ᠰᠢᠨ᠎ᠡ ᠪᠠᠷ ᠲᠤᠮᠢᠯᠠᠭᠳᠠᠭᠰᠠᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠳ ︽ᠠᠵᠢᠯ ᠤᠨ ᠪᠠᠶᠢᠷᠢ ᠳᠠᠭᠠᠨ ᠭᠠᠷᠤᠯ᠎ᠠ︾
ᠨᠡᠶᠢᠲᠡᠯᠡᠭᠰᠡᠨ ᠴᠠᠭ᠄
2024/4/1
  ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠥᠮᠦᠵᠢᠯ ᠢ ᠤᠯᠠᠮ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠨ᠂ ᠨᠠᠰᠤᠨ ᠳᠤ ᠦᠯᠦ ᠬᠦᠷᠦᠭᠰᠡᠳ ᠤᠨ ᠬᠠᠤᠯᠢᠵᠢᠯ ᠤᠨ ᠦᠵᠡᠯᠲᠡ ᠪᠣᠯᠣᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 3 ᠰᠠᠷ᠎ᠠ ᠶᠢᠨ 29  ᠤ ᠡᠳᠦᠷ   ᠲᠠᠶᠢᠹᠤᠰᠧ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠬᠠᠤᠯᠢ ᠪᠠᠷ ᠵᠠᠰᠠᠬᠤ ᠳᠡᠳ᠋ ᠵᠠᠬᠢᠷᠤᠯ︾ ᠢ ᠤᠷᠢᠨ ᠲᠣᠮᠢᠯᠠᠬᠤ ᠶᠣᠰᠣᠯᠠᠯ ᠭᠤᠷᠪᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠺᠠᠩ ᠵᠢᠶᠠᠨ ᠵᠢᠶᠦ᠋ᠨ ᠶᠣᠰᠣᠯᠠᠯ ᠳᠤ ᠤᠷᠤᠯᠴᠠᠵᠠᠢ᠃ ᠤᠷᠢᠨ ᠲᠣᠮᠢᠯᠠᠬᠤ ᠶᠣᠰᠣᠯᠠᠯ ᠳᠡᠭᠡᠷ᠎ᠡ᠂ ︽ᠲᠠᠶᠢᠹᠤᠰᠧ ᠬᠤᠰᠢᠭᠤᠨ ᠤ ︿ᠨᠢᠭᠡ ᠰᠤᠷᠭᠠᠭᠤᠯᠢ ᠳᠤ ᠨᠢᠭᠡ ᠰᠢᠭᠦᠭᠴᠢ ᠲᠤᠬᠢᠷᠠᠭᠤᠯᠬᠤ﹀  ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠠᠷᠭ᠎ᠠ︾  ᠪᠤᠯᠤᠨ ︽ᠬᠠᠤᠯᠢ ᠪᠠᠷ ᠵᠠᠰᠠᠬᠤ ᠳᠡᠳ᠋ ᠵᠠᠬᠢᠷᠤᠯ︾ ᠤᠨ ᠨᠡᠷᠡᠰ ᠢ ᠤᠩᠰᠢᠨ ᠨᠡᠶᠢᠳᠡᠯᠡᠭᠰᠡᠨ ᠪᠦᠭᠡᠳ ︽ᠬᠠᠤᠯᠢ ᠪᠠᠷ ᠵᠠᠰᠠᠬᠤ ᠳᠡᠳ᠋ ᠵᠠᠬᠢᠷᠤᠯ︾ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠡᠨᠡ ᠤᠳᠠᠭ᠎ᠠ 18 ᠰᠢᠯᠢᠳᠡᠭ ᠰᠢᠬᠦᠭᠴᠢ ᠶᠢ ᠰᠤᠩᠭᠤᠵᠤ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ︽ᠬᠠᠤᠯᠢ ᠪᠠᠷ ᠵᠠᠰᠠᠬᠤ ᠳᠡᠳ᠋ ᠵᠠᠬᠢᠷᠤᠯ ︾ ᠤᠨ ᠲᠤᠰᠢᠶᠠᠯ ᠢ ᠡᠭᠦᠷᠭᠡᠯᠡᠭᠦᠯᠦᠭᠰᠡᠨ ᠨᠢ  ᠬᠠᠤᠯᠢᠵᠢᠯ ᠤᠨ ᠬᠥᠮᠦᠵᠢᠯ ᠢ  ᠴᠢᠩᠭᠠᠳᠬᠠᠨ᠂ ᠶᠣᠰᠣ ᠰᠤᠷᠲᠠᠬᠤᠨ ᠤ ᠬᠥᠮᠦᠵᠢᠯ ᠢ ᠠᠬᠢᠭᠤᠯᠬᠤ ᠴᠢᠬᠤᠯᠠ ᠠᠷᠭ᠎ᠠ ᠪᠤᠳᠤᠯᠭ᠎ᠠ ᠶᠤᠮ᠃  ︽ᠬᠠᠤᠯᠢ ᠪᠠᠷ ᠵᠠᠰᠠᠬᠤ ᠳᠡᠳ᠋ ᠵᠠᠬᠢᠷᠤᠯ︾ ᠤᠳ  ᠨᠢ ᠳᠠᠪᠠᠭᠤᠯᠢᠭ ᠢᠶᠠᠨ ᠪᠠᠳᠠᠷᠠᠭᠤᠯᠵᠤ᠂ ᠰᠤᠷᠭᠠᠭᠤᠯᠢ ᠶᠢᠨ ᠬᠦᠷᠢᠶᠡᠨ ᠳᠠᠬᠢ ᠣᠯᠠᠨ ᠡᠭᠦᠰᠬᠦ᠂ ᠠᠮᠠᠷᠬᠠᠨ ᠡᠭᠦᠰᠬᠦ ᠵᠢᠭᠤᠷᠠᠯᠳᠤᠭᠠᠨ ᠢ ᠴᠤᠬᠤᠶᠢᠮᠠᠭᠴᠠ ᠵᠣᠭᠰᠣᠭᠠᠵᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ᠃ ᠬᠤᠷᠠᠯ ᠤᠨ ᠳᠠᠷᠠᠭ᠎ᠠ᠂ ᠲᠠᠶᠢᠹᠤᠰᠧ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠨᠢᠭᠡ ᠰᠤᠷᠭᠠᠭᠤᠯᠢ ᠳᠤ ᠨᠢᠭᠡ ᠰᠢᠬᠦᠭᠴᠢ ᠲᠤᠬᠢᠷᠠᠭᠤᠯᠬᠤ︾  ᠠᠵᠢᠯ ᠤᠨ ᠶᠠᠷᠢᠯᠴᠠᠬᠤ ᠬᠤᠷᠠᠯ ᠬᠤᠷᠠᠯᠳᠤᠵᠤ᠂ ᠬᠤᠷᠠᠯ ᠳᠤ ᠣᠷᠣᠯᠴᠠᠭᠰᠠᠳ ︽ᠬᠠᠤᠯᠢ ᠪᠠᠷ ᠵᠠᠰᠠᠬᠤ ᠳᠡᠳ᠋ ᠵᠠᠬᠢᠷᠤᠯ︾ ᠤᠨ ᠦᠢᠯᠡᠳᠦᠯ ᠴᠢᠳᠠᠮᠵᠢ ᠶᠢ ᠬᠡᠷᠬᠢᠨ ᠭᠦᠢᠴᠡᠳ ᠪᠠᠳᠠᠷᠠᠭᠤᠯᠬᠤ᠂ ᠵᠠᠯᠠᠭᠤᠴᠤᠳ ᠪᠠᠭᠠᠴᠤᠳ ᠤᠨ ᠡᠷᠡᠭᠦᠯ  ᠪᠤᠶᠢᠵᠢᠯᠳᠠ ᠶᠢ ᠭᠡᠷᠬᠢᠨ ᠬᠠᠮᠠᠭᠠᠯᠠᠬᠤ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃  ᠠᠷᠠᠳ ᠤᠨ ᠰᠢᠭᠦᠬᠦ ᠬᠤᠷᠢᠶ᠎ᠠ᠂ ᠰᠤᠷᠭᠠᠨ ᠬᠥᠮᠦᠵᠢᠯ ᠤᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂  ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号