ᠮᠠᠨ ᠤ ᠬᠤᠰᠢᠭᠤᠨ ᠤ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ | ᠲᠦᠷᠢᠮᠵᠢᠬᠦᠯᠵᠦ᠂ ᠲᠦᠷᠢᠶᠡᠰᠦᠨ ᠮᠠᠰᠢᠨ ᠲᠡᠷᠭᠡᠨ ᠤ ᠡᠵᠡᠩᠨᠡᠭᠴᠢ ᠪᠠ ᠥᠷᠭᠡᠨ ᠣᠯᠠᠨ ᠠᠶᠠᠨᠴᠢᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠲᠡᠭᠡᠭᠡᠪᠦᠷᠢ ᠶᠢᠨ ᠳᠦᠷᠢᠮ︾ ︽ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ | ᠬᠠᠮᠢᠶᠠᠷᠤᠯᠳᠠ ᠶᠢᠨ ᠲᠣᠭᠲᠠᠭᠠᠯ︾ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ | ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠲᠦᠷᠢᠮ ᠢ ᠦᠨᠳᠦᠰᠦᠯᠡᠨ᠂ ᠪᠥᠬᠦ ᠬᠤᠰᠢᠭᠤᠨ ᠤ | ᠬᠡᠪᠴᠢᠶᠡᠨ ᠳᠤ ᠲᠦᠷᠢᠶᠡᠰᠦᠨ ᠮᠠᠰᠢᠨ ᠲᠡᠷᠭᠡᠨ ᠤ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠥᠷᠨᠢᠭᠦᠯᠬᠦ ᠪᠠᠷ | ᠲᠣᠭᠲᠠᠪᠠ᠃ | ᠨᠢᠭᠡ᠂ ᠠᠵᠢᠯ ᠤᠨ ᠬᠠᠷᠠᠯᠲᠠ | ︽ᠪᠦᠬᠦᠨ ᠢ ᠬᠠᠮᠤᠷᠬᠤ᠂ ᠢᠯᠳᠠᠷ ᠦᠯᠦ ᠬᠠᠶᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠬᠤ︾ ᠱᠠᠭᠠᠷᠳᠠᠯᠭ᠎ᠠ ᠶᠣᠰᠣᠭᠠᠷ᠂ ᠲᠦᠷᠢᠶᠡᠰᠦᠨ ᠮᠠᠰᠢᠨ ᠲᠡᠷᠭᠡᠨ ᠤ ᠵᠠᠬ᠎ᠠ | ᠳᠡᠯᠭᠡᠭᠦᠷ ᠲᠤ ᠲᠤᠰᠬᠠᠢ ᠴᠡᠭᠴᠡᠯᠡᠯᠳᠡ ᠬᠢᠵᠦ᠂ ᠬᠠᠤᠯᠢ ᠪᠤᠰᠤ ᠡᠵᠡᠩᠨᠡᠯᠳᠡ ᠂ ᠪᠣᠯᠪᠠᠰᠤᠨ ᠪᠤᠰᠤ ᠦᠢᠯᠡᠴᠢᠯᠡᠭᠡ | ᠵᠡᠷᠭᠡ ᠡᠮᠬᠢ ᠲᠢᠭᠯᠡᠮ ᠦᠭᠡᠢ ᠦᠵᠡᠭᠳᠡᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠦᠷᠢᠶᠡᠰᠦᠨ ᠮᠠᠰᠢᠨ | ᠲᠡᠷᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠢᠯᠡᠳᠳᠡ ᠰᠠᠶᠢᠵᠢᠷᠠᠭᠤᠯᠬᠤ᠂ ᠲᠦᠷᠢᠮ ᠲᠣᠭᠲᠠᠭᠠᠯ ᠠᠴᠠ | ᠵᠦᠷᠢᠴᠡᠭᠰᠡᠨ ᠡᠵᠡᠩᠨᠡᠯᠳᠡ ᠶᠢᠨ ᠠᠵᠢᠯᠯᠠᠭ᠎ᠠ ᠶᠢ ᠢᠯᠡᠳᠳᠡ ᠪᠠᠭᠠᠰᠬᠠᠬᠤ᠂ ᠡᠵᠡᠩᠨᠡᠭᠴᠢᠳ ᠤᠨ ᠦᠢᠯᠡᠴᠢᠯᠡᠭᠡᠨ ᠤ | ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠬᠦ ᠵᠡᠷᠭᠡ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠬᠤᠶᠠᠷ᠂ ᠴᠡᠭᠴᠡᠯᠡᠨ ᠵᠠᠰᠠᠬᠤ ᠭᠤᠣᠯᠳᠠᠯᠭ᠎ᠠ | 1. ᠵᠠᠮ ᠲᠡᠭᠡᠭᠡᠪᠦᠷᠢ ᠶᠢᠨ ᠦᠨᠡᠮᠯᠡᠯ ᠦᠭᠡᠢ ᠮᠠᠰᠢᠨ ᠲᠡᠷᠭᠡ ᠶᠢ ᠲᠤᠷ᠎ᠠ ᠪᠠᠷ ᠢᠶᠠᠨ ᠲᠦᠷᠢᠶᠡᠰᠦᠨ ᠮᠠᠰᠢᠨ ᠲᠡᠷᠭᠡ | ᠪᠤᠯᠭᠠᠵᠤ ᠡᠵᠡᠩᠨᠡᠬᠦ᠃ | 2. ᠲᠦᠷᠢᠶᠡᠰᠦᠨ ᠮᠠᠰᠢᠨ ᠲᠡᠷᠭᠡᠨ ᠤ ᠬᠤᠯᠪᠤᠭᠳᠠᠯ ᠪᠦᠬᠦᠢ ᠲᠥᠬᠦᠭᠡᠷᠦᠮᠵᠢ ᠶᠢ ᠲᠣᠬᠢᠷᠠᠭᠤᠯᠤᠭᠰᠠᠨ ᠦᠭᠡᠢ᠃ | 3. ᠵᠠᠮ ᠬᠡᠮᠵᠢᠵᠦ ᠦᠨ᠎ᠡ ᠪᠤᠳᠤᠬᠤ ᠲᠥᠬᠦᠭᠡᠷᠦᠮᠵᠢ ᠶᠢ ᠭᠡᠷᠡᠭᠯᠡᠬᠦ ᠦᠭᠡᠢ᠂ ᠲᠣᠭᠲᠠᠭᠠᠯ ᠠᠴᠠ ᠵᠦᠷᠢᠴᠡᠵᠦ | ᠰᠦᠢᠳᠬᠡᠯ ᠬᠤᠷᠢᠶᠠᠭᠰᠠᠨ᠃ | 4. ᠲᠡᠷᠭᠡᠨ ᠰᠦᠢᠳᠬᠡᠯ ᠤᠨ ᠫᠢᠶᠣᠣ ᠪᠠᠷᠢᠮᠲᠠ ᠶᠢ ᠭᠠᠷᠭᠠᠵᠤ ᠦᠭᠬᠦ ᠦᠬᠡᠢ᠃ | 5. ᠲᠦᠷᠢᠶᠡᠰᠦᠨ ᠮᠠᠰᠢᠨ ᠲᠡᠷᠭᠡᠨ ᠤ ᠬᠤᠯᠪᠣᠭᠳᠠᠯ ᠪᠦᠬᠦᠢ ᠲᠥᠬᠦᠭᠡᠷᠦᠮᠵᠢ ᠶᠢ ᠲᠣᠭᠲᠠᠭᠠᠯ ᠶᠣᠰᠣᠭᠠᠷ | ᠬᠡᠷᠡᠭᠯᠡᠭᠰᠡᠨ ᠦᠭᠡᠢ᠃ | 6. ᠦᠬᠡ ᠶᠠᠷᠢᠶ᠎ᠠ ᠨᠢ ᠪᠣᠯᠪᠠᠰᠤᠨ ᠪᠤᠰᠤ᠂ ᠲᠡᠷᠭᠡᠨ ᠤ ᠪᠠᠶᠢᠳᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠃ | 7. ᠬᠦᠮᠦᠨ ᠰᠠᠭᠤᠯᠭᠠᠬᠤ ᠶᠢ ᠲᠡᠪᠴᠢᠬᠦ᠂ ᠦᠨ᠎ᠡ ᠨᠡᠮᠡᠬᠦᠯᠬᠦ ᠪᠠᠷ ᠤᠷᠤᠯᠳᠤᠬᠤ᠂ ᠵᠠᠮ ᠵᠠᠭᠤᠷ᠎ᠠ ᠪᠠᠨ ᠠᠶᠠᠨᠴᠢᠨ | ᠢ ᠬᠠᠶᠠᠬᠤ ᠪᠤᠶᠤ ᠵᠣᠷᠢᠭᠤᠳᠠ ᠲᠤᠭᠤᠷᠢᠭᠤ ᠵᠠᠮ ᠢᠶᠠᠷ ᠶᠠᠪᠤᠬᠤ᠃ | ᠭᠤᠷᠪᠠ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ | ᠲᠤᠭᠳᠠᠮᠠᠯ ᠴᠡᠭ ᠤᠨ ᠪᠠᠶᠢᠴᠠᠭᠠᠯᠳᠠ ᠪᠠ ᠨᠡᠬᠦᠳᠡᠯ ᠪᠠᠶᠢᠴᠠᠭᠠᠯᠲᠠ᠂ ᠲᠤᠭᠳᠠᠮᠠᠯ ᠴᠠᠭ ᠤᠨ ᠪᠠᠶᠢᠴᠠᠭᠠᠯᠳᠠ ᠪᠠ | ᠲᠤᠭᠳᠠᠮᠠᠯ ᠪᠤᠰᠤ ᠴᠠᠭ ᠤᠨ ᠪᠠᠶᠢᠴᠠᠭᠠᠯᠳᠠ᠂ ᠢᠯᠡ ᠪᠠᠶᠢᠴᠠᠭᠠᠯᠳᠠ ᠪᠠ ᠳᠠᠯᠳᠠ ᠪᠠᠶᠢᠴᠠᠭᠠᠯᠳᠠ ᠶᠢ ᠬᠠᠷᠢᠯᠴᠠᠨ | ᠤᠶᠠᠯᠳᠤᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ | ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠲᠡᠷᠭᠡ ᠬᠥᠰᠬᠡ ᠶᠢ ᠲᠣᠪᠤᠶᠢᠯᠭᠠᠨ᠂ ᠬᠠᠤᠯᠢ ᠪᠤᠰᠤ ᠪᠠᠷ | ᠲᠦᠷᠢᠶᠡᠰᠦᠨ ᠮᠠᠰᠢᠨ ᠲᠡᠷᠭᠡ ᠡᠵᠡᠩᠨᠡᠬᠦ ᠪᠠ ᠲᠦᠷᠢᠶᠡᠰᠦᠨ ᠮᠠᠰᠢᠨ ᠲᠡᠷᠭᠡᠨ ᠤ ᠲᠦᠷᠢᠮ ᠲᠤᠭᠳᠠᠭᠠᠯ ᠵᠥᠷᠢᠴᠡᠨ | ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠤᠰᠬᠠᠢ ᠴᠡᠭᠴᠡᠯᠡᠯᠳᠡ ᠶᠢ ᠪᠣᠳᠠᠲᠤ ᠦᠷ᠎ᠡ | ᠪᠦᠲᠦᠮᠵᠢ ᠶᠢ ᠪᠠᠲᠤᠯᠠᠨ᠎ᠠ᠃ ᠡᠨᠡ ᠤᠳᠠᠭᠠᠨ ᠤ ᠲᠤᠰᠬᠠᠢ ᠴᠡᠭᠴᠡᠯᠡᠯᠳᠡ ᠨᠢ 2024 ᠣᠨ ᠤ 3 ᠰᠠᠷ᠎ᠠ ᠶᠢᠨ | 25 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ ᠦᠷᠬᠦᠯᠵᠢᠯᠡᠨ᠎ᠡ᠃ | 1. ᠦᠨᠳᠦᠰᠦ ᠰᠤᠷᠪᠤᠯᠵᠢ ᠠᠴᠠ ᠨᠢ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠲᠦᠷᠢᠶᠡᠰᠦᠨ ᠮᠠᠰᠢᠨ | ᠲᠡᠷᠭᠡᠨ ᠤ ᠺᠣᠮᠫᠠᠨᠢ ᠶᠢᠨ ᠢᠳᠡᠭᠡᠮᠵᠢ ᠶᠢᠨ ᠪᠠᠶᠢᠳᠠᠯ ᠢ ᠬᠢᠨᠠᠨ ᠰᠢᠯᠭᠠᠬᠤ᠂ ᠵᠢᠯᠣᠭᠤᠴᠢ ᠶᠢᠨ ᠢᠲᠡᠭᠡᠮᠵᠢ ᠶᠢᠨ ᠪᠠᠶᠢᠳᠠᠯ | ᠢ ᠬᠢᠨᠠᠨ ᠰᠢᠯᠭᠠᠬᠤ᠂ ᠲᠦᠷᠢᠶᠡᠰᠦᠨ ᠮᠠᠰᠢᠨ ᠲᠡᠷᠭᠡᠨ ᠤ ᠵᠢᠯ ᠤᠨ ᠪᠠᠶᠢᠴᠠᠭᠠᠯᠳᠠ ᠵᠡᠷᠭᠡ ᠲᠠᠢ ᠤᠶᠠᠯᠳᠤᠭᠤᠯᠤᠨ᠂ | ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠰᠠᠬᠢᠯᠭ᠎ᠠ ᠳᠦᠷᠢᠮ ᠢ ᠰᠠᠬᠢᠬᠤ᠂ ᠦᠨᠡᠨᠴᠢ ᠢᠲᠡᠭᠡᠮᠵᠢᠲᠡᠢ ᠪᠠᠷ | ᠡᠵᠡᠩᠨᠡᠬᠦ᠂ ᠬᠠᠯᠠᠭᠤᠮᠰᠤᠭ ᠢᠶᠠᠷ ᠦᠢᠯᠡᠴᠢᠯᠡᠬᠦ ᠦᠵᠡᠯ ᠤᠬᠠᠮᠰᠠᠷ ᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠲᠡᠷᠭᠡ | ᠬᠦᠰᠭᠡ ᠶᠢ ᠴᠡᠪᠡᠷ ᠴᠡᠮᠴᠡᠭᠡᠷ ᠪᠠᠶᠢᠯᠭᠠᠵᠤ᠂ ᠵᠢᠯᠣᠭᠤᠴᠢ ᠶᠢᠨ ᠳᠦᠷᠢ ᠲᠥᠷᠬᠦ ᠶᠢ ᠰᠠᠶᠢᠵᠢᠷᠠᠭᠤᠯᠤᠨ᠎ᠠ᠃ | 2. ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠠᠶᠠᠨᠴᠢᠳ ᠲᠤ ᠪᠦᠳᠦᠭᠦᠯᠢᠭ ᠢᠶᠠᠷ ᠬᠠᠨᠳᠤᠬᠤ᠂ | ᠲᠤᠭᠤᠷᠢᠭᠤ ᠵᠠᠮ ᠢᠶᠠᠷ ᠶᠠᠪᠤᠬᠤ᠂ ᠠᠶᠠᠨᠴᠢᠳ ᠢ ᠬᠢᠬᠠᠵᠤ ᠮᠡᠬᠡᠯᠡᠬᠦ ᠵᠡᠷᠭᠡ ᠠᠶᠠᠨᠴᠢᠳ ᠤᠨ ᠠᠰᠢᠭ ᠲᠤᠰᠠ ᠶᠢ | ᠬᠤᠬᠢᠷᠠᠭᠤᠯᠤᠭᠰᠠᠨ ᠦᠶᠯᠡ ᠠᠵᠢᠯᠯᠠᠭ᠎ᠠ ᠵᠢᠴᠢ ᠬᠡᠮᠵᠢᠬᠦᠷ ᠪᠤᠳᠤᠭᠤᠷ ᠢ ᠬᠡᠷᠡᠭᠯᠡᠬᠦ ᠦᠭᠡᠢ᠂ ᠳᠤᠷ᠎ᠠ ᠪᠠᠷ ᠢᠶᠠᠨ | ᠦᠨ᠎ᠡ ᠬᠠᠩᠰᠢ ᠶᠢ ᠥᠰᠬᠡᠵᠦ ᠢᠯᠡᠭᠦᠦ ᠰᠦᠢᠳᠬᠡᠯ ᠬᠤᠷᠢᠶᠠᠬᠤ᠂ ᠠᠶᠠᠨᠴᠢᠳ ᠤᠨ ᠮᠠᠷᠳᠠᠵᠤ ᠤᠷᠬᠢᠭᠰᠠᠨ ᠶᠠᠭᠤᠮ᠎ᠠ | ᠬᠡᠦᠮ᠎ᠡ ᠶᠢ ᠣᠯᠵᠤ ᠠᠪᠤᠭᠠᠳ ᠳᠡᠭᠡᠭᠰᠢ ᠲᠤᠰᠢᠶᠠᠬᠤ ᠦᠭᠡᠢ ᠵᠡᠷᠭᠡ ᠠᠵᠢᠯ ᠲᠥᠷᠥᠯ ᠤᠨ ᠳᠦᠷᠢ ᠲᠥᠷᠬᠦ ᠶᠢ | ᠨᠦᠯᠦᠭᠡᠯᠡᠭᠰᠡᠨ ᠪᠣᠯᠪᠠᠰᠤᠨ ᠪᠤᠰᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | 3. ᠬᠠᠤᠯᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠤᠰᠬᠠᠢ ᠴᠡᠭᠴᠡᠯᠡᠯᠳᠡ | ᠶᠢᠨ ᠬᠤᠭᠤᠴᠠᠭᠠᠨ ᠳᠤ᠂ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠭᠡᠷᠡᠭ ᠢ ᠣᠯᠵᠤ ᠮᠡᠳᠡᠪᠡᠯ ᠵᠠᠮ | ᠲᠡᠭᠡᠭᠡᠪᠦᠷᠢ ᠶᠢᠨ ᠬᠠᠤᠯᠢ ᠲᠦᠷᠢᠮ ᠶᠣᠰᠣᠭᠠᠷ ᠬᠦᠨᠳᠦ ᠰᠢᠳᠬᠡᠬᠦ ᠠᠴᠠ ᠭᠠᠳᠠᠨ᠎ᠠ᠂ ᠠᠵᠢᠯ ᠢ ᠨᠢ ᠵᠤᠭᠰᠤᠭᠠᠨ | ᠰᠤᠷᠤᠯᠴᠠᠯᠭ᠎ᠠ ᠪᠣᠯᠪᠠᠰᠤᠷᠠᠯ ᠳᠤ ᠤᠷᠤᠯᠴᠠᠭᠤᠯᠵᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ | ᠳᠠᠬᠢᠨ ᠠᠵᠢᠯ ᠤᠨ ᠪᠠᠶᠢᠷᠢ ᠳᠤᠨᠢ ᠭᠠᠷᠭᠠᠨ᠎ᠠ᠃ | 4. ᠨᠡᠶᠢᠭᠡᠮ ᠤᠨ ᠡᠯ᠎ᠡ ᠡᠲᠡᠭᠡᠳ ᠤᠨ ᠬᠦᠮᠦᠰ ᠪᠠ ᠥᠷᠭᠡᠨ ᠣᠯᠠᠨ ᠠᠷᠠᠳ ᠢᠷᠭᠡᠳ ᠲᠦᠷᠢᠶᠡᠰᠦᠨ ᠮᠠᠰᠢᠨ | ᠲᠡᠷᠭᠡᠨ ᠤ ᠬᠠᠤᠯᠢ ᠲᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠢᠳᠡᠪᠬᠢᠲᠡᠢ ᠪᠠᠷ ᠬᠢᠨᠠᠯᠲᠠ ᠲᠠᠯᠪᠢᠵᠤ᠂ | ᠡᠯ᠎ᠡ ᠲᠥᠷᠥᠯ ᠤᠨ ᠬᠠᠤᠯᠢ ᠪᠤᠰᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ | ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠢ᠃ ᠬᠡᠷᠪᠡ ᠬᠠᠤᠯᠢ ᠲᠦᠷᠢᠮ ᠵᠦᠷᠢᠴᠡᠭᠰᠡᠨ | ᠠᠵᠢᠯᠯᠠᠭ᠎ᠠ ᠶᠢ ᠣᠯᠵᠤ ᠮᠡᠳᠡᠪᠡᠯ᠂ ᠢᠳᠡᠪᠬᠢᠳᠡᠢ ᠪᠠᠷ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠃ | ᠢᠯᠡᠴᠢᠯᠡᠨ ᠮᠡᠳᠡᠭᠦᠯᠬᠦ ᠤᠲᠠᠰᠤ᠄ 0479 ︱ 6777009 | ᠬᠦᠯᠢᠶᠡᠨ ᠠᠪᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠦᠳᠡ ᠶᠢᠨ ᠡᠮᠦᠨ᠎ᠡ 8᠄ 30 | ︱ 12᠄ 00 ᠦᠳᠡ ᠶᠢᠨ ᠬᠤᠶᠢᠨ᠎ᠡ 14᠄ 30 ︱ 17᠄ 30 ︶ | | ᠲᠠᠶᠢᠹᠤᠰᠧ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | 2024 ᠣᠨ ᠤ 3 ᠰᠠᠷ᠎ᠠ ᠶᠢᠨ 25 ᠤ ᠡᠳᠦᠷ |