ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/4/1
  3 ᠰᠠᠷ᠎ᠠ ᠶᠢᠨ 31᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠲᠡᠭᠡᠷ᠎ᠡ᠂  ᠲᠥᠪ ᠤᠨ ᠤᠯᠤᠰ ᠲᠦᠷᠦ ᠶᠢᠨ ᠲᠤᠪᠴᠢᠶᠠᠨ ᠤ ᠬᠤᠷᠠᠯ ᠳᠡᠭᠡᠷ᠎ᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠰᠠᠨᠠᠯ ᠢ ᠬᠢᠨᠠᠨ ᠵᠦᠪᠯᠡᠬᠦ ᠳᠤ ᠶᠡᠷᠦᠩᠬᠡᠢ ᠱᠦᠵᠢ ᠰᠢ ᠶᠢᠨ ᠫᠢᠩ ᠤᠨ ᠶᠠᠷᠢᠭᠰᠠᠨ ᠴᠢᠬᠤᠯᠠ ᠶᠠᠷᠢᠶ᠎ᠠ ᠪᠣᠯᠣᠨ ᠼᠠᠢ ᠴᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠰᠦᠨ ᠱᠤᠤ ᠴᠧᠩ ᠱᠦᠵᠢ ᠶᠢᠨ 2024 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ 2023 ᠣᠨ ᠤ ︽ᠬᠠᠷᠢᠭᠤᠴᠠᠯᠭ᠎ᠠ ᠡᠬᠦᠷᠭᠡᠯᠡᠳᠡᠭ ᠰᠠᠶᠢᠨ ᠺᠠᠳ᠋ᠷ  ︾  ᠎ ᠢ ᠨᠡᠷᠡᠶᠢᠳᠦᠨ ᠵᠤᠷᠢᠬᠵᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠲᠡᠭᠡᠷ᠎ᠡ ᠪᠠᠰᠠ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠡᠭᠡᠷᠡᠬᠢ ᠰᠦᠨ ᠱᠤᠤ ᠴᠧᠩ ᠱᠦᠵᠢ᠂ ᠴᠧ ᠵᠢᠶᠦ᠋ᠨ ᠨᠥᠬᠦᠷ ᠤᠨ ᠶᠠᠷᠢᠶᠠᠨ ᠤ ᠵᠣᠷᠢᠭ ᠰᠠᠨᠠᠭ᠎ᠠ᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾᠂   ᠪᠦᠬᠦ ᠤᠯᠤᠰ ᠤᠨ ᠬᠤᠶᠠᠷ ᠬᠤᠷᠠᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ ᠪᠦᠭᠡᠳ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号