ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/8
  ᠤᠯᠤᠰ ᠣᠷᠣᠨ ᠤ ᠬᠤᠯᠪᠣᠭᠳᠠᠯ ᠪᠥᠬᠦᠶ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂  ᠡᠮᠨᠡᠯᠬᠡ  ᠶᠢᠨ ᠠᠪᠤᠷᠠᠨ ᠲᠤᠰᠠᠯᠠᠯᠲᠠ ᠵᠡᠷᠭᠡ ᠲᠠᠯ᠎ᠠ ᠶᠢᠨ ᠬᠠᠤᠯᠢ ᠲᠦᠷᠢᠮ᠂ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠬᠤᠰᠢᠭᠤᠨ ᠤ ᠡᠮᠨᠡᠯᠭᠡ ᠶᠢᠨ ᠪᠠᠲᠤᠯᠠᠭᠠᠨ ᠤ ᠰᠠᠭᠤᠷᠢ  ᠮᠦᠩᠬᠦ ᠶᠢᠨ ᠲᠥᠰᠦᠪ  ᠂ ᠡᠮ ᠡᠮᠨᠡᠯᠭᠡ᠂ ᠦᠷᠡᠵᠢᠯ ᠤᠨ ᠳᠠᠭᠠᠳᠬᠠᠯ ᠢ ᠭᠠᠷᠳᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠬᠤᠰᠢᠭᠤᠨ ᠤ  ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢ ᠳ᠋ᠦᠩᠨᠡᠨ ᠪᠣᠳᠣᠬᠤ᠂ ᠬᠢᠨᠠᠨ ᠬᠠᠷᠭᠤᠭᠤᠯᠬᠤ᠂  ᠰᠢᠯᠵᠢᠬᠦᠯᠦᠨ ᠥᠭᠬᠦ ᠪᠠ ᠲᠤᠯᠭᠠᠨ ᠪᠣᠳᠣᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠨ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠰᠠᠭᠤᠷᠢ ᠮᠥᠩᠭᠦᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ  ᠪᠠᠶᠢᠭᠤᠯᠤᠨ᠂ ᠰᠠᠭᠤᠷᠢ ᠮᠥᠩᠭᠦ ᠶᠢ ᠤᠯᠭᠤᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠴᠤᠭᠯᠠᠭᠤᠯᠬᠤ ᠪᠠ ᠬᠠᠷᠠᠭᠠᠯᠵᠠᠯ ᠦᠵᠡᠬᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠯᠢᠭ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠶ ᠪᠠᠶᠢᠯᠭᠠᠬᠤ ᠲᠤᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠨᠡᠯᠭᠡ ᠶᠢᠨ ᠪᠠᠳᠤᠯᠠᠭᠠᠨ ᠤ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠦᠯᠲᠡᠶ ᠲᠦᠯᠦᠪᠯᠡᠨ᠎ᠡ᠃  ᠤᠯᠤᠰ ᠣᠷᠣᠨ ᠤ ᠨᠢᠭᠡᠳᠦᠯᠲᠡᠶ ᠡᠮᠨᠡᠯᠭᠡ ᠶᠢᠨ ᠳᠠᠭᠠᠳᠬᠠᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃  ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ᠂  ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠠᠮᠢᠳᠤᠯᠢᠭ ᠢᠶᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠦᠨ᠎ᠡ ᠬᠠᠩᠰᠢ  ᠶᠢ ᠬᠢᠨᠠᠨ  ᠪᠠᠶᠢᠴᠠᠭᠠᠬᠤ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ  ᠭᠡᠷᠡᠭᠵᠢᠬᠦᠯᠦᠨ᠎ᠡ᠃ ᠡᠮ ᠤᠨ ᠵᠦᠢᠯ ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃  ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠂  ᠡᠮᠨᠡᠯᠬᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ  ᠡᠮᠨᠡᠯᠬᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂  ᠬᠠᠤᠯᠢ  ᠲᠦᠷᠢᠮ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠨᠡᠯᠭᠡ ᠶᠢᠨ ᠠᠪᠤᠷᠠᠨ ᠲᠤᠰᠠᠯᠠᠯᠳᠠ ᠪᠠᠷ ᠲᠤᠬᠠᠶᠢᠯᠠᠭᠰᠠᠨ ᠠᠵᠢᠯ ᠪᠤᠯᠭᠠᠵᠤ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂  ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠦᠶ ᠵᠣᠬᠢᠰᠲᠠᠶ᠂ ᠠᠮᠤᠷ ᠲᠦᠪᠰᠢᠨ ᠢᠶᠠᠷ ᠭᠡᠷᠡᠭᠯᠡᠵᠦ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠪᠠᠲᠤᠯᠠᠨ᠂  ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号