ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/4/1
ᠪᠦᠬᠦ ᠬᠤᠰᠢᠭᠤᠨ ᠤ ᠠᠷᠠᠳ ᠢᠷᠭᠡᠳ ᠲᠤᠷ᠄     ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠳᠤ᠂  ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠪᠣᠬᠢᠷᠲᠤᠯ ᠥᠬᠡᠶ᠂ ᠠᠷᠪᠢᠴᠢ ᠪᠣᠯᠪᠠᠰᠤᠨ ᠣᠲᠣ ᠦᠶ᠎ᠡ ᠶᠢᠨ ᠲᠠᠬᠢᠯᠭ᠎ᠠ ᠶᠢᠨ ᠰᠢᠨ᠎ᠡ  ᠵᠠᠩᠰᠢᠯ ᠢ  ᠲᠡᠯᠬᠡᠷᠡᠬᠦᠯᠦᠨ᠂  ᠬᠤᠰᠢᠭᠤ ᠨᠤᠳᠤᠭ ᠤᠨ ᠢᠶᠠᠨ ᠪᠣᠯᠪᠠᠰᠤᠨ ᠳᠦᠷᠢ ᠲᠥᠷᠬᠦ ᠶᠢ ᠳᠡᠭᠡᠭᠰᠢᠯᠡᠭᠦᠯᠬᠦ ᠶᠢᠨ ᠲᠥᠯᠥᠭᠡ᠂   ᠨᠡᠶᠢᠭᠡᠮ ᠤᠨ ᠡᠯ᠎ᠡ ᠡᠲᠡᠭᠡᠳ ᠤᠨ ᠬᠢᠨ ᠵᠢᠴᠢ ᠥᠷᠭᠡᠨ ᠣᠯᠠᠨ ᠠᠷᠠᠳ ᠢᠷᠭᠡᠳ ᠲᠤ ᠳᠣᠤᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠵᠤ ᠪᠠᠶᠢᠨᠠᠮ᠄     ᠨᠢᠭᠡ᠂  ᠪᠤᠯᠬᠢ ᠵᠠᠩᠰᠢᠯ ᠢ ᠥᠭᠡᠷᠡᠴᠢᠯᠡᠵᠦ᠂  ᠪᠤᠯᠪᠠᠰᠤᠨ ᠰᠤᠷᠲᠠᠯ ᠢ  ᠲᠡᠯᠬᠡᠷᠡᠬᠦᠯᠦᠶ᠎ᠡ᠃ ᠪᠣᠯᠪᠠᠰᠤᠨ ᠪᠤᠰᠤ ᠲᠠᠬᠢᠯᠭ᠎ᠠ ᠶᠢᠨ ᠠᠷᠭ᠎ᠠ ᠶᠢ ᠤᠬᠠᠮᠰᠠᠷ ᠠᠴᠠ ᠪᠠᠨ ᠲᠠᠶᠠᠭᠳᠠᠵᠤ᠂ ᠵᠠᠮ ᠤᠨ ᠬᠠᠵᠠᠭᠤ᠂ ᠲᠠᠯᠠᠪᠠᠶ ᠴᠡᠴᠡᠷᠯᠢᠭ᠂  ᠰᠠᠭᠤᠭᠠᠯᠢ  ᠲᠣᠭᠤᠷᠢᠭ᠂ ᠣᠶ ᠮᠤᠳᠤ᠂ ᠵᠦᠯᠭᠡ ᠨᠤᠭᠤ᠂ ᠪᠠᠷᠢᠯᠭ᠎ᠠ ᠶᠢᠨ ᠭᠠᠵᠠᠷ ᠵᠡᠷᠭᠡ ᠳᠤ ᠴᠠᠭᠠᠰᠤᠨ ᠵᠣᠭᠤᠰ ᠪᠤᠶᠤ ᠡᠯᠳᠡᠪ ᠵᠦᠢᠯ ᠤᠨ ᠲᠠᠬᠢᠯᠭ᠎ᠠ ᠶᠢᠨ ᠪᠤᠳᠠᠰ ᠰᠢᠲᠠᠭᠠᠬᠤ   ᠶᠢ ᠴᠡᠭᠡᠷᠯᠡᠨ᠂ ᠰᠣᠷᠭᠤᠭ ᠴᠡᠴᠡᠭ ᠬᠦᠷᠭᠡᠬᠦ᠂ ᠮᠣᠳᠣ ᠲᠠᠷᠢᠵᠤ ᠨᠣᠭᠤᠭᠠᠷᠠᠭᠤᠯᠬᠤ᠂ ᠠᠯᠤᠰ ᠠᠴᠠ ᠳᠠᠬᠢᠬᠤ᠂ ᠰᠦᠯᠵᠢᠶ᠎ᠡ ᠲᠡᠭᠡᠷ᠎ᠡ ᠳᠠᠬᠢᠬᠤ᠂ ᠰᠣᠩᠭᠤᠳᠠᠭ ᠵᠣᠬᠢᠶᠠᠯ ᠪᠦᠳᠦᠭᠡᠯ ᠠᠴᠠ ᠤᠩᠰᠢᠬᠤ ᠵᠡᠷᠭᠡ ᠪᠤᠬᠢᠷᠳᠤᠯ ᠪᠠᠭ᠎ᠠ᠂  ᠪᠠᠶᠢᠭᠠᠯᠢ ᠣᠷᠴᠢᠨ ᠳᠤ ᠲᠤᠰᠠᠳᠠᠢ ᠠᠷᠭ᠎ᠠ ᠬᠡᠯᠪᠡᠷᠢ ᠪᠠᠷ  ᠨᠦᠭᠴᠢᠭᠰᠡᠳ ᠢᠶᠠᠨ  ᠳᠤᠷᠠᠰᠤᠨ ᠰᠠᠨᠠᠭᠠᠯᠵᠠᠵᠤ᠂ ᠡᠳ᠋ ᠪᠣᠳᠠᠰ ᠤᠨ ᠲᠠᠬᠢᠯᠭ᠎ᠠ ᠶᠢ ᠤᠶᠤᠨ ᠰᠠᠨᠠᠭᠠᠨ  ᠤ ᠲᠠᠬᠢᠯᠭ᠎ᠠ ᠪᠤᠯᠭᠠᠵᠤ ᠦᠬᠡᠷᠡᠴᠢᠯᠡᠨ᠂  ᠰᠢᠨ᠎ᠡ ᠴᠠᠭ ᠤᠨ ᠪᠣᠯᠪᠠᠰᠤᠨ ᠠᠷᠭ᠎ᠠ ᠪᠠᠷ ᠮᠦᠷᠦᠭᠡᠳᠦᠯ   ᠤᠨ ᠰᠡᠳᠬᠢᠯ  ᠢᠶᠠᠨ ᠢᠯᠡᠳᠬᠡᠨ᠎ᠡ᠃    ᠬᠤᠶᠠᠷ᠂ ᠠᠴᠢᠯᠠᠯ ᠵᠢᠷᠤᠮ ᠢ ᠲᠡᠭᠡᠳᠦᠯᠡᠵᠦ᠂ ᠠᠷᠪᠢᠴᠢ  ᠪᠤᠷᠤᠭᠵᠢᠭᠤᠨ ᠢ ᠦᠢᠯᠡᠳᠦᠯᠬᠡᠵᠢᠬᠦᠯᠦᠶ᠎ᠡ᠃  ᠠᠴᠢᠯᠠᠯ ᠵᠢᠷᠤᠮ ᠢ ᠠᠯᠢᠪᠠ ᠠᠴᠠ ᠡᠷᠬᠢᠮᠯᠡᠨ᠂  ᠨᠠᠰᠤᠲᠠᠨ ᠪᠤᠭᠤᠷᠤᠯ ᠢᠶᠠᠨ ᠬᠠᠶᠢᠷᠠᠯᠠᠵᠤ ᠬᠦᠨᠳᠦᠯᠡᠬᠦ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠶᠢᠴᠤᠳ ᠢᠶᠠᠨ ᠬᠠᠯᠠᠮᠵᠢᠯᠠᠨ ᠬᠠᠷᠠᠭᠠᠯᠵᠠᠵᠤ᠂  ᠨᠠᠰᠤᠳᠠᠶᠢᠴᠤᠳ ᠲᠠᠭᠠᠨ ᠬᠠᠨᠢ ᠪᠣᠯᠵᠤ᠂   ᠡᠯᠪᠡᠷᠢᠯ ᠵᠢᠷᠤᠮ ᠢ  ᠡᠷᠭᠡᠪᠰᠢ ᠬᠦᠢᠴᠡᠳᠭᠡᠬᠦ ᠭᠡᠷᠡᠭᠳᠡᠢ᠃  ᠬᠠᠷᠢᠨ ᠨᠦᠭᠴᠢᠭᠰᠡᠳ ᠲᠡᠭᠡᠨ ᠠᠷᠪᠢᠴᠢ ᠭᠠᠮᠲᠠᠶ  ᠂ ᠤᠶᠤᠨᠴᠢ ᠪᠣᠯᠪᠠᠰᠤᠨ ᠲᠠᠬᠢᠯᠭ᠎ᠠ ᠬᠢᠵᠦ᠂ ᠮᠤᠬᠤᠷ ᠪᠢᠰᠢᠷᠡᠯ ᠤᠨ ᠠᠵᠢᠯᠯᠠᠭ᠎ᠠ ᠶᠢ ᠲᠡᠪᠴᠢᠨ᠂ ᠦᠨᠡᠨᠴᠢ ᠰᠡᠳᠬᠢᠯᠭᠡ ᠪᠠᠷ ᠲᠤᠷᠠᠰᠤᠨ ᠰᠠᠨᠠᠭᠠᠯᠵᠠᠪᠠᠯ ᠵᠤᠬᠢᠨ᠎ᠠ᠃     ᠭᠤᠷᠪᠠ᠂ ᠨᠠᠮ ᠤᠨ ᠭᠡᠰᠢᠭᠦᠨ ᠺᠠᠳ᠋ᠷᠴᠤᠳ ᠲᠠᠭᠤᠷᠢᠶᠠᠯ ᠪᠤᠯᠵᠤ ᠬᠢᠵᠡᠬᠡᠶ᠎ᠡ᠃ ᠨᠠᠮ ᠤᠨ ᠭᠡᠰᠢᠭᠦᠨ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠦᠯᠢᠬᠡᠷ ᠲᠠᠭᠤᠷᠢᠶᠠᠯ ᠤᠨ ᠦᠢᠯᠡᠳᠦᠯ ᠢ  ᠪᠠᠳᠠᠷᠠᠭᠤᠯᠤᠨ᠂ ᠵᠠᠩ ᠳᠠᠳᠬᠠᠯ  ᠤᠨ ᠦᠬᠡᠷᠡᠴᠢᠯᠡᠯᠳᠡ ᠶᠢ ᠠᠬᠢᠭᠤᠯᠵᠤ᠂ ᠠᠷᠪᠢᠯᠠᠨ ᠭᠠᠮᠨᠠᠬᠤ ᠤᠬᠠᠮᠰᠠᠷ ᠢ ᠲᠡᠭᠡᠰᠢᠯᠡᠬᠦᠯᠦᠨ᠂ ᠤᠯᠠᠮᠵᠢᠯᠠᠯᠲᠤ ᠰᠢᠯᠢᠳᠡᠭ ᠰᠣᠶᠣᠯ ᠢ ᠤᠬᠠᠭᠤᠯᠵᠤ᠂ ᠪᠣᠯᠪᠠᠰᠤᠨ ᠪᠤᠰᠤ ᠳᠠᠬᠢᠯᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢᠨ ᠬᠠᠮᠳᠤ ᠲᠡᠭᠦᠨ ᠢ ᠢᠳᠬᠠᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠥᠰ ᠢᠶᠠᠨ ᠨᠥᠯᠥᠭᠡᠯᠡᠨ ᠳᠠᠶᠢᠴᠢᠯᠠᠬᠤ ᠬᠡᠷᠡᠭᠲᠡᠢ᠃     ᠳᠥᠷᠪᠡ᠂ ᠲᠦᠷᠢᠮ ᠲᠣᠭᠲᠠᠭᠠᠯ ᠢ ᠵᠢᠷᠤᠮᠯᠠᠵᠤ᠂ ᠠᠮᠤᠷ ᠲᠦᠪᠰᠢᠨ ᠢ ᠴᠢᠬᠤᠯᠠᠴᠢᠯᠠᠶ᠎ᠠ᠃ ᠬᠠᠩᠰᠢ ᠶᠢᠨ ᠬᠤᠭᠤᠴᠠᠭᠠᠨ ᠳᠤ᠂ ᠬᠦᠮᠦᠨ ᠬᠠᠷ᠎ᠠ ᠨᠡᠮᠡᠭᠳᠡᠵᠦ ᠲᠡᠷᠭᠡ ᠤᠨᠤᠭ᠎ᠠ ᠤᠯᠠᠰᠢᠷᠠᠬᠤ ᠪᠤᠯᠬᠤᠷ ᠥᠷᠭᠡᠨ ᠣᠯᠠᠨ ᠠᠷᠠᠳ ᠢᠷᠭᠡᠳ ᠲᠠᠬᠢᠯᠭ᠎ᠠ   ᠶᠢᠨ ᠴᠠᠭ ᠢᠶᠠᠨ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂  ᠵᠠᠮ ᠬᠠᠷᠢᠯᠴᠠᠭᠠᠨ ᠤ ᠬᠠᠤᠯᠢ ᠲᠦᠷᠢᠮ ᠢ ᠰᠠᠬᠢᠬᠤ ᠭᠡᠷᠡᠭᠳᠡᠢ᠃ ᠭᠠᠯ ᠤᠨ ᠠᠶᠤᠯ ᠢ ᠴᠢᠩᠭ᠎ᠠ ᠰᠡᠷᠭᠡᠶᠢᠯᠡᠵᠦ᠂  ᠪᠤᠯᠠᠰᠢᠨ  ᠤ ᠭᠠᠵᠠᠷ ᠵᠢᠴᠢ ᠤᠢ ᠮᠤᠳᠤ᠂  ᠵᠠᠮ ᠤᠨ ᠬᠠᠵᠠᠭᠤ᠂ ᠦᠵᠡᠮᠵᠢ ᠶᠢᠨ ᠣᠷᠣᠨ ᠵᠡᠷᠭᠡ ᠳᠤ ᠴᠠᠭᠠᠰᠤ ᠰᠢᠲᠠᠭᠠᠵᠤ ᠬᠦᠵᠢ ᠠᠰᠠᠭᠠᠬᠤ ᠶᠢ ᠴᠡᠭᠡᠷᠯᠡᠨ᠂ ᠲᠠᠬᠢᠯᠭ᠎ᠠ ᠶᠢᠨ ᠡᠮᠬᠢ ᠳᠢᠭᠯᠢᠮ ᠢ ᠬᠠᠮᠠᠭᠠᠯᠠᠵᠤ᠂ ᠠᠮᠤᠷ ᠲᠦᠪᠰᠢᠨ ᠤ ᠦᠵᠡᠯ ᠤᠬᠠᠮᠰᠠᠷ ᠢᠶᠠᠨ ᠨᠡᠮᠡᠭᠳᠡᠭᠦᠯᠦᠨ᠂  ᠤᠰᠤᠯ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠲᠠᠬᠢᠯᠭ᠎ᠠ ᠶᠢᠨ ᠠᠵᠢᠯᠯᠠᠭᠠᠨ  ᠤ ᠠᠮᠤᠷ ᠲᠦᠪᠰᠢᠨ᠂ ᠡᠮᠬᠢ ᠵᠢᠷᠤᠮ ᠲᠠᠢ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃        ᠪᠢᠳᠡ ᠪᠦᠬᠦᠨ ᠢᠳᠡᠪᠬᠢᠲᠡᠢ ᠪᠠᠷ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠤᠯᠠᠮᠵᠢᠯᠠᠯᠲᠤ ᠰᠣᠶᠣᠯ ᠤᠨ ᠤᠯᠠᠮᠵᠢᠯᠠᠭᠴᠢ᠂  ᠰᠢᠯᠢᠳᠡᠭ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠠᠭᠠᠨ᠂ ᠪᠣᠯᠪᠠᠰᠤᠨ ᠦᠢᠯᠡ ᠠᠵᠢᠯᠯᠠᠭ᠎ᠠ ᠪᠠᠷ ᠢᠶᠠᠨ ᠪᠣᠯᠪᠠᠰᠤᠨ ᠬᠤᠳᠠ ᠬᠦᠳᠡᠭᠡ ᠪᠠᠨ ᠴᠢᠮᠡᠭᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠤᠬᠠᠮᠰᠠᠷ ᠢ ᠴᠢᠩᠭᠠᠳᠬᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ ᠪᠠᠶᠢᠭᠤᠯᠬᠤ ᠳᠤ ᠬᠦᠴᠦᠨ ᠴᠢᠳᠠᠯ  ᠢᠶᠠᠨ ᠨᠡᠮᠡᠷᠢᠯᠡᠵᠡᠬᠡᠶ᠎ᠡ︕                     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ                     ᠲᠠᠶᠢᠹᠤᠰᠧ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠦᠪᠯᠡᠯ ᠤᠨ ᠠᠯᠪᠠᠨ ᠭᠡᠷ                     ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠦᠪ                                                                                           2024 ᠣᠨ ᠤ 3 ᠰᠠᠷ᠎ᠠ ᠶᠢᠨ 29 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号