ᠲᠠᠶᠢᠹᠤᠰᠧ ᠬᠤᠰᠢᠭᠤᠨ ᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/1
   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠵᠦ᠂ ᠭᠠᠩ ᠬᠠᠭᠰᠠᠷᠭᠠᠨ᠂  ᠦᠶᠡᠷ ᠤᠰᠤᠳᠠᠯ ᠵᠡᠷᠭᠡ ᠴᠠᠭ ᠠᠭᠤᠷ ᠤᠨ ᠭᠠᠮᠰᠢᠭ ᠤᠨ ᠬᠤᠬᠢᠷᠠᠯ   ᠢ ᠪᠦᠳᠦᠮᠵᠢᠳᠡᠢ ᠪᠠᠭᠠᠰᠬᠠᠬᠤ ᠶᠢᠨ ᠲᠤᠰᠠᠳᠠ᠂  ᠮᠠᠨ ᠤ ᠬᠤᠰᠢᠭᠤ ᠨᠢ ᠡᠨᠡ ᠵᠢᠯ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ  ᠦᠷᠨᠢᠬᠦᠯᠬᠦ ᠶᠢᠨ ᠲᠤᠯᠠᠳᠠ᠂  ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄     ᠨᠢᠭᠡ᠂  ᠴᠠᠭ ᠬᠤᠭᠤᠴᠠᠭ᠎ᠠ    ᠲᠡᠶᠢᠷᠦᠯᠲᠦ ᠰᠤᠮᠤ ᠪᠠᠷ ᠮᠥᠨᠳᠥᠷ ᠢ ᠰᠡᠷᠭᠡᠶᠢᠯᠡᠬᠦ ᠠᠵᠢᠯ 2024 ᠣᠨ ᠤ 6 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠶᠠᠪᠤᠭᠳᠠᠵᠤ  ᠂ ᠪᠥᠬᠦ ᠠᠶᠢᠮᠠᠭ ᠤᠨ ᠨᠢᠰᠬᠡᠯ ᠢᠶᠠᠷ ᠪᠣᠷᠣᠭᠠᠨ ᠣᠷᠣᠭᠤᠯᠬᠤ ᠠᠵᠢᠯ 2024 ᠣᠨ ᠤ 4 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠶᠠᠪᠤᠭᠳᠠᠨ᠎ᠠ᠃     ᠬᠤᠶᠠᠷ᠂ ᠭᠠᠵᠠᠷ ᠣᠷᠣᠨ     ᠲᠡᠶᠢᠷᠦᠯᠲᠦ ᠰᠤᠮᠤ  ᠪᠠᠷ ᠮᠥᠨᠳᠥᠷ ᠢ ᠰᠡᠷᠭᠡᠶᠢᠯᠡᠬᠦ ᠣᠷᠣᠨ᠄ ᠪᠤᠤᠴᠠᠩ ᠪᠠᠯᠭᠠᠰᠤ᠂ ᠴᠢᠶᠠᠨ ᠶᠢᠨ ᠭᠧᠦ ᠪᠠᠯᠭᠠᠰᠤ᠃  ᠨᠢᠰᠬᠡᠯ  ᠢᠶᠠᠷ ᠪᠣᠷᠣᠭᠠᠨ ᠨᠡᠮᠡᠭᠳᠡᠭᠦᠯᠬᠦ  ᠣᠷᠣᠨ᠄  ᠪᠦᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ     ᠭᠤᠷᠪᠠ᠂ ᠭᠡᠷᠡᠭᠰᠡᠬᠦ ᠮᠠᠰᠢᠨ ᠲᠤᠨᠤᠭᠯᠠᠯ     ZBZ-QC ᠲᠣᠭᠠᠵᠢᠭᠤᠯᠤᠭᠰᠠᠨ ᠪᠣᠷᠣᠭᠠᠨ ᠨᠡᠮᠡᠭᠳᠡᠭᠦᠯᠵᠦ ᠮᠥᠨᠳᠥᠷ ᠢ ᠰᠡᠷᠭᠡᠶᠢᠯᠡᠬᠦ ᠲᠡᠶᠢᠷᠦᠯᠲᠦ ᠰᠤᠮᠤ᠂  ZBZ-HJ-7 ᠲᠡᠶᠢᠷᠦᠯᠲᠦ ᠰᠤᠮᠤ᠂  Y-12 ᠨᠢᠰᠬᠡᠯ᠂ ᠬᠦᠸᠧ ᠸᠠᠩ -350 ᠨᠢᠰᠬᠡᠯ᠃     ᠳᠥᠷᠪᠡ᠂ ᠠᠩᠬᠠᠷᠬᠤ ᠵᠦᠢᠯ     ︵1︶ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠤᠬᠠᠢ ᠶᠢᠨ ᠲᠠᠯᠠᠪᠤᠷ ᠲᠤ ᠬᠦᠮᠦᠨ ᠴᠤᠭᠯᠠᠷᠠᠬᠤ ᠶᠢ ᠴᠢᠩᠭ᠎ᠠ ᠴᠠᠭᠠᠵᠠᠯᠠᠨ᠎ᠠ᠃     ︵2︶ ᠮᠠᠰᠢᠨ ᠲᠣᠨᠣᠭᠯᠠᠯ ᠢᠶᠠᠷ ᠠᠷᠤ ᠦᠵᠡᠭᠳᠡᠯ ᠪᠤᠯᠭᠠᠨ ᠰᠡᠬᠦᠳᠡᠷ ᠲᠠᠳᠠᠵᠤ ᠳᠦᠷᠰᠦ ᠰᠢᠩᠭᠡᠭᠡᠬᠦ ᠶᠢ ᠴᠢᠩᠭ᠎ᠠ ᠴᠠᠭᠠᠵᠠᠯᠠᠨ᠎ᠠ᠃     ︵3︶ ᠲᠤᠤᠭᠠᠷᠤᠭᠰᠠᠨ ᠦᠬᠡᠢ ᠰᠤᠮᠤ ᠲᠠᠷᠢ ᠲᠣᠬᠢᠶᠠᠯᠳᠤᠪᠠᠯ᠂ ᠳᠤᠷ᠎ᠠ ᠪᠠᠷ ᠢᠶᠠᠨ ᠰᠢᠯᠵᠢᠬᠦᠯᠵᠦ᠂  ᠨᠢᠭᠤᠵᠤ ᠲᠠᠯᠳᠠᠯᠠᠵᠤ᠂  ᠨᠡᠭᠡᠭᠡᠵᠦ ᠵᠠᠳᠠᠯᠵᠤ᠂ ᠡᠪᠳᠡᠵᠦ  ᠰᠦᠢᠳᠬᠡᠵᠦ ᠪᠤᠯᠬᠤ ᠦᠬᠡᠢ  ᠂  ᠭᠡᠷᠡᠭ ᠤᠷᠰᠢᠭ ᠭᠠᠷᠭᠠᠪᠠᠯ ᠠᠯᠢᠪᠠ ᠦᠷ᠎ᠡ ᠳ᠋ᠦᠩ ᠪᠠ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠨ᠎ᠡ᠃    ︵4︶  ᠲᠡᠶᠢᠷᠦᠯᠲᠦ ᠰᠤᠮᠤ ᠶᠢ ᠬᠡᠷᠡᠭᠯᠡᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠨᠢ ᠴᠡᠷᠢᠭ ᠤᠨ ᠶᠠᠪᠤᠳᠠᠯ ᠪᠠ ᠠᠭᠠᠷ ᠤᠨ ᠠᠶᠠᠯᠠᠯ ᠤᠨ ᠠᠮᠤᠷ ᠲᠦᠪᠰᠢᠨ ᠤ ᠬᠠᠤᠯᠢ ᠲᠦᠷᠢᠮ ᠳᠤ ᠬᠤᠯᠪᠣᠭᠳᠠᠨ᠎ᠠ᠂ ᠶᠠᠮᠠᠷᠪᠠ  ᠨᠢᠬᠡᠴᠡ ᠪᠠ ᠬᠤᠪᠢ ᠬᠥᠮᠥᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠡᠨᠡᠬᠦ ᠠᠵᠢᠯ ᠢ ᠲᠤᠷ᠎ᠠ ᠪᠠᠷ ᠢᠶᠠᠨ ᠬᠢᠵᠦ ᠦᠯᠦ ᠪᠤᠯᠤᠨ᠎ᠠ᠂ ᠵᠥᠷᠢᠴᠡᠭᠰᠡᠳ ᠠᠴᠠ ᠬᠠᠤᠯᠢ ᠴᠠᠭᠠᠵᠠ ᠪᠠ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃   ︵5︶  ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠨᠢ ᠲᠤᠤᠭᠠᠷᠤᠭᠰᠠᠨ ᠦᠬᠡᠢ ᠰᠤᠮᠤ ᠲᠠᠷᠢ ᠵᠡᠷᠭᠡ  ᠶᠢ ᠤᠯᠵᠤ ᠦᠵᠡᠪᠡᠯ᠂ ᠴᠠᠭ ᠲᠤᠬᠠᠢ ᠳᠤᠨᠢ ᠲᠤᠬᠠᠢ ᠶᠢᠨ ᠭᠠᠵᠠᠷ ᠤᠨ ᠴᠠᠭ ᠠᠭᠤᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠮᠡᠳᠡᠭᠦᠯᠬᠦ ᠪᠤᠶᠤ 110 ᠳᠤ ᠤᠲᠠᠰᠤᠳᠠᠵᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠮᠡᠳᠡᠬᠦᠯᠬᠦ ᠭᠡᠷᠡᠭᠳᠡᠢ᠃    ︵6︶ ᠬᠠᠷᠢᠯᠴᠠᠬᠤ ᠠᠷᠭ᠎ᠠ  ᠄  ᠲᠠᠶᠢᠹᠤᠰᠧ ᠬᠤᠰᠢᠭᠤᠨ ᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ     ᠤᠲᠠᠰᠤ᠄ 0479-5222543 0479-5222217             ᠣᠨᠴᠠᠭᠠᠶᠢᠯᠠᠨ ᠵᠠᠷᠯᠠᠪᠠ                                                          ᠲᠠᠶᠢᠹᠤᠰᠧ ᠬᠤᠰᠢᠭᠤᠨ ᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ                  ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ                                                                                                     2024 ᠣᠨ ᠤ 3 ᠰᠠᠷ᠎ᠠ ᠶᠢᠨ 22 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号