3 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠦᠨᠪᠤᠯᠠᠭ ᠰᠤᠮᠤ᠂ | ᠴᠢᠶᠠᠨ ᠶᠢᠨ ᠭᠧᠦ ᠪᠠᠯᠭᠠᠰᠤ᠂ ᠯᠥᠸᠧ ᠲᠦᠸᠧ ᠱᠠᠨ ᠪᠠᠯᠭᠠᠰᠤᠨ ᠤ ᠬᠡᠰᠡᠭ ᠭᠠᠴᠠᠭ᠎ᠠ ᠲᠣᠰᠬᠤᠨ ᠳᠤ | ᠬᠦᠨᠵᠡᠭᠡᠶᠢᠷᠡᠵᠦ᠂ ᠣᠶᠢᠷ᠎ᠠ ᠶᠢᠨ ᠬᠤᠭᠤᠴᠠᠭᠠᠨ ᠤ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ᠂ ᠣᠶ | ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ | ᠪᠠᠶᠢᠴᠠᠭᠠᠨ ᠰᠤᠳᠤᠯᠤᠯᠲᠠ ᠬᠢᠵᠡᠢ᠃ ᠯᠢ ᠵᠠᠨ ᠪᠦᠦ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠪᠠᠶᠢᠴᠠᠭᠠᠨ | ᠰᠤᠳᠤᠯᠬᠤ ᠬᠤᠭᠤᠴᠠᠭᠠᠨ ᠳᠤ᠂ ᠵᠣᠣ ᠹᠧᠢ ᠫᠧᠩ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠢᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ᠂ ᠬᠠᠪᠤᠷ ᠤᠨ | ᠤᠯᠠᠷᠢᠯ ᠤᠨ ᠪᠡᠯᠴᠢᠭᠡᠷ ᠰᠡᠷᠬᠦᠬᠡᠬᠦ ᠠᠵᠢᠯ᠂ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠤ ᠪᠠᠶᠢᠳᠠᠯ ᠵᠡᠷᠭᠡ ᠶᠢ | ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠤᠭᠰᠠᠨ | ᠪᠠᠶᠢᠨ᠎ᠠ᠃ ᠵᠣᠣ ᠹᠧᠢ ᠫᠧᠩ ᠴᠢᠬᠤᠯᠠᠴᠢᠯᠠᠬᠤ ᠳᠠᠭᠠᠨ ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠢ ᠰᠠᠶᠢᠨ ᠬᠢᠵᠦ᠂ ᠤᠯᠠᠮᠵᠢᠯᠠᠯᠲᠤ ᠮᠠᠯᠵᠢᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠨᠢ ᠠᠮᠢ | ᠠᠬᠤᠢ ᠣᠷᠴᠢᠨ ᠲᠤᠭᠤᠷᠢᠨ ᠢ ᠪᠦᠲᠦᠮᠵᠢᠲᠡᠶ ᠪᠠᠷ ᠬᠠᠮᠠᠭᠠᠯᠠᠵᠤ ᠴᠢᠳᠠᠬᠤ ᠪᠥᠭᠡᠳ ᠮᠠᠯᠴᠢᠨ ᠲᠠᠷᠢᠶᠠᠴᠢᠨ ᠤ ᠠᠵᠤ | ᠠᠮᠢᠳᠤᠷᠠᠯ ᠪᠠ ᠮᠠᠯ ᠠᠵᠤ ᠠᠬᠤᠢ ᠶᠢᠨ ᠦᠷᠬᠦᠯᠵᠢᠯᠡᠭᠰᠡᠨ ᠬᠥᠭᠵᠢᠯᠲᠡ ᠶᠢ ᠪᠠᠲᠤᠯᠠᠵᠤ ᠴᠢᠳᠠᠬᠤ ᠶᠤᠮ᠃ ᠡᠯ᠎ᠡ | ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠷᠭᠡᠪᠰᠢ ᠲᠠᠨᠢᠯᠲᠠ ᠪᠠᠨ ᠳᠡᠭᠡᠭᠰᠢᠯᠡᠭᠦᠯᠵᠦ᠂ | ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠤᠬᠠᠭᠤᠯᠤᠨ ᠵᠢᠯᠤᠭᠤᠳᠴᠤ ᠪᠠᠶᠢᠭᠠᠳ ᠪᠡᠯᠴᠢᠭᠡᠷ ᠰᠡᠷᠬᠦᠬᠡᠵᠦ | ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠤᠨ᠂ ᠮᠠᠯ ᠤᠨ ᠲᠡᠵᠢᠭᠡᠯ | ᠪᠣᠷᠳᠤᠭ᠎ᠠ᠂ ᠤᠰᠤ ᠤᠮᠳᠠ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠮᠦᠷᠳᠡᠭᠡᠨ ᠪᠣᠳᠠᠲᠠᠢ ᠠᠳᠬᠤᠵᠤ᠂ | ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠢ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠪᠡᠯᠴᠢᠭᠡᠷ | ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠷᠤᠭᠰᠢᠲᠠᠢ ᠰᠠᠶᠢᠨ ᠪᠡᠶᠡᠯᠡᠭᠦᠯᠬᠦ ᠬᠡᠷᠡᠭᠲᠡᠢ᠃ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯᠯᠠᠭ᠎ᠠ ᠶᠢ ᠭᠦᠢᠴᠡᠳ | ᠰᠠᠶᠢᠨ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠣᠷ ᠦᠬᠡᠶᠢᠳᠡᠬᠦᠯᠦᠨ ᠰᠢᠢᠳᠪᠦᠷᠢᠯᠡᠬᠦ ᠵᠡᠷᠭᠡ ᠠᠵᠢᠯ ᠢ | ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠪᠦᠬᠦᠯᠢ | ᠴᠣᠭᠴᠠ ᠶᠢᠨ ᠳᠡᠭᠡᠭᠰᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠭᠠᠯ ᠰᠡᠷᠭᠡᠶᠢᠯᠡᠬᠦ ᠤᠬᠠᠭᠤᠯᠭ᠎ᠠ ᠶᠢᠨ | ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠴᠠᠭᠳᠠᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠭᠠᠯ | ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ︽ | ᠰᠡᠷᠭᠡᠶᠢᠯᠡᠯᠲᠡ ᠶᠢᠨ ᠬᠡᠷᠡᠮ︾ ᠢ ᠪᠥᠬᠦ ᠲᠠᠯ᠎ᠠ ᠪᠠᠷ ᠪᠠᠳᠤ ᠴᠤᠭᠴᠠᠯᠠᠬᠤ ᠭᠡᠷᠡᠭᠳᠡᠢ ᠬᠡᠵᠦ ᠴᠢᠬᠤᠯᠠᠴᠢᠯᠠᠪᠠ᠃ |