ᠬᠠᠪᠤᠷ ᠤᠨ ᠲᠠᠷᠢᠶᠠᠯᠠᠭ᠎ᠠ ᠳᠠᠭᠠᠨ ᠪᠦᠷᠢᠨ ᠪᠡᠯᠡᠳᠬᠡᠵᠦ ᠡᠯᠪᠡᠭ ᠬᠤᠷᠢᠶᠠᠯᠳᠠ ᠶᠢᠨ ᠰᠠᠭᠤᠷᠢ ᠶᠢ ᠲᠠᠯᠪᠢᠨ᠎ᠠ
ᠨᠡᠶᠢᠲᠡᠯᠡᠭᠰᠡᠨ ᠴᠠᠭ᠄
2024/4/1
   ᠤᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠡᠷᠡᠨ ᠪᠤᠯᠤᠭᠠᠳ ᠪᠠᠶᠢᠭ᠎ᠠ᠃ ᠣᠶᠢᠷ᠎ᠠ ᠶᠢᠨ ᠡᠳᠦᠷ ᠤᠳ ᠲᠤ᠂  ᠲᠠᠶᠢᠹᠤᠰᠧ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠨᠢ ᠵᠠᠯᠭᠠᠭ᠎ᠠ ᠪᠠᠷ ᠬᠦᠳᠡᠯᠦᠯᠴᠡᠨ᠂  ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠴᠠᠭ ᠢ ᠵᠠᠪᠳᠤᠨ ᠢᠳᠡᠪᠬᠢᠲᠡᠢ ᠣᠷᠣᠯᠴᠠᠵᠤ᠂ ᠡᠨᠡ ᠵᠢᠯ ᠤᠨ ᠲᠠᠷᠢᠶᠠᠯᠠᠩ ᠦᠢᠯᠡᠳᠪᠦᠷᠢᠯᠡᠯ ᠢ ᠰᠠᠶᠢᠨ ᠡᠬᠢᠯᠡᠬᠦᠯᠬᠦ ᠪᠠᠷ ᠴᠢᠷᠮᠠᠶᠢᠵᠠᠭᠠᠨ᠎ᠠ᠃      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠳᠤ ᠶᠡᠭᠡ ᠬᠡᠮᠵᠢᠶᠡᠨ ᠤ ᠪᠡᠯᠡ ᠮᠥᠩᠭᠦ ᠭᠡᠷᠡᠭᠰᠡᠨ᠎ᠡ᠂ ᠡᠨᠡ ᠨᠢ ᠲᠠᠷᠢᠶᠠᠴᠢᠨ ᠡᠷᠤᠭᠡ ᠳᠤ ᠠᠪᠴᠤ ᠬᠡᠯᠡᠪᠡᠯ ᠶᠡᠭᠡ ᠬᠡᠮᠵᠢᠶᠡᠨ ᠤ ᠵᠠᠷᠤᠯᠭ᠎ᠠ ᠪᠣᠯᠬᠤ ᠶᠤᠮ᠃  ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠨᠢ ᠥᠷᠭᠡᠨ ᠤᠯᠠᠨ ᠮᠠᠯᠴᠢᠨ ᠲᠠᠷᠢᠶᠠᠴᠢᠨ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠭᠤᠣᠯ ᠬᠦᠴᠦᠨ ᠪᠣᠯᠤᠭᠰᠠᠨ ᠤ ᠬᠤᠪᠢ ᠳᠤ ᠢᠳᠡᠪᠬᠢᠳᠡᠢ ᠪᠠᠷ ᠬᠠᠷᠢᠭᠤᠴᠠᠯᠭ᠎ᠠ ᠡᠬᠦᠷᠭᠡᠯᠡᠵᠦ᠂  ᠤᠷᠢᠳᠴᠢᠯᠠᠨ ᠪᠠᠶᠢᠴᠠᠭᠠᠵᠤ ᠰᠤᠷᠪᠤᠯᠵᠢᠯᠠᠬᠤ᠂  ᠵᠢᠬᠡᠯᠡᠯᠭᠡ ᠶᠢᠨ ᠭᠦᠢᠴᠡᠳᠬᠡᠯ ᠢ ᠳᠥᠭᠦᠮᠴᠢᠯᠡᠬᠦ᠂ ᠵᠢᠭᠡᠯᠡᠯᠭᠡ ᠶᠢᠨ ᠶᠠᠪᠤᠴᠠ ᠶᠢ ᠰᠢᠨᠡᠴᠢᠯᠡᠬᠦ ᠵᠡᠷᠭᠡ ᠠᠷᠭ᠎ᠠ ᠬᠡᠯᠪᠡᠷᠢ ᠪᠠᠷ ᠲᠠᠷᠢᠶᠠᠴᠢᠳ ᠲᠤ ᠪᠡᠯᠡ  ᠮᠦᠩᠬᠦᠨ ᠤ ᠳᠡᠮᠵᠢᠯᠭᠡ ᠦᠵᠡᠬᠦᠯᠵᠦ ᠪᠤᠢ᠃     ᠲᠦᠷᠦᠭᠦᠬᠡᠨ᠂ ᠰᠤᠷᠪᠤᠯᠵᠢᠯᠠᠭᠴᠢ  ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠯᠦᠸᠧ ᠲᠦᠸᠧ ᠱᠠᠨ ᠰᠠᠯᠪᠤᠷᠢ ᠪᠠᠩᠬᠢ ᠳᠤ ᠬᠦᠷᠦᠭᠡᠳ᠂  ᠵᠢᠭᠡᠯᠡᠯᠭᠡ ᠠᠪᠬᠤ ᠪᠠᠷ ᠢᠷᠡᠭᠰᠡᠨ ᠲᠠᠷᠢᠶᠠᠴᠢᠳ ᠲᠠᠢ ᠠᠭᠤᠯᠵᠠᠵᠤ ᠵᠤᠭᠤᠭ ᠲᠡᠯᠬᠡᠵᠡᠢ᠃ ᠪᠠᠩᠬᠢ  ᠎ ᠶᠢᠨ ᠬᠢᠨ ᠴᠠᠭ ᠲᠤᠬᠠᠢ ᠳᠤᠨᠢ ᠬᠠᠪᠰᠤᠷᠤᠯᠭ᠎ᠠ ᠦᠵᠡᠭᠦᠯᠦᠭᠰᠡᠨ ᠢᠶᠠᠷ ᠲᠡᠳᠡ ᠲᠠᠷᠢᠶᠠᠨ ᠦᠷ᠎ᠡ᠂ ᠬᠢᠮᠢ  ᠎ ᠶᠢᠨ ᠪᠣᠷᠳᠣᠭᠤᠷ ᠵᠡᠷᠭᠡ ᠦᠢᠯᠡᠳᠪᠦᠷᠢᠯᠡᠯ ᠤᠨ ᠬᠡᠷᠡᠭᠰᠡᠯ ᠢᠶᠠᠨ ᠰᠠᠨᠠᠭ᠎ᠠ ᠠᠮᠤᠷ ᠬᠤᠳᠠᠯᠳᠤᠨ ᠠᠪᠴᠤ᠂ ᠬᠠᠪᠤᠷ ᠤᠨ ᠲᠠᠷᠢᠶᠠᠯᠠᠭ᠎ᠠ  ᠎ ᠳᠠᠭᠠᠨ ᠪᠦᠷᠢᠨ ᠪᠡᠯᠡᠳᠬᠡᠯ ᠬᠢᠭᠰᠡᠨ ᠭᠡᠨ᠎ᠡ  ᠃  ᠸᠠᠩ ᠬᠠᠢ ᠯᠦᠩ ᠪᠣᠯ ᠲᠡᠭᠦᠨ ᠤ ᠳᠣᠲᠣᠷᠠᠬᠢ ᠠᠰᠢᠭ ᠬᠦᠷᠲᠡᠭᠴᠢ ᠶᠢᠨ ᠨᠢᠬᠡ ᠪᠠᠶᠢᠯ᠎ᠠ᠂  ᠲᠡᠷᠡ ᠰᠤᠷᠪᠤᠯᠵᠢᠯᠠᠭᠴᠢ ᠳᠤ᠄ ︽ᠤᠳᠠᠯ ᠦᠭᠡᠢ ᠲᠠᠷᠢᠶ᠎ᠠ ᠲᠠᠷᠢᠵᠤ ᠪᠣᠷᠳᠣᠭᠤᠷ   ᠤᠷᠤᠭᠤᠯᠬᠤ ᠴᠠᠭ ᠪᠤᠯᠤᠭᠠᠳ ᠪᠡᠯᠡ ᠮᠥᠩᠭᠦ ᠳᠤᠲᠠᠭᠳᠠᠵᠤ ᠪᠠᠶᠢᠭᠰᠠᠨ ᠶᠤᠮ᠂  ᠪᠠᠩᠬᠢ ᠠᠴᠠ 180 ᠲᠦᠮᠡᠨ ᠲᠥᠭᠦᠷᠢᠭ ᠤᠨ ᠵᠢᠭᠡᠯᠡᠯᠭᠡ ᠡᠷᠡᠮᠡᠯᠵᠡᠯᠡᠭᠰᠡᠨ ᠳᠤ ᠮᠠᠰᠢ ᠲᠦᠷᠭᠡᠨ ᠬᠦᠢᠴᠡᠳᠭᠡᠵᠦ ᠦᠭᠬᠦᠯ᠎ᠡ᠂ ᠠᠵᠢᠯᠲᠠᠳ ᠤᠨ ᠦᠢᠯᠡᠴᠢᠯᠡᠬᠦ ᠣᠪᠣᠷ ᠴᠤ ᠲᠤᠩ ᠰᠠᠶᠢᠨ  ᠂ ᠡᠨᠡ ᠵᠢᠯ ᠡᠯᠪᠡᠭ ᠬᠤᠷᠢᠶᠠᠯᠲᠠ ᠣᠯᠬᠤ  ᠎ ᠶᠢ ᠯᠠ ᠬᠦᠰᠡᠵᠦ ᠪᠠᠶᠢᠨ᠎ᠠ︾ ᠬᠡᠯ᠎ᠡ᠃     ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠠᠪᠤᠭᠰᠠᠨ ᠠᠷᠭ᠎ᠠ ᠨᠢ ᠲᠠᠷᠢᠶᠠᠴᠢᠨ ᠡᠷᠦᠬᠡ ᠳᠤ ᠬᠠᠪᠤᠷ ᠤᠨ ᠲᠠᠷᠢᠶᠠᠯᠠᠭ᠎ᠠ ᠶᠢᠨ ᠪᠡᠯᠡ ᠮᠥᠩᠭᠦ ᠶᠢᠨ ᠠᠰᠠᠭᠤᠳᠠᠯ ᠢ  ᠰᠢᠢᠳᠪᠦᠷᠢᠯᠡᠨ ᠦᠭᠴᠦ᠂  ᠪᠣᠳᠠᠲᠤ ᠠᠵᠢᠯᠯᠠᠭ᠎ᠠ ᠪᠠᠷ ᠢᠶᠠᠨ ︽ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠬᠤ ᠮᠠᠯᠵᠢᠬᠤ ᠤᠷᠤᠨ᠂ ᠲᠠᠷᠢᠶᠠᠴᠢᠨ ᠮᠠᠯᠴᠢᠨ︾᠎ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠬᠦᠯᠦᠭᠡᠳ᠂ ᠲᠤᠬᠠᠢ ᠶᠢᠨ ᠭᠠᠵᠠᠷ ᠤᠨ ᠬᠥᠳᠡᠭᠡ ᠠᠵᠤ ᠠᠬᠤᠢ ᠶᠢᠨ ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃       ᠲᠠᠶᠢᠹᠤᠰᠧ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠭᠦᠸᠧ ᠸᠧᠢ ᠵᠧᠦ  ᠄ ︽2024 ᠣᠨ ᠠᠴᠠ ᠨᠠᠰᠢ᠂  ᠮᠠᠨ ᠤ ᠪᠠᠩᠬᠢ ᠨᠢ ᠨᠡᠶᠢᠲᠡ 2341 ᠡᠷᠦᠬᠡ ᠮᠠᠯᠴᠢᠨ ᠲᠠᠷᠢᠶᠠᠴᠢᠨ ᠳᠤ 4.43 ᠳ᠋ᠦᠩᠰᠢᠭᠤᠷ ᠲᠥᠭᠦᠷᠢᠭ ᠤᠨ ᠵᠢᠭᠡᠯᠡᠯᠭᠡ   ᠤᠯᠭᠤᠵᠤ᠂ ᠬᠠᠪᠤᠷ ᠤᠨ ᠲᠠᠷᠢᠶᠠᠯᠠᠭ᠎ᠠ ᠶᠢᠨ ᠵᠢᠭᠡᠯᠡᠯᠭᠡ 1.16 ᠳ᠋ᠦᠩᠰᠢᠭᠤᠷ ᠲᠥᠭᠦᠷᠢᠭ  ᠂ ᠲᠠᠷᠢᠶᠠᠯᠠᠩ ᠢ ᠳᠡᠮᠵᠢᠬᠦ ᠵᠢᠭᠡᠯᠡᠯᠭᠡ 0.16 ᠳ᠋ᠦᠩᠰᠢᠭᠤᠷ ᠲᠥᠭᠦᠷᠢᠭ ᠲᠠᠷᠬᠠᠭᠠᠵᠠᠢ᠃ ᠬᠤᠶᠢᠰᠢᠳᠠ ᠴᠤ ᠭᠡᠰᠡᠨ ᠮᠠᠨ ᠤ ᠪᠠᠩᠬᠢ ᠨᠢ ᠲᠠᠷᠢᠶᠠᠯᠠᠩ ᠮᠠᠯ ᠠᠵᠤ ᠠᠬᠤᠢ ᠶᠢ ᠲᠡᠮᠵᠢᠬᠦ ᠵᠢᠭᠡᠯᠡᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠡᠯᠡ ᠮᠥᠩᠭᠦᠨ ᠤ ᠬᠡᠷᠡᠭᠴᠡᠭᠡ ᠶᠢ ᠦᠷᠭᠦᠯᠵᠢᠯᠡᠨ ᠬᠠᠩᠭᠠᠨ᠎ᠠ︾  ᠃       ᠬᠠᠪᠤᠷ ᠤᠨ ᠲᠠᠷᠢᠶᠠᠯᠠᠭ᠎ᠠ ᠳᠤ ᠶᠡᠭᠡ ᠬᠡᠮᠵᠢᠶᠡᠨ ᠤ ᠲᠤᠰᠤ ᠬᠡᠷᠡᠭᠯᠡᠬᠦ ᠨᠢ ᠲᠠᠮᠵᠢᠭ ᠦᠬᠡᠢ  ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠶᠢᠨ ᠬᠢᠨ ᠲᠣᠰᠣᠨ ᠤ ᠵᠦᠢᠯ  ᠎ ᠢ ᠭᠦᠢᠴᠡᠳ ᠨᠥᠭᠡᠴᠡᠯᠡᠬᠦ᠂ ᠬᠠᠩᠭᠠᠯᠭ᠎ᠠ  ᠎ ᠶᠢᠨ ᠶᠠᠰᠤ ᠴᠢᠨᠠᠷ ᠢ ᠪᠠᠲᠤᠯᠠᠬᠤ᠂ ᠴᠠᠭ ᠲᠤᠬᠠᠢ ᠳᠤᠨᠢ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠲᠠᠮᠵᠢᠭᠠᠳ᠂ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠲᠣᠰᠣᠨ ᠤ ᠬᠠᠩᠭᠠᠯᠭ᠎ᠠ ᠶᠢ   ᠪᠠᠳᠤᠯᠠᠵᠤ ᠢᠷᠡᠵᠡᠢ᠃ ᠦᠢᠯᠡᠴᠢᠯᠡᠭᠡᠨ ᠤ ᠶᠠᠰᠤ ᠴᠢᠨᠠᠷ ᠪᠣᠯᠣᠨ ᠦᠷ᠎ᠡ ᠪᠦᠳᠦᠮᠵᠢ ᠶᠢ ᠪᠠᠲᠤᠯᠠᠬᠤ ᠶᠢᠨ ᠲᠥᠯᠥᠭᠡ᠂  ᠴᠢᠯᠠᠭᠤᠨ ᠲᠣᠰᠣᠨ ᠤ ᠺᠤᠮᠫᠠᠨᠢ ᠶᠢᠨ ᠬᠢᠨ ᠪᠠᠰᠠ ᠲᠠᠷᠢᠶᠠᠴᠢᠳ ᠲᠠᠢ ᠢᠳᠡᠪᠬᠢᠳᠡᠢ ᠬᠠᠷᠢᠴᠠᠵᠤ᠂ ᠲᠡᠳᠡᠨ ᠤ ᠱᠠᠭᠠᠷᠳᠠᠯᠭ᠎ᠠ ᠬᠡᠷᠡᠭᠴᠡᠭᠡ  ᠎ ᠶᠢ ᠴᠠᠭ ᠲᠤᠬᠠᠢ ᠳᠤᠨᠢ ᠤᠶᠢᠯᠠᠭᠠᠬᠤ ᠶᠢᠨ ᠬᠠᠮᠳᠤ᠂  ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂  ᠴᠢᠨᠠᠷ ᠮᠠᠭᠤᠲᠠᠢ ᠳᠤᠰᠤᠨ ᠤ ᠬᠤᠣᠷ ᠬᠥᠨᠥᠭᠡᠯ ᠢ ᠲᠠᠶᠢᠯᠪᠤᠷᠢᠯᠠᠨ᠂ ᠲᠣᠰᠣ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠵᠦ᠂ ᠲᠠᠷᠢᠶᠠᠴᠢᠨ ᠡᠷᠦᠬᠡ ᠶᠢᠨ ᠰᠠᠨᠠᠭ᠎ᠠ ᠠᠮᠤᠷ ᠲᠣᠰᠣ ᠬᠡᠷᠡᠭᠯᠡᠬᠦ ᠶᠢ ᠪᠠᠳᠤᠯᠠᠭᠰᠠᠨ ᠪᠠᠶᠢᠨ᠎ᠠ᠃     ᠴᠢᠯᠠᠭᠤᠨ ᠲᠣᠰᠣᠨ ᠤ ᠺᠣᠮᠫᠠᠨᠢ ᠶᠢᠨ ᠬᠠᠷᠢᠭᠤᠴᠠᠯᠭᠠᠳᠠᠨ ᠯᠢ ᠴᠢᠩ ᠱᠠᠨ᠄ ︽ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ  ᠠᠵᠢᠯ ᠤᠨ ᠬᠤᠭᠤᠴᠠᠭᠠᠨ ᠳᠤ᠂ ᠮᠠᠨ ᠤ ᠺᠤᠮᠫᠠᠨᠢ ᠶᠢᠨ ᠬᠢᠨ ᠴᠠᠶᠢᠶ᠋ᠢᠦ ᠲᠣᠰᠣ᠂ ᠭᠤᠯᠭᠤᠭᠤᠷ ᠲᠣᠰᠣ᠂ ᠬᠢᠮᠢ ᠶᠢᠨ ᠪᠣᠷᠳᠣᠭᠤᠷ ᠤᠨ ᠲᠠᠯ᠎ᠠ ᠪᠠᠷ ᠠᠯᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠵᠤ᠂ ᠲᠠᠷᠢᠶᠠᠴᠢᠳ ᠤᠨ ᠦᠢᠯᠡᠳᠪᠦᠷᠢᠯᠡᠯ ᠤᠨ ᠵᠠᠷᠤᠯᠭ᠎ᠠ ᠶᠢ ᠪᠠᠭᠠᠰᠬᠠᠨ᠂  ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠤ ᠪᠤᠢ᠃ ᠴᠠᠶᠢᠶ᠋ᠢᠦ ᠲᠣᠰᠣᠨ ᠲᠡᠭᠡᠷ᠎ᠡ ᠯᠢᠲᠷ ᠪᠦᠷᠢ ᠳᠡᠭᠡᠨ 0.83 ᠲᠥᠭᠦᠷᠢᠭ ᠣᠷᠴᠢᠮ ᠎ ᠤᠨ ᠬᠠᠷᠠᠭᠠᠯᠵᠠᠯ  ᠦᠵᠡᠬᠦᠯᠬᠦ ᠶᠢᠨ ᠬᠠᠮᠳᠤ᠂ ᠲᠣᠰᠣᠨ ᠤ ᠵᠦᠢᠯ  ᠎ ᠢ ᠴᠠᠭ ᠢᠮᠠᠭᠳᠠ ᠲᠠᠰᠤᠯᠳᠠᠭᠤᠯᠬᠤ ᠦᠭᠡᠢ ᠪᠠᠶᠢᠯᠭᠠᠨ  ᠂ ᠲᠠᠷᠢᠶᠠᠯᠠᠩ ᠤᠨ ᠦᠢᠯᠡᠳᠪᠦᠷᠢᠯᠡᠯ ᠢ ᠪᠠᠳᠤᠯᠠᠵᠤ ᠪᠠᠶᠢᠨ᠎ᠠ︾᠃    ᠲᠠᠷᠢᠶᠠᠯᠠᠭ᠎ᠠ ᠶᠢᠨ ᠪᠡᠯᠡᠳᠭᠡᠯ ᠬᠢᠬᠦ ᠳᠤ ᠦᠷ᠎ᠡ ᠰᠣᠩᠭᠤᠬᠤ ᠬᠡᠵᠦ ᠪᠠᠰᠠ ᠨᠢᠬᠡ ᠴᠢᠬᠤᠯᠠ ᠠᠵᠢᠯ ᠪᠠᠶᠢᠳᠠᠭ᠃  ᠲᠠᠷᠢᠶᠠᠨ ᠦᠷ᠎ᠡ ᠨᠢ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠪᠤᠯᠵᠤ᠂ ᠲᠠᠷᠢᠮᠠᠯ ᠤᠨ ᠤᠷᠭᠤᠯᠲᠠ᠂ ᠤᠨᠠᠯᠲᠠ ᠪᠠ ᠶᠠᠰᠤ ᠴᠢᠨᠠᠷ ᠲᠠᠢ ᠰᠢᠭᠤᠳ ᠬᠤᠯᠪᠤᠭᠳᠠᠨ᠎ᠠ᠃ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠲᠠᠷᠢᠶᠠᠯᠠᠩ ᠤᠨ ᠬᠡᠷᠡᠭᠰᠡᠯ ᠡᠵᠡᠩᠨᠡᠨ ᠪᠤᠷᠤᠯᠠᠭᠤᠯᠬᠤ ᠬᠤᠪᠢ ᠡᠷᠦᠬᠡ ᠨᠢ  ᠢᠳᠡᠪᠬᠢᠲᠡᠢ ᠪᠠᠷ ︽ᠲᠠᠶᠢᠨ ᠤ ᠪᠡᠯᠡᠳᠬᠡᠯ ᠬᠢᠵᠦ︾  ᠂ ᠲᠠᠷᠢᠶᠠᠯᠠᠩ ᠤᠨ ᠬᠡᠷᠡᠭᠰᠡᠯ ᠢ ᠭᠦᠢᠴᠡᠳ ᠨᠥᠭᠡᠴᠡᠯᠡᠬᠦ ᠶᠢᠨ ᠬᠠᠮᠲᠤ ᠴᠢᠨᠠᠷ ᠰᠠᠶᠢᠲᠠᠢ᠂ ᠪᠣᠷᠤᠯᠠᠭᠤᠯᠭ᠎ᠠ ᠰᠠᠶᠢᠲᠠᠢ ᠲᠥᠷᠥᠯ ᠵᠦᠢᠯ ᠢ ᠰᠤᠩᠭᠤᠨ᠂ ᠥᠷᠭᠡᠨ ᠣᠯᠠᠨ ᠲᠠᠷᠢᠶᠠᠴᠢᠳ ᠤᠨ ᠬᠡᠷᠡᠭᠴᠡᠭᠡ ᠶᠢ ᠬᠠᠩᠭᠠᠵᠤ ᠪᠠᠶᠢᠨ᠎ᠠ᠃       ᠣᠶᠢᠷ᠎ᠠ ᠳᠤ᠂ ᠰᠤᠷᠪᠤᠯᠵᠢᠯᠠᠭᠴᠢ ᠲᠤᠰ ᠬᠤᠰᠢᠭᠤᠨ ᠤ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠬᠤᠳᠠᠯᠳᠤᠭ᠎ᠠ ᠪᠠᠷ ᠲᠤᠭᠤᠷᠢᠨ ᠰᠤᠷᠪᠤᠯᠵᠢᠯᠠᠬᠤ ᠳᠤ᠂ ᠡᠯ᠎ᠡ ᠲᠥᠷᠥᠯ ᠤᠨ ᠲᠠᠷᠢᠮᠠᠯ ᠤᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠦᠷᠢᠨ ᠲᠦᠬᠦᠷ ᠪᠠᠶᠢᠵᠤ᠂ ᠲᠠᠷᠢᠶᠠᠴᠢᠳ ᠲᠤ ᠣᠯᠠᠨ ᠶᠠᠩᠵᠤ ᠶᠢᠨ ᠰᠣᠩᠭᠤᠯᠲᠠ ᠲᠠᠢ ᠪᠠᠶᠢᠭ᠎ᠠ ᠶᠢ ᠤᠯᠵᠤ ᠮᠡᠳᠡᠵᠡᠢ᠃  ᠣᠶᠢᠯᠠᠭᠠᠭᠰᠠᠨ ᠢᠶᠠᠷ  ᠂  2024 ᠣᠨ ᠳᠤ  ᠪᠥᠬᠦ ᠬᠤᠰᠢᠭᠤᠨ ᠤ ᠲᠠᠷᠢᠶᠠᠯᠠᠩ ᠤᠨ ᠶᠡᠷᠦᠩᠬᠡᠢ ᠲᠠᠯᠠᠪᠠᠶ 158.46  ᠲᠦᠮᠡᠨ ᠮᠦ ᠳᠤ ᠬᠦᠷᠴᠦ  ᠠᠮᠤ ᠪᠤᠳᠠᠭᠠᠨ ᠤ ᠲᠠᠯᠠᠪᠠᠶ ᠪᠠᠷᠤᠭ 99 ᠲᠦᠮᠡᠨ ᠮᠦ ᠳᠤ ᠬᠦᠷᠬᠦ ᠪᠣᠯᠣᠨ᠎ᠠ᠃ ᠣᠳᠣᠬᠠᠨ ᠳᠤ᠂ ᠪᠥᠬᠦ ᠬᠤᠰᠢᠭᠤᠨ ᠤ ᠬᠢᠨ ᠪᠠᠷᠤᠭ 0.5 ᠲᠦᠮᠡᠨ ᠲᠣᠨ  ᠬᠢᠮᠢ ᠶᠢᠨ ᠪᠣᠷᠳᠣᠭᠤᠷ   ᠂  7.55 ᠲᠦᠮᠡᠨ ᠲᠣᠨ  ᠲᠠᠷᠢᠮᠠᠯ ᠎ ᠤᠨ ᠦᠷ᠎ᠡ  ᠂  55 ᠲᠣᠨ ᠰᠦᠯᠢᠶᠥᠦ ᠪᠦᠷᠬᠦᠪᠴᠢ ᠨᠦᠬᠡᠴᠡᠯᠡᠨ ᠪᠡᠯᠡᠳᠬᠡᠵᠦ᠂ ᠨᠥᠭᠡᠴᠡ ᠶᠢᠨ ᠬᠡᠮᠵᠢᠶ᠎ᠡ ᠭᠦᠢᠴᠡᠳ᠂ ᠦᠨ᠎ᠡ ᠬᠠᠩᠰᠢ ᠲᠣᠭᠲᠠᠭᠤᠨ  ᠪᠠᠶᠢᠭ᠎ᠠ᠃ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠲᠤᠤᠷ᠎ᠠ᠂ ᠲᠠᠶᠢᠹᠤᠰᠧ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠮᠬᠢ ᠳᠢᠭᠯᠢᠮ ᠲᠠᠢ ᠶᠠᠪᠤᠭᠳᠠᠭᠰᠠᠭᠠᠷ᠂ ᠤᠳᠠᠯ ᠦᠭᠡᠢ ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠥᠩ ᠰᠢᠮᠡᠯᠢᠭ ᠬᠥᠷᠥᠰᠥᠨ ᠳᠤ ᠡᠯᠪᠡᠭ ᠬᠤᠷᠢᠶᠠᠯᠲᠠ ᠶᠢᠨ ᠡᠭᠡᠰᠢᠭ ᠲᠠᠭᠤᠤ ᠬᠠᠩᠬᠢᠨᠠᠬᠤ ᠶᠢ ᠢᠲᠡᠭᠡᠵᠦ ᠪᠠᠶᠢᠨᠠᠮ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号