ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠄  ᠠᠵᠤ ᠠᠬᠤᠶᠢᠯᠠᠯ ᠤᠨ ᠡᠷᠭᠡ ᠠᠰᠢᠭ ᠢ ᠬᠠᠮᠠᠭᠠᠯᠠᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠦᠨ᠎ᠡ
ᠨᠡᠶᠢᠲᠡᠯᠡᠭᠰᠡᠨ ᠴᠠᠭ᠄
2024/4/1
  3 ᠰᠠᠷ᠎ᠠ ᠶᠢᠨ 29᠎ ᠤ ᠡᠳᠦᠷ᠂  ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ︽ᠠᠵᠤ ᠠᠬᠤᠶᠢᠯᠠᠯ ᠤᠨ ᠡᠷᠭᠡ ᠠᠰᠢᠭ ᠢ ᠬᠠᠮᠠᠭᠠᠯᠠᠵᠤ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ︾ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠢᠦᠢ ᠴᠧᠩ ᠭᠦᠸᠧ᠂ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠪᠠᠶᠢᠴᠠᠭᠠᠭᠴᠢ ᠳᠠᠷᠤᠭ᠎ᠠ ᠨᠠᠷᠠᠰᠤ᠂ ᠬᠤᠰᠢᠭᠤᠨ ᠎ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂  ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠨᠠᠷ  ᠬᠤᠷᠠᠯ ᠳᠤ ᠤᠷᠤᠯᠴᠠᠨ᠂ ᠡᠵᠡᠩᠨᠡᠯᠲᠡ ᠪᠠ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠠᠤᠯᠢ ᠲᠦᠷᠢᠮ ᠤᠨ ᠠᠰᠠᠭᠤᠳᠠᠯ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠠᠵᠢᠯ ᠤᠨ ᠲᠣᠭᠤᠷᠢᠨ ᠳᠤ ᠤᠯᠤᠯᠳᠠ ᠲᠥᠷᠥᠭᠳᠡᠯ ᠢᠶᠠᠨ ᠶᠠᠷᠢᠵᠤ᠂  ᠰᠠᠨᠠᠯ ᠰᠠᠨᠠᠭᠤᠯᠭ᠎ᠠ ᠪᠠᠨ ᠲᠤᠷᠠᠳᠤᠨ᠂  ᠠᠷᠭ᠎ᠠ ᠪᠣᠳᠣᠯᠭ᠎ᠠ ᠲᠡᠪᠰᠢᠬᠦᠯᠦᠭᠰᠡᠨ ᠪᠠᠶᠢᠨ᠎ᠠ᠃ ᠬᠤᠷᠠᠯ ᠲᠡᠭᠡᠷ᠎ᠡ ᠪᠠᠰᠠ ︽ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ︿ ᠠᠵᠤ ᠠᠬᠤᠶᠢᠯᠠᠯ ᠢ ᠬᠠᠮᠠᠭᠠᠯᠠᠬᠤ﹀ ᠠᠵᠢᠯᠯᠠᠭᠠᠨ ᠤ ᠲᠦᠰᠦᠪ︾᠎ ᠢ ᠤᠩᠰᠢᠨ ᠨᠡᠶᠢᠲᠡᠯᠡᠪᠡ᠃ ᠬᠤᠷᠠᠯ ᠤᠨ ᠳᠠᠷᠠᠭ᠎ᠠ᠂  ᠪᠠᠶᠢᠴᠠᠭᠠᠬᠤ ᠬᠤᠷᠢᠶᠠᠨ ᠤ ᠠᠵᠢᠯᠲᠠᠳ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠦᠨ᠎ᠡ ᠲᠦᠯᠦᠪᠦᠷᠢ ᠦᠭᠡᠢ  ᠬᠠᠤᠯᠢ ᠶᠢᠨ ᠵᠥᠪᠯᠡᠯᠭᠡ ᠬᠠᠩᠭᠠᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠤᠯᠠᠮ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠳᠤ ᠬᠦᠴᠦᠨ ᠨᠡᠮᠡᠷᠢᠯᠡᠵᠡᠢ᠃ ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠦᠢᠯᠡᠳᠦᠯ ᠴᠢᠳᠠᠮᠵᠢ ᠪᠠᠨ ᠬᠦᠢᠴᠡᠳ ᠪᠠᠳᠠᠷᠠᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠎ ᠤᠨ ᠡᠷᠭᠡ ᠠᠰᠢᠭ ᠢ ᠬᠠᠮᠠᠭᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠᠷ ᠴᠢᠷᠮᠠᠶᠢᠭᠰᠠᠭᠠᠷ ᠢᠷᠡᠵᠡᠶ᠃  ᠪᠠᠶᠢᠴᠠᠭᠠᠬᠤ ᠬᠤᠷᠢᠶ᠎ᠠ ᠨᠢ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ  ᠲᠤᠬᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠭᠠᠳ ᠵᠢᠷᠭᠤᠭᠠᠳᠠᠬᠢ ᠵᠢᠯ ᠢᠶᠠᠨ ᠪᠤᠯᠵᠤ ᠪᠠᠶᠢᠭ᠎ᠠ ᠶᠤᠮ᠃  ᠶᠠᠷᠢᠯᠴᠠᠬᠤ ᠬᠤᠷᠠᠯ ᠢᠶᠠᠷ ᠲᠠᠮᠵᠢᠭᠠᠳ᠂ ᠠᠵᠤ ᠠᠬᠤᠶᠢᠯᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠤᠷᠠᠳᠤᠭᠰᠠᠨ ᠠᠰᠠᠭᠤᠳᠠᠯ  ᠪᠠ ᠰᠠᠨᠠᠯ ᠰᠠᠨᠠᠭᠤᠯᠭ᠎ᠠ ᠶᠢ ᠰᠤᠨᠤᠰᠴᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠷᠪᠤᠯᠵᠢᠯᠠᠬᠤ ᠲᠠᠢ ᠤᠶᠠᠯᠳᠤᠭᠤᠯᠤᠨ᠂ ᠠᠰᠠᠭᠤᠳᠠᠯ ᠤᠨ ᠡᠭᠦᠰᠦᠭᠰᠡᠨ ᠰᠢᠯᠲᠠᠭᠠᠨ᠂ ᠠᠵᠤ ᠠᠬᠤᠶᠢᠯᠠᠯ ᠳᠤ ᠦᠵᠡᠭᠦᠯᠬᠦ ᠨᠥᠯᠥᠭᠡ ᠵᠢᠴᠢ ᠠᠰᠠᠭᠤᠳᠠᠯ ᠢ ᠰᠢᠢᠳᠪᠦᠷᠢᠯᠡᠭᠰᠡᠨ ᠠᠬᠢᠴᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠶᠠᠪᠤᠳᠠᠯ ᠢ ᠰᠢᠢᠳᠪᠦᠷᠢᠯᠡᠬᠦ  ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ  ᠱᠠᠭᠠᠷᠳᠠᠨ ᠠᠵᠤ ᠠᠬᠤᠶᠢᠯᠠᠯ ᠤᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ  ᠲᠦᠷᠭᠡᠨ ᠰᠢᠢᠳᠪᠦᠷᠢᠯᠡᠬᠦᠯᠵᠡᠢ᠃ ᠡᠭᠦᠨ ᠤ ᠬᠠᠮᠲᠤ᠂  ᠪᠠᠶᠢᠴᠠᠭᠠᠬᠤ ᠬᠤᠷᠢᠶ᠎ᠠ ᠨᠢ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠮᠠᠭᠠᠯᠠᠬᠤ᠂ ᠠᠷᠠᠳ ᠠᠴᠠ ᠡᠵᠡᠩᠨᠡᠭᠰᠡᠨ  ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠠᠵᠢᠯ ᠤᠨ ᠬᠡᠷᠡᠭᠵᠢᠭᠦᠯᠬᠦ ᠠᠷᠭ᠎ᠠ︾ ︽ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠭᠤᠴᠢᠨ ᠵᠢᠷᠭᠤᠭᠠᠨ ᠵᠤᠷᠪᠤᠰ︾ ︽ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠠᠷᠭ᠎ᠠ ᠬᠡᠮᠵᠢᠶ᠎ᠡ︾ ︽ᠠᠵᠤ ᠠᠬᠤᠶᠢᠯᠠᠯ ᠳᠤ ᠬᠤᠯᠪᠣᠭᠳᠠᠭᠰᠠᠨ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠲᠤ ᠦᠢᠯᠡᠴᠢᠯᠡᠬᠦ ᠪᠠᠳᠤᠯᠠᠭᠠᠨ ᠤ ᠠᠷᠭ᠎ᠠ ᠬᠡᠮᠵᠢᠶ᠎ᠡ ︾ ᠵᠢᠴᠢ ︽ᠠᠵᠤ ᠠᠬᠤᠶᠢᠯᠠᠯ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ ᠲᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠬᠠᠢ ᠠᠷᠪᠠᠨ ᠵᠤᠷᠪᠤᠰ ᠰᠠᠨᠠᠯ︾ ᠵᠡᠷᠭᠡ ᠠᠯᠢ ᠣᠯᠠᠨ  ᠠᠷᠭ᠎ᠠ ᠳᠦᠷᠢᠮ ᠢ ᠲᠤᠭᠳᠠᠭᠠᠨ ᠭᠡᠷᠡᠭᠵᠢᠬᠦᠯᠵᠦ᠂ ᠠᠵᠤ ᠠᠬᠤᠶᠢᠯᠠᠯ ᠳᠤ ᠦᠢᠯᠡᠴᠢᠯᠡᠬᠦ ᠶᠠᠰᠤ ᠴᠢᠨᠠᠷ  ᠪᠠ ᠦᠷ᠎ᠡ ᠪᠦᠳᠦᠮᠵᠢ ᠪᠠ ᠦᠨᠡᠨᠬᠦ ᠲᠡᠭᠡᠭᠰᠢᠯᠡᠬᠦᠯᠦᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠪᠠ ᠡᠷᠡᠭᠦᠯ ᠢᠶᠠᠷ ᠬᠥᠭᠵᠢᠬᠦ ᠶᠢ ᠪᠠᠳᠤᠯᠠᠭᠰᠠᠨ ᠪᠠᠶᠢᠨ᠎ᠠ᠃ ᠳᠠᠷᠠᠭ᠎ᠠ ᠠᠯᠬᠤᠮ ᠳᠤ᠂  ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠡᠭᠦᠷᠭᠡ ᠴᠢᠳᠠᠪᠬᠢ ᠳᠠᠭᠠᠨ ᠰᠠᠭᠤᠷᠢᠯᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠲᠦᠰᠢᠭᠯᠡᠨ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠨ ᠨᠡᠶᠢᠴᠡᠬᠦ ᠠᠵᠢᠯ ᠤᠨ ᠲᠣᠭᠲᠠᠴᠠ ᠶᠢ  ᠬᠠᠶᠢᠵᠤ᠂ ᠬᠠᠤᠯᠢ ᠪᠠᠷ ᠵᠠᠰᠠᠭᠰᠠᠨ  ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠡᠷᠴᠢᠮ ᠢ ᠤᠯᠠᠮ ᠴᠢᠩᠭᠠᠷᠠᠭᠤᠯᠤᠨ᠂ ᠠᠵᠤ ᠠᠬᠤᠶᠢᠯᠠᠯ ᠢ ᠵᠢᠯᠤᠭᠤᠳᠤᠨ ᠦᠨᠡᠨᠴᠢ ᠢᠲᠡᠭᠡᠮᠵᠢ ᠶᠢᠨ ᠤᠬᠠᠮᠰᠠᠷ ᠢ ᠨᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠤᠯᠭᠠᠨ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号