ᠵᠤᠤ ᠹᠧᠢ ᠫᠧᠩ ᠭᠠᠴᠠᠭ᠎ᠠ ᠲᠤᠰᠬᠤᠨ ᠳᠤ ᠬᠦᠨᠵᠡᠬᠡᠶᠢᠷᠡᠵᠦ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2024/4/1
 3 ᠰᠠᠷ᠎ᠠ ᠶᠢᠨ 30᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠦᠨᠪᠤᠯᠠᠭ ᠰᠤᠮᠤ᠂ ᠴᠢᠶᠠᠨ ᠶᠢᠨ ᠭᠧᠦ ᠪᠠᠯᠭᠠᠰᠤ᠂ ᠯᠥᠸᠧ ᠲᠦᠸᠧ ᠱᠠᠨ ᠪᠠᠯᠭᠠᠰᠤᠨ ᠤ ᠬᠡᠰᠡᠭ ᠭᠠᠴᠠᠭ᠎ᠠ ᠲᠣᠰᠬᠤᠨ ᠳᠤ ᠬᠦᠨᠵᠡᠭᠡᠶᠢᠷᠡᠵᠦ᠂ ᠣᠶᠢᠷ᠎ᠠ ᠶᠢᠨ ᠬᠤᠭᠤᠴᠠᠭᠠᠨ ᠤ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ  ᠲᠦᠢᠮᠡᠷ ᠢ ᠰᠡᠷᠭᠡᠶᠢᠯᠡᠬᠦ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃ ᠯᠢ ᠵᠠᠨ ᠪᠦᠦ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠵᠣᠣ ᠹᠧᠢ ᠫᠧᠩ ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠤᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ᠂  ᠣᠷᠣᠰᠢᠨ ᠰᠠᠭᠤᠷᠢᠰᠢᠬᠤ ᠣᠷᠴᠢᠨ ᠲᠤᠭᠤᠷᠢᠨ ᠤ ᠪᠠᠶᠢᠳᠠᠯ  ᠵᠡᠷᠭᠡ ᠶᠢ ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠵᠣᠣ ᠹᠧᠢ ᠫᠧᠩ ᠴᠢᠬᠤᠯᠠᠴᠢᠯᠠᠬᠤ ᠳᠠᠭᠠᠨ  ᠂  ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ  ᠎ ᠶᠢ ᠴᠠᠭᠠᠵᠠᠯᠠᠬᠤ ᠠᠵᠢᠯ  ᠎ ᠢ ᠰᠠᠶᠢᠨ ᠬᠢᠵᠦ᠂ ᠤᠯᠠᠮᠵᠢᠯᠠᠯᠲᠤ ᠮᠠᠯᠵᠢᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠨᠢ ᠠᠮᠢ ᠠᠬᠤᠢ ᠣᠷᠴᠢᠨ ᠲᠤᠭᠤᠷᠢᠨ ᠢ ᠪᠦᠲᠦᠮᠵᠢᠲᠡᠶ ᠪᠠᠷ ᠬᠠᠮᠠᠭᠠᠯᠠᠵᠤ ᠴᠢᠳᠠᠬᠤ ᠪᠥᠭᠡᠳ ᠮᠠᠯᠴᠢᠨ ᠲᠠᠷᠢᠶᠠᠴᠢᠨ ᠤ ᠠᠵᠤ ᠠᠮᠢᠳᠤᠷᠠᠯ ᠪᠠ ᠮᠠᠯ ᠠᠵᠤ ᠠᠬᠤᠢ  ᠎ ᠶᠢᠨ ᠦᠷᠬᠦᠯᠵᠢᠯᠡᠭᠰᠡᠨ ᠬᠥᠭᠵᠢᠯᠲᠡ  ᠎ ᠶᠢ ᠪᠠᠲᠤᠯᠠᠵᠤ ᠴᠢᠳᠠᠬᠤ ᠶᠤᠮ᠃ ᠡᠯ᠎ᠡ ᠰᠤᠮᠤ ᠰᠢᠶᠠᠩ ᠪᠠᠯᠭᠠᠰᠤ᠂  ᠡᠯ᠎ᠡ ᠰᠠᠯᠠᠭ᠎ᠠ ᠮᠥᠴᠢᠷ ᠤᠨ ᠬᠢᠨ ᠡᠷᠭᠡᠪᠰᠢ ᠲᠠᠨᠢᠯᠲᠠ ᠪᠠᠨ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠤᠬᠠᠭᠤᠯᠤᠨ ᠵᠢᠯᠤᠭᠤᠳᠴᠤ ᠪᠠᠶᠢᠭᠠᠳ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠤᠨ᠂  ᠮᠠᠯ ᠤᠨ ᠲᠡᠵᠢᠭᠡᠯ ᠪᠣᠷᠳᠤᠭ᠎ᠠ᠂  ᠤᠰᠤ ᠤᠮᠳᠠ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠮᠦᠷᠳᠡᠭᠡᠨ ᠪᠣᠳᠠᠲᠠᠢ ᠠᠳᠬᠤᠵᠤ᠂ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠢ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠷᠤᠭᠰᠢᠲᠠᠢ ᠰᠠᠶᠢᠨ ᠪᠡᠶᠡᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯᠯᠠᠭ᠎ᠠ ᠶᠢ ᠭᠦᠢᠴᠡᠳ ᠰᠠᠶᠢᠨ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠣᠷ ᠦᠬᠡᠶᠢᠳᠡᠬᠦᠯᠦᠨ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠴᠠᠭᠳᠠᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ︽ᠰᠡᠷᠭᠡᠶᠢᠯᠡᠯᠲᠡ ᠶᠢᠨ ᠬᠡᠷᠡᠮ︾᠎ ᠢ ᠪᠥᠬᠦ ᠲᠠᠯ᠎ᠠ ᠪᠠᠷ ᠪᠠᠳᠤ ᠴᠤᠭᠴᠠᠯᠠᠬᠤ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号