ᠰᠢᠨ᠎ᠡ ᠪᠠᠷ ᠲᠤᠮᠢᠯᠠᠭᠳᠠᠭᠰᠠᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠳ ︽ᠠᠵᠢᠯ ᠤᠨ ᠪᠠᠶᠢᠷᠢ ᠳᠠᠭᠠᠨ ᠭᠠᠷᠤᠯ᠎ᠠ︾
ᠨᠡᠶᠢᠲᠡᠯᠡᠭᠰᠡᠨ ᠴᠠᠭ᠄
2024/4/1
  ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠥᠮᠦᠵᠢᠯ ᠢ ᠤᠯᠠᠮ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠨ᠂ ᠨᠠᠰᠤᠨ ᠳᠤ ᠦᠯᠦ ᠬᠦᠷᠦᠭᠰᠡᠳ ᠤᠨ ᠬᠠᠤᠯᠢᠵᠢᠯ ᠤᠨ ᠦᠵᠡᠯᠲᠡ ᠪᠣᠯᠣᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 3 ᠰᠠᠷ᠎ᠠ ᠶᠢᠨ 29 ᠎ ᠤ ᠡᠳᠦᠷ   ᠲᠠᠶᠢᠹᠤᠰᠧ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠬᠠᠤᠯᠢ ᠪᠠᠷ ᠵᠠᠰᠠᠬᠤ ᠳᠡᠳ᠋ ᠵᠠᠬᠢᠷᠤᠯ︾᠎ ᠢ ᠤᠷᠢᠨ ᠲᠣᠮᠢᠯᠠᠬᠤ ᠶᠣᠰᠣᠯᠠᠯ ᠭᠤᠷᠪᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠺᠠᠩ ᠵᠢᠶᠠᠨ ᠵᠢᠶᠦ᠋ᠨ ᠶᠣᠰᠣᠯᠠᠯ ᠳᠤ ᠤᠷᠤᠯᠴᠠᠵᠠᠢ᠃ ᠤᠷᠢᠨ ᠲᠣᠮᠢᠯᠠᠬᠤ ᠶᠣᠰᠣᠯᠠᠯ ᠳᠡᠭᠡᠷ᠎ᠡ᠂ ︽ᠲᠠᠶᠢᠹᠤᠰᠧ ᠬᠤᠰᠢᠭᠤᠨ ᠤ ︿ᠨᠢᠭᠡ ᠰᠤᠷᠭᠠᠭᠤᠯᠢ ᠳᠤ ᠨᠢᠭᠡ ᠰᠢᠭᠦᠭᠴᠢ ᠲᠤᠬᠢᠷᠠᠭᠤᠯᠬᠤ﹀  ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠠᠷᠭ᠎ᠠ︾  ᠪᠤᠯᠤᠨ ︽ᠬᠠᠤᠯᠢ ᠪᠠᠷ ᠵᠠᠰᠠᠬᠤ ᠳᠡᠳ᠋ ᠵᠠᠬᠢᠷᠤᠯ︾᠎ ᠤᠨ ᠨᠡᠷᠡᠰ ᠢ ᠤᠩᠰᠢᠨ ᠨᠡᠶᠢᠳᠡᠯᠡᠭᠰᠡᠨ ᠪᠦᠭᠡᠳ ︽ᠬᠠᠤᠯᠢ ᠪᠠᠷ ᠵᠠᠰᠠᠬᠤ ᠳᠡᠳ᠋ ᠵᠠᠬᠢᠷᠤᠯ︾᠎ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠡᠨᠡ ᠤᠳᠠᠭ᠎ᠠ 18 ᠰᠢᠯᠢᠳᠡᠭ ᠰᠢᠬᠦᠭᠴᠢ ᠶᠢ ᠰᠤᠩᠭᠤᠵᠤ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ︽ᠬᠠᠤᠯᠢ ᠪᠠᠷ ᠵᠠᠰᠠᠬᠤ ᠳᠡᠳ᠋ ᠵᠠᠬᠢᠷᠤᠯ ︾᠎ ᠤᠨ ᠲᠤᠰᠢᠶᠠᠯ ᠢ ᠡᠭᠦᠷᠭᠡᠯᠡᠭᠦᠯᠦᠭᠰᠡᠨ ᠨᠢ  ᠬᠠᠤᠯᠢᠵᠢᠯ ᠤᠨ ᠬᠥᠮᠦᠵᠢᠯ ᠢ  ᠴᠢᠩᠭᠠᠳᠬᠠᠨ᠂ ᠶᠣᠰᠣ ᠰᠤᠷᠲᠠᠬᠤᠨ ᠤ ᠬᠥᠮᠦᠵᠢᠯ ᠢ ᠠᠬᠢᠭᠤᠯᠬᠤ ᠴᠢᠬᠤᠯᠠ ᠠᠷᠭ᠎ᠠ ᠪᠤᠳᠤᠯᠭ᠎ᠠ ᠶᠤᠮ᠃  ︽ᠬᠠᠤᠯᠢ ᠪᠠᠷ ᠵᠠᠰᠠᠬᠤ ᠳᠡᠳ᠋ ᠵᠠᠬᠢᠷᠤᠯ︾᠎ ᠤᠳ ᠎ ᠨᠢ ᠳᠠᠪᠠᠭᠤᠯᠢᠭ ᠢᠶᠠᠨ ᠪᠠᠳᠠᠷᠠᠭᠤᠯᠵᠤ᠂ ᠰᠤᠷᠭᠠᠭᠤᠯᠢ ᠶᠢᠨ ᠬᠦᠷᠢᠶᠡᠨ ᠳᠠᠬᠢ ᠣᠯᠠᠨ ᠡᠭᠦᠰᠬᠦ᠂ ᠠᠮᠠᠷᠬᠠᠨ ᠡᠭᠦᠰᠬᠦ ᠵᠢᠭᠤᠷᠠᠯᠳᠤᠭᠠᠨ ᠢ ᠴᠤᠬᠤᠶᠢᠮᠠᠭᠴᠠ ᠵᠣᠭᠰᠣᠭᠠᠵᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ᠃ ᠬᠤᠷᠠᠯ ᠤᠨ ᠳᠠᠷᠠᠭ᠎ᠠ᠂ ᠲᠠᠶᠢᠹᠤᠰᠧ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠨᠢᠭᠡ ᠰᠤᠷᠭᠠᠭᠤᠯᠢ ᠳᠤ ᠨᠢᠭᠡ ᠰᠢᠬᠦᠭᠴᠢ ᠲᠤᠬᠢᠷᠠᠭᠤᠯᠬᠤ︾᠎  ᠠᠵᠢᠯ ᠤᠨ ᠶᠠᠷᠢᠯᠴᠠᠬᠤ ᠬᠤᠷᠠᠯ ᠬᠤᠷᠠᠯᠳᠤᠵᠤ᠂ ᠬᠤᠷᠠᠯ ᠳᠤ ᠣᠷᠣᠯᠴᠠᠭᠰᠠᠳ ︽ᠬᠠᠤᠯᠢ ᠪᠠᠷ ᠵᠠᠰᠠᠬᠤ ᠳᠡᠳ᠋ ᠵᠠᠬᠢᠷᠤᠯ︾᠎ ᠤᠨ ᠦᠢᠯᠡᠳᠦᠯ ᠴᠢᠳᠠᠮᠵᠢ ᠶᠢ ᠬᠡᠷᠬᠢᠨ ᠭᠦᠢᠴᠡᠳ ᠪᠠᠳᠠᠷᠠᠭᠤᠯᠬᠤ᠂ ᠵᠠᠯᠠᠭᠤᠴᠤᠳ ᠪᠠᠭᠠᠴᠤᠳ ᠤᠨ ᠡᠷᠡᠭᠦᠯ  ᠪᠤᠶᠢᠵᠢᠯᠳᠠ ᠶᠢ ᠭᠡᠷᠬᠢᠨ ᠬᠠᠮᠠᠭᠠᠯᠠᠬᠤ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃  ᠠᠷᠠᠳ ᠤᠨ ᠰᠢᠭᠦᠬᠦ ᠬᠤᠷᠢᠶ᠎ᠠ᠂ ᠰᠤᠷᠭᠠᠨ ᠬᠥᠮᠦᠵᠢᠯ ᠤᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂  ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号