ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2024/3/8
   3 ᠰᠠᠷ᠎ᠠ ᠶᠢᠨ 6  ᠤ ᠡᠳᠦᠷ᠂  ᠬᠦᠨᠪᠤᠯᠠᠭ ᠰᠤᠮᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ 2024 ᠤᠨ ᠤ ᠭᠤᠷᠪᠠᠳᠠᠬᠢ ᠤᠳᠠᠭᠠᠨ ᠤ ᠲᠦᠪᠯᠡᠷᠡᠭᠰᠡᠨ ᠰᠤᠷᠤᠯᠴᠠᠯᠭ᠎ᠠ ᠶᠢᠨ ᠬᠤᠷᠠᠯ ᠢ   ᠬᠤᠷᠠᠯᠳᠤᠭᠤᠯᠪᠠ᠃ ᠬᠤᠷᠠᠯ ᠲᠡᠭᠡᠷ᠎ᠡ᠂  ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠢᠷᠭᠤᠭᠠᠨ ᠭᠤᠤᠯᠳᠠᠯᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠭᠤᠷᠪᠠᠨ ᠬᠠᠮᠢᠶᠠᠷᠤᠯᠳᠠ ᠭᠤᠷᠪᠠᠨ ᠡᠷᠬᠡᠪᠰᠢ ᠶᠢᠨ ᠲᠤᠬᠠᠢ ᠲᠣᠭᠲᠠᠭᠠᠯ ᠤᠳ︾᠂ ︽ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ︾ ᠶᠢ ᠰᠤᠷᠤᠯᠴᠠᠭᠰᠠᠨ ᠪᠠᠶᠢᠨ᠎ᠠ᠃ ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠵᠤ᠂ ᠭᠦᠨᠵᠡᠭᠡᠢ ᠤᠶᠢᠯᠠᠭᠠᠨ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠳᠠᠯ ᠢ ᠲᠣᠳᠣᠷᠬᠠᠢ ᠲᠠᠨᠢᠨ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠮᠦᠷᠳᠡᠭᠡᠨ ᠪᠣᠳᠠᠲᠠᠢ ᠠᠳᠬᠤᠵᠤ᠂ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ᠂ ᠠᠮᠤᠷ ᠲᠦᠪᠰᠢᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠤᠰᠤᠯ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃     ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ  ᠪᠠᠬᠢᠵᠢᠬᠦᠯᠦᠨ᠂  ᠪᠦᠬᠦ ᠰᠤᠮᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ  ᠳᠤ ᠪᠠᠳᠤᠳᠠᠢ ᠰᠠᠭᠤᠷᠢ ᠲᠠᠯᠪᠢᠵᠤ᠂ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃  ᠰᠤᠮᠤᠨ ᠤ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ ᠭᠡᠰᠢᠬᠦᠳ᠂  ᠰᠤᠮᠤᠨ ᠤ ᠤᠳᠤᠷᠢᠳᠬᠤ ᠪᠠᠭ ᠤᠨ  ᠭᠡᠰᠢᠬᠦᠳ ᠬᠤᠷᠠᠯ ᠰᠤᠷᠤᠯᠭ᠎ᠠ ᠳᠤ ᠣᠷᠣᠯᠴᠠᠵᠠᠢ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号