡᠳᠪᠦᠷᠢᠯᠡᠯ᠂ | ᠪᠠᠶᠢᠭᠠᠯᠢ ᠶᠢᠨ ᠭᠠᠮᠰᠢᠭ ᠤᠨ ᠲᠣᠰᠬᠠᠢ ᠲᠥᠷᠦᠯ ᠤᠨ ᠪᠡᠯᠡᠳᠬᠡᠯ ᠲᠥᠰᠦᠪ ᠢ ᠲᠤᠭᠳᠠᠭᠠᠨ᠂ ᠬᠠᠮᠢᠶ᠎ᠠ ᠪᠦᠬᠦᠢ | ᠪᠤᠯᠪᠠᠰᠤᠷᠠᠯ ᠰᠣᠷᠢᠯᠲᠠ ᠶᠢ ᠵᠣᠬᠢᠶᠠᠨ ᠪᠠᠶᠢᠭᠤᠯᠣᠨ ᠥᠷᠨᠢᠭᠦᠯᠵᠤ᠂ ᠪᠠᠴᠢᠮ ᠪᠠᠶᠢᠳᠠᠯ ᠢ ᠠᠷᠭᠠᠴᠠᠵᠤ ᠠᠶᠣᠯ ᠠᠴᠠ | ᠵᠠᠶᠢᠯᠠᠬᠤ ᠲᠥᠬᠦᠭᠡᠷᠦᠮᠵᠢ ᠶᠢᠨ ᠪᠠᠶᠢᠭᠤᠯᠣᠯᠲᠠ ᠶᠢ ᠠᠬᠢᠭᠤᠯᠣᠨ᠎ᠠ᠃ ︵ᠳᠦᠷᠪᠡ︶ ᠪᠠᠴᠢᠮ ᠪᠠᠶᠢᠳᠠᠯ ᠢ | ᠠᠷᠭᠠᠴᠠᠭᠠᠬᠤ ᠰᠣᠷᠠᠭ ᠵᠠᠩᠭᠢ ᠶᠢᠨ ᠰᠢᠰᠲ᠋ᠧᠮ᠂ ᠬᠢᠨᠠᠨ ᠰᠢᠯᠭᠠᠬᠤ᠂ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ | ᠮᠡᠳᠡᠭᠦᠯᠬᠦ ᠳᠥᠷᠢᠮ ᠢ ᠲᠤᠭᠳᠠᠭᠠᠵᠤ᠂ ᠪᠠᠶᠢᠭᠠᠯᠢ ᠶᠢᠨ ᠭᠠᠮᠰᠢᠭ ᠤᠨ ᠰᠣᠷᠠᠭ ᠵᠠᠩᠬᠢ ᠶᠢᠨ ᠡᠬᠢ ᠪᠠᠶᠠᠯᠢᠭ ᠢ | ᠬᠤᠪᠢᠶᠠᠯᠴᠠᠬᠤ ᠲᠣᠭᠲᠠᠯᠴᠠᠭ᠎ᠠ ᠶᠢ ᠪᠦᠷᠢᠨᠰᠢᠬᠦᠯᠦᠨ᠂ ᠭᠠᠮᠰᠢᠭ ᠤᠨ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠵᠤ | ᠠᠪᠣᠷᠠᠨ ᠲᠣᠰᠠᠯᠠᠭᠰᠡᠨ ᠪᠠᠶᠢᠳᠠᠯ ᠢ ᠬᠠᠣᠯᠢ ᠶᠣᠰᠣᠭᠠᠷ ᠨᠡᠶᠢᠲᠡᠯᠡᠨ᠎ᠡ᠃ ︵ᠲᠠᠪᠤ︶ ᠠᠶᠣᠯᠭᠦᠢ ᠦᠢᠯᠡᠳᠪᠦᠷᠢᠯᠡᠯ᠂ | ᠪᠠᠶᠢᠭᠠᠯᠢ ᠶᠢᠨ ᠭᠠᠮᠰᠢᠭ ᠤᠨ ᠭᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠣᠰᠠᠯᠠᠬᠤ | ᠠᠵᠢᠯ ᠢ ᠵᠣᠬᠢᠶᠠᠨ ᠪᠠᠶᠢᠭᠤᠯᠵᠣ᠂ ᠵᠢᠯᠤᠭᠤᠳᠤᠨ ᠵᠤᠬᠢᠴᠠᠭᠤᠯᠤᠨ᠎ᠠ᠃ ᠣᠨᠴᠠ ᠶᠡᠭᠡ ᠭᠠᠢ ᠭᠠᠮᠰᠢᠭ ᠢ | ᠠᠷᠭᠠᠴᠠᠬᠤ ᠠᠵᠢᠯ ᠢ ᠵᠢᠯᠤᠭᠤᠳᠴᠤ᠂ ᠭᠡᠨᠡᠳᠳᠡ ᠶᠢᠨ ᠬᠡᠷᠡᠭ ᠤᠨ ᠥᠷᠭᠡᠳᠬᠦ ᠬᠠᠨᠳᠣᠰᠢ ᠶᠢ ᠰᠣᠳᠣᠯᠣᠨ | ᠮᠠᠭᠠᠳᠯᠠᠬᠤ ᠶᠢᠨ ᠬᠠᠮᠲᠣ ᠠᠷᠭᠠᠴᠠᠬᠤ ᠰᠠᠨᠠᠭᠤᠯᠭ᠎ᠠ ᠶᠢ ᠭᠠᠷᠭᠠᠨ᠂ ᠳᠡᠭᠡᠳᠦ ᠱᠠᠲᠣᠨ ᠤ ᠰᠠᠯᠠᠭ᠎ᠠ ᠮᠥᠴᠢᠷ ᠪᠣᠯᠣᠨ | ᠬᠤᠰᠢᠭᠤ ᠨᠠᠮ ᠵᠠᠰᠠᠭ ᠤᠨ ᠲᠣᠭᠲᠠᠭᠠᠭᠰᠡᠨ ᠠᠪᠤᠷᠠᠨ ᠲᠤᠰᠠᠯᠠᠵᠤ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠣᠨ᠎ᠠ᠃ ︵ᠵᠢᠷᠭᠤᠭ᠎ᠠ︶ ᠡᠯ᠎ᠡ ᠲᠥᠷᠦᠯ ᠤᠨ ᠪᠠᠴᠢᠮ ᠪᠠᠶᠢᠳᠠᠯ ᠢ ᠠᠷᠭᠠᠴᠠᠬᠤ ᠲᠣᠰᠬᠠᠢ ᠮᠡᠷᠭᠡᠵᠢᠯ ᠤᠨ | ᠡᠩᠨᠡᠭᠡ ᠶᠢ ᠤᠳᠤᠷᠢᠳᠤᠨ᠂ ᠪᠠᠴᠢᠮ ᠪᠠᠶᠢᠳᠠᠯ ᠢ ᠠᠷᠭᠠᠴᠠᠬᠤ ᠬᠠᠮᠳᠤᠷᠠᠭᠰᠠᠨ ᠪᠠᠶᠢᠭᠤᠯᠣᠮᠵᠢ ᠶᠢ ᠪᠠᠶᠢᠭᠤᠯᠵᠣ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠵᠤᠯᠭᠠᠯᠴᠠᠭ᠎ᠠ ᠶᠢ ᠠᠬᠢᠭᠤᠯᠤᠨ᠎ᠠ᠃ ︵ᠳᠣᠯᠤᠭ᠎ᠠ︶ | ᠭᠠᠯ ᠤᠨ ᠠᠶᠣᠯ ᠤᠨ ᠬᠢᠨᠠᠯᠳᠠ ᠬᠠᠮᠢᠶᠠᠷᠣᠯᠲᠠ᠂ ᠭᠠᠯ ᠤᠨ ᠠᠶᠣᠯ ᠠᠴᠠ ᠠᠪᠣᠷᠠᠨ ᠲᠣᠰᠠᠯᠠᠬᠤ ᠵᠡᠷᠭᠡ ᠠᠵᠢᠯ ᠢ | ᠵᠣᠬᠢᠴᠠᠭᠤᠯᠵᠤ ᠵᠢᠯᠣᠭᠤᠳᠣᠨ᠎ᠠ᠃ ︵ᠨᠠᠢᠮᠠ︶ ᠭᠠᠯ ᠲᠦᠢᠮᠡᠷ᠂ ᠦᠶᠡᠷ ᠤᠰᠤᠳᠠᠯ᠂ ᠭᠠᠩ ᠬᠠᠭᠰᠠᠷᠭᠠᠨ ᠂ | ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠤᠨ ᠰᠡᠷᠭᠡᠶᠢᠯᠡᠨ ᠵᠠᠰᠠᠬᠤ ᠠᠵᠢᠯ ᠢ ᠵᠤᠬᠢᠴᠠᠭᠤᠯᠤᠨ | ᠵᠢᠯᠣᠭᠤᠳᠴᠣ᠂ ᠪᠠᠶᠢᠭᠠᠯᠢ ᠶᠢᠨ ᠭᠠᠮᠰᠢᠭ ᠤᠨ ᠬᠢᠨᠠᠨ ᠬᠡᠮᠵᠢᠯᠲᠡ᠂ ᠣᠷᠢᠳᠴᠢᠯᠠᠨ ᠰᠡᠷᠡᠮᠵᠢᠯᠡᠭᠦᠯᠬᠦ ᠠᠵᠢᠯ ᠢ | ᠬᠠᠷᠢᠭᠤᠴᠠᠵᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠦᠨᠡᠯᠡᠯᠲᠡ ᠶᠢ ᠬᠢᠨ᠎ᠡ᠃ ︵ | ᠶᠢᠰᠦ︶ ᠪᠠᠴᠢᠮ ᠪᠠᠶᠢᠳᠠᠯ ᠳᠤ ᠠᠪᠣᠷᠠᠨ ᠲᠣᠰᠠᠯᠠᠬᠤ᠂ ᠭᠠᠮᠰᠢᠭ ᠤᠨ ᠪᠠᠶᠢᠳᠠᠯ ᠢ ᠰᠢᠯᠭᠠᠨ ᠪᠠᠶᠢᠴᠠᠭᠠᠬᠤ᠂ | ᠬᠤᠬᠢᠷᠠᠯ ᠢ ᠦᠨᠡᠯᠡᠬᠦ᠂ ᠡᠳ᠋ ᠮᠦᠩᠬᠦ ᠬᠠᠨᠳᠢᠪᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠪᠣᠷᠠᠨ | ᠲᠣᠰᠠᠯᠠᠬᠤ ᠡᠳ᠋ ᠪᠣᠳᠠᠰ ᠢ ᠬᠠᠮᠢᠶᠠᠷᠴᠤ ᠬᠤᠪᠢᠶᠠᠷᠢᠯᠠᠬᠤ ᠶᠢᠨ ᠬᠠᠮᠲᠣ ᠬᠢᠨᠠᠯᠲᠠ ᠲᠠᠯᠪᠢᠨ᠎ᠠ᠃ ︵ᠠᠷᠪᠠ︶ | ᠠᠶᠣᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠡᠷᠭᠡ ᠲᠤᠰᠢᠶᠠᠯ ᠢᠶᠠᠨ ᠬᠠᠣᠯᠢ ᠶᠣᠰᠣᠭᠠᠷ ᠬᠡᠷᠡᠭᠵᠢᠭᠦᠯᠵᠤ᠂ | ᠬᠠᠮᠢᠶ᠎ᠠ ᠪᠥᠬᠦᠢ ᠰᠠᠯᠠᠭ᠎ᠠ ᠮᠥᠴᠢᠷ ᠪᠣᠯᠣᠨ ᠰᠣᠮᠣ ᠰᠢᠶᠠᠩ ᠪᠠᠯᠭᠠᠰᠤᠨ ᠤ ᠠᠶᠣᠯᠭᠦᠢ ᠦᠢᠯᠡᠳᠪᠦᠷᠢᠯᠡᠯ ᠤᠨ ᠠᠵᠢᠯ ᠢ | ᠵᠢᠯᠣᠭᠤᠳᠴᠣ᠂ ᠵᠣᠬᠢᠴᠠᠭᠤᠯᠵᠣ᠂ ᠬᠢᠨᠠᠨ ᠪᠠᠶᠢᠴᠠᠭᠠᠵᠤ᠂ ᠠᠶᠣᠯᠭᠦᠢ ᠦᠢᠯᠡᠳᠪᠦᠷᠢᠯᠡᠯ ᠤ᠊ ᠰᠢᠯᠭᠠᠨ ᠪᠠᠶᠢᠴᠠᠭᠠᠯᠳᠠ | ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠠᠷᠪᠠᠨ ᠨᠢᠭᠡ︶ ᠦᠢᠯᠡᠳᠪᠦᠷᠢ ᠠᠭᠤᠷᠬᠠᠢ ᠶᠢᠨ | ᠨᠢᠭᠡᠴᠡ ᠶᠢᠨ ᠠᠶᠣᠯᠭᠦᠢ ᠦᠢᠯᠡᠳᠪᠦᠷᠢᠯᠡᠯ ᠤᠨ ᠬᠠᠣᠯᠢ ᠳᠥᠷᠢᠮ ᠢ ᠨᠠᠶᠢᠳᠠᠪᠤᠷᠢᠵᠢᠭᠤᠯᠤᠭᠰᠡᠨ ᠪᠠᠶᠢᠳᠠᠯ ᠪᠠ | ᠠᠶᠣᠯᠭᠦᠢ ᠦᠢᠯᠡᠳᠪᠦᠷᠢᠯᠡᠯ ᠤᠨ ᠨᠥᠬᠦᠴᠡᠯ᠂ ᠬᠠᠮᠢᠶ᠎ᠠ ᠪᠥᠬᠦᠢ ᠲᠥᠬᠦᠭᠡᠷᠦᠮᠵᠢ᠂ ᠠᠶᠣᠯᠭᠦᠢ ᠦᠢᠯᠡᠳᠪᠦᠷᠢᠯᠡᠯ ᠤᠨ | ᠬᠠᠮᠢᠶᠠᠷᠣᠯᠲᠠ ᠶᠢᠨ ᠠᠵᠢᠯ ᠢ ᠬᠠᠣᠯᠢ ᠶᠣᠰᠣᠭᠠᠷ ᠬᠢᠨᠠᠨ ᠪᠠᠶᠢᠴᠠᠭᠠᠨ᠎ᠠ᠃ ᠠᠶᠣᠯᠭᠦᠢ ᠦᠢᠯᠡᠳᠪᠦᠷᠢᠯᠡᠯ ᠤᠨ | ᠵᠥᠪᠰᠢᠶᠡᠷᠡᠯ ᠣᠯᠭᠤᠬᠤ ᠲᠦᠷᠢᠮ ᠳᠣᠭᠲᠠᠭᠠᠯ ᠢ ᠬᠠᠣᠯᠢ ᠶᠣᠰᠣᠭᠠᠷ ᠭᠡᠷᠡᠭᠵᠢᠬᠦᠯᠬᠦ ᠶᠢᠨ ᠬᠠᠮᠲᠣ ᠵᠢᠭᠠᠨ | ᠵᠢᠯᠣᠭᠤᠳᠴᠣ ᠬᠢᠨᠠᠯᠲᠠ ᠲᠠᠯᠪᠢᠨ᠎ᠠ᠃ ᠠᠶᠣᠯᠲᠠᠢ ᠬᠢᠮᠢ ᠶᠢᠨ ᠪᠥᠲᠦᠭᠡᠭᠳᠡᠭᠦᠨ ᠤ ᠠᠮᠤᠷ ᠲᠦᠪᠰᠢᠨ ᠤ ᠬᠠᠮᠢᠶᠠᠷᠣᠯᠲᠠ | ᠪᠣᠯᠣᠨ ᠫᠣᠣᠵᠢᠩ ᠲᠠᠷᠢ ᠶᠢᠨ ᠬᠢᠨᠠᠯᠳᠠ ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠬᠤᠶᠠᠷ︶ | ᠠᠶᠣᠯᠭᠦᠢ ᠦᠢᠯᠡᠳᠪᠦᠷᠢᠯᠡᠯ ᠤᠨ ᠤᠰᠤᠯ ᠠᠳᠡᠯ ᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠪᠠᠶᠢᠴᠠᠭᠠᠨ | ᠰᠢᠢᠳᠬᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠨᠠᠶᠢᠳᠠᠪᠣᠷᠢᠵᠢᠭᠤᠯᠣᠭᠰᠡᠨ ᠪᠠᠶᠢᠳᠠᠯ ᠳᠤ ᠬᠢᠨᠠᠯᠲᠠ | ᠲᠠᠯᠪᠢᠨ᠎ᠠ᠃ ︵ᠠᠷᠪᠠᠨ ᠭᠤᠷᠪᠠ︶ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠦᠬᠡᠴᠡᠯᠡᠯᠳᠡ ᠪᠣᠯᠣᠨ | ᠠᠪᠤᠷᠠᠨ ᠲᠣᠰᠠᠯᠠᠬᠤ ᠲᠥᠬᠦᠭᠡᠷᠦᠮᠵᠢ ᠶᠢᠨ ᠲᠥᠯᠦᠪᠵᠢᠭᠦᠯᠭᠡ ᠶᠢ ᠲᠤᠭᠳᠠᠭᠠᠨ ᠬᠡᠷᠡᠭᠵᠢᠭᠦᠯᠵᠤ᠂ ᠬᠠᠮᠢᠶ᠎ᠠ ᠪᠥᠬᠦᠢ | ᠰᠠᠯᠠᠭ᠎ᠠ ᠮᠥᠴᠢᠷ ᠲᠠᠢ ᠬᠠᠮᠳᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠰᠣᠷᠠᠭ ᠵᠠᠩᠭᠢ ᠶᠢᠨ | ᠲᠠᠪᠴᠠᠩ ᠢ ᠪᠠᠶᠢᠭᠤᠯᠵᠣ᠂ ᠭᠠᠮᠰᠢᠭ ᠭᠠᠷᠬᠤ ᠦᠶᠡᠰ ᠨᠢᠭᠡᠳᠦᠯᠲᠠᠢ ᠬᠤᠪᠢᠶᠠᠷᠢᠯᠠᠨ᠎ᠠ᠃ ︵ᠠᠷᠪᠠᠨ ᠳᠥᠷᠪᠡ︶ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠲᠠ ᠪᠠ ᠠᠶᠣᠯᠭᠦᠢ ᠦᠢᠯᠡᠳᠪᠦᠷᠢᠯᠡᠯ ᠤᠨ ᠬᠠᠮᠢᠶᠠᠳᠠᠢ ᠣᠬᠠᠭᠤᠯᠠᠭᠠ | ᠬᠥᠮᠦᠵᠢᠯ ᠢ ᠬᠢᠵᠦ ᠃ ᠮᠡᠷᠭᠡᠵᠢᠯ ᠤᠨ ᠰᠣᠳᠣᠯᠠᠭᠠᠨ ᠬᠢᠬᠦ᠂ ᠲᠥᠭᠡᠮᠡᠯᠵᠢᠭᠦᠯᠵᠤ ᠬᠡᠷᠡᠭᠵᠢᠭᠦᠯᠬᠦ ᠪᠠ ᠮᠡᠳᠡᠭᠡ | ᠵᠠᠩᠬᠢᠵᠢᠭᠰᠠᠨ ᠪᠦᠳᠦᠭᠡᠨ ᠪᠠᠶᠢᠭᠤᠯᠤᠯᠳᠠ ᠶᠢᠨ ᠠᠵᠢᠯ ᠢ ᠵᠣᠬᠢᠶᠠᠨ ᠪᠠᠶᠢᠭᠤᠯᠵᠣ ᠵᠢᠭᠠᠨ ᠵᠢᠯᠣᠭᠤᠳᠣᠨ᠎ᠠ᠃ ︵ᠠᠷᠪᠠᠨ | ᠲᠠᠪᠤ︶ ᠬᠤᠰᠢᠭᠤ ᠨᠠᠮ ᠵᠠᠰᠠᠭ ᠠᠴᠠ ᠲᠣᠰᠢᠶᠠᠭᠰᠡᠨ ᠪᠣᠰᠣᠳ ᠡᠭᠦᠷᠭᠡ ᠶᠢ ᠪᠡᠶᠡᠯᠡᠭᠦᠯᠦᠨ᠎ᠡ᠃ |