ᠪᠠᠶᠠᠷ ᠤᠨ ᠮᠡᠳᠡᠭᠡ᠄  ᠲᠠᠶᠢᠹᠤᠰᠧ ᠬᠤᠰᠢᠭᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠨᠢᠭᠡᠳᠦᠭᠡᠷ ᠳᠡᠰ ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2024/4/1
  ᠣᠶᠢᠷ᠎ᠠ ᠳᠤ᠂ ᠲᠠᠶᠢᠹᠤᠰᠧ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠳᠤᠮᠳᠠ ᠠᠩᠭᠢ ᠶᠢᠨ ᠬᠠᠪᠰᠤᠷᠤᠨ ᠵᠢᠯᠣᠭᠤᠳᠤᠭᠴᠢ ᠠᠷᠢᠭᠤᠨ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ︽ᠴᠢᠳᠠᠪᠤᠷᠢᠲᠠᠨ ᠤ ᠨᠢᠭᠡᠳᠦᠭᠡᠷ ᠳᠡᠰ ᠤᠨ ᠱᠠᠩᠨᠠᠯ︾ ᠭᠥᠷᠳᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ 3 ᠰᠠᠷ᠎ᠠ ᠶᠢᠨ 24 ᠠᠴᠠ 27  ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠰᠤᠷᠭᠠᠭᠤᠯᠢ ᠳᠤ ᠠᠮᠵᠢᠯᠲᠠ ᠲᠠᠢ ᠶᠠᠪᠤᠭᠳᠠᠭᠰᠠᠨ ᠪᠢᠯᠡ᠃ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭᠠᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ ᠤ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠵᠦᠪᠯᠡᠯ ᠠᠴᠠ ᠬᠠᠮᠳᠤᠷᠠᠨ ᠡᠷᠬᠢᠯᠡᠵᠦ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠲᠠᠢ ᠤᠶᠠᠯᠳᠤᠭᠤᠯᠵᠤ᠂ ᠤᠯᠤᠰ ᠲᠦᠷᠦ ᠶᠢᠨ ᠤᠨᠤᠯ ᠤᠨ ᠰᠢᠯᠭᠠᠯᠲᠠ᠂  ᠤᠬᠠᠭᠤᠯᠭ᠎ᠠ ᠲᠠᠶᠢᠯᠤᠮᠵᠢ᠂ ᠬᠢᠴᠢᠶᠡᠯ ᠤᠨ ᠲᠥᠯᠥᠪᠯᠡᠭᠡ᠂ ᠳᠠᠭᠤᠷᠢᠶᠠᠮᠠᠯ ᠰᠤᠷᠢᠯᠳᠠ ᠵᠢᠴᠢ ᠰᠤᠳᠤᠯᠤᠨ ᠰᠤᠷᠤᠯᠴᠠᠬᠤ ᠠᠵᠢᠯᠯᠠᠭ᠎ᠠ  ᠵᠡᠷᠭᠡ ᠲᠠᠪᠤᠨ ᠭᠤᠭᠴᠤᠭ᠎ᠠ ᠶᠢ ᠲᠤᠬᠢᠷᠠᠭᠤᠯᠵᠠᠢ᠃ ᠤᠷᠤᠯᠴᠠᠭᠰᠠᠳ ᠨᠢ ᠬᠤᠰᠢᠭᠤ ᠰᠢᠶᠠᠨ  ᠂ ᠠᠶᠢᠮᠠᠭ ᠬᠤᠲᠠ ᠶᠢᠨ ᠤᠷᠤᠯᠳᠤᠭᠠᠨ ᠲᠡᠮᠡᠴᠡᠭᠡᠨ ᠢᠶᠠᠷ ᠲᠠᠮᠵᠢᠭᠠᠳ ᠣᠷᠣᠨ ᠤ ᠤᠷᠤᠯᠳᠤᠭᠠᠨ ᠳᠤ ᠰᠢᠯᠭᠠᠷᠠᠵᠤ ᠤᠷᠤᠯᠴᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号