ᠲᠠᠶᠢᠹᠤᠰᠧ  ᠬᠤᠰᠢᠭᠤᠨ  ᠤ  ᠠᠷᠠᠳ  ᠤᠨ  ᠰᠢᠬᠦᠬᠦ  ᠬᠤᠷᠢᠶᠠᠨ  ᠤ  ᠠᠵᠢᠯ  ᠤᠨ  ᠮᠡᠳᠡᠬᠦᠯᠦᠯᠳᠡ
ᠨᠡᠶᠢᠲᠡᠯᠡᠭᠰᠡᠨ ᠴᠠᠭ᠄
2024/4/1
ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨᠶᠡᠭᠡ  ᠬᠤᠷᠠᠯ   ᠤᠨ  ᠭᠤᠷᠪᠠᠳᠤᠭᠠᠷ  ᠬᠤᠷᠠᠯᠳᠤᠭᠠᠨ   ᠤ  ᠪᠢᠴᠢᠭ  ᠮᠠᠲ᠋ᠧᠷᠢᠶᠠᠯ ︵21︶                    ᠲᠠᠶᠢᠹᠤᠰᠧ  ᠬᠤᠰᠢᠭᠤᠨ  ᠤ  ᠠᠷᠠᠳ  ᠤᠨ  ᠰᠢᠬᠦᠬᠦ  ᠬᠤᠷᠢᠶᠠᠨ  ᠤ  ᠠᠵᠢᠯ  ᠤᠨ  ᠮᠡᠳᠡᠬᠦᠯᠦᠯᠳᠡ                                                                                                                   2024 ᠤᠨ   ᠤ 1 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ  ᠠᠷᠠᠳ ᠤᠨ ᠲᠦᠯᠦᠭᠡᠯᠡᠭᠴᠢᠳ   ᠤᠨ ᠶᠡᠭᠡ ᠬᠤᠷᠠᠯ ᠤᠨ ᠭᠤᠷᠪᠠᠳᠤᠭᠠᠷ  ᠬᠤᠷᠠᠯᠳᠤᠭᠠᠨ ᠲᠡᠭᠡᠷ᠎ᠡ                                                              ᠲᠠᠶᠢᠹᠤᠰᠧ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ                 ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ     ᠺᠠᠩ ᠵᠢᠶᠠᠨ ᠵᠢᠶᠦ᠋ᠨ                                                                                                                              ᠲᠦᠯᠦᠬᠡᠯᠡᠭᠴᠢᠳ ᠡ᠄     ᠤᠳᠤ ᠪᠢ ᠲᠠᠶᠢᠹᠤᠰᠧ ᠬᠤᠰᠢᠭᠤᠨ ᠤ ᠠᠷᠠᠳ ᠤᠨ ᠰᠢᠬᠦᠬᠦ  ᠬᠤᠷᠢᠶ᠎ᠠ ᠶᠢ ᠲᠦᠯᠦᠬᠡᠯᠡᠵᠦ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠶ᠎ᠡ  ᠂  ᠬᠢᠨᠠᠨ ᠵᠦᠪᠯᠡᠬᠦ ᠪᠤᠯᠪᠠᠤ  ᠂  ᠮᠦᠨᠴᠦ ᠬᠤᠷᠠᠯ ᠳᠤ ᠰᠤᠯᠨ ᠤᠷᠤᠯᠴᠠᠭᠰᠠᠨ ᠨᠦᠬᠦᠳ ᠤᠨ ᠰᠠᠨᠠᠯ ᠢᠶᠠᠨ ᠲᠤᠷᠠᠳᠬᠤ ᠶᠢ  ᠬᠦᠰᠡᠵᠦ ᠪᠠᠶᠢᠨ᠎ᠠ᠃       2023 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠤᠰᠤᠨ ᠤ ᠬᠢᠨᠠᠯᠲᠠ ᠪᠠ ᠳᠡᠭᠡᠳᠦ ᠱᠠᠳᠤᠨ ᠤ ᠰᠢᠬᠦᠬᠦ ᠬᠤᠷᠢᠶᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠳᠣᠣᠷ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂  ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ᠂ ᠰᠢᠭᠦᠬᠦ ᠬᠤᠷᠢᠶᠠᠨ ᠤ ᠠᠵᠢᠯ ᠤᠨ ᠲᠤᠬᠠᠢ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂ ︽ᠳᠥᠷᠪᠡᠨ ᠤᠬᠠᠮᠰᠠᠷ︾  ᠢ ᠴᠢᠩᠭᠠᠳᠬᠠᠵᠤ᠂ ︽ᠳᠥᠷᠪᠡᠨ ᠢᠲᠡᠭᠡᠯ︾  ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ︽ᠲᠥᠪ ᠭᠤᠥᠯᠴᠢ ᠪᠠ ᠦᠷ᠎ᠡ ᠪᠦᠲᠦᠮᠵᠢ ᠶᠢ ᠡᠷᠬᠢᠮᠯᠡᠬᠦ︾  ᠭᠤᠣᠯ ᠰᠡᠳᠦᠪ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠲᠠᠢ ᠨᠢᠭᠲᠠ ᠤᠶᠠᠯᠳᠤᠭᠤᠯᠵᠤ᠂ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠤᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠭᠡᠳ᠂ ᠡᠯ᠎ᠡ ᠲᠦᠷᠦᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠪᠠ᠃    2023 ᠣᠨ ᠤ ᠭᠤᠣᠯ ᠠᠵᠢᠯ    2023 ᠣᠨ ᠳᠤ᠂  ᠰᠢᠭᠦᠬᠦ ᠬᠤᠷᠢᠶ᠎ᠠ ᠨᠢ 3202 ᠬᠤᠪᠢ ᠡᠯ᠎ᠡ ᠲᠥᠷᠥᠯ ᠤᠨ ᠬᠡᠷᠡᠭ ᠢ ᠭᠥᠯᠢᠶᠡᠨ ᠠᠪᠴᠤ ᠂ 3001 ᠬᠡᠷᠡᠭ ᠢ ᠰᠢᠭᠦᠵᠦ  ᠬᠦᠢᠴᠡᠳᠭᠡᠵᠦ ᠲᠠᠭᠤᠰᠬᠠᠨ᠂ ᠶᠡᠷᠦᠩᠬᠡᠢ ᠳᠠᠭᠤᠰᠬᠠᠭᠰᠠᠨ ᠨᠣᠷᠮ᠎ᠠ 93.72%  ᠳᠤ ᠬᠦᠷᠴᠦ᠂   ᠲᠡᠭᠰᠢᠳᠭᠡᠪᠡᠯ ᠰᠢᠬᠦᠭᠴᠢ ᠪᠦᠷᠢ 200 ᠬᠡᠷᠡᠭ ᠢ  ᠲᠠᠭᠤᠰᠬᠠᠭᠰᠠᠨ ᠪᠠᠶᠢᠨ᠎ᠠ᠃    ᠨᠢᠭᠡ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠡᠶᠢᠭᠡᠮ ᠤᠨ ᠲᠥᠪ ᠭᠤᠥᠯᠴᠢ ᠰᠢᠳᠤᠷᠭᠤ ᠶᠣᠰᠣ ᠶᠢ ᠪᠥᠬᠦ ᠬᠦᠴᠦᠨ ᠢᠶᠠᠷ ᠬᠠᠮᠠᠭᠠᠯᠠᠪᠠ᠃ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠵᠤ᠂ ︽ᠠᠮᠤᠷ ᠠᠮᠤᠭᠤᠯᠠᠩ ᠲᠠᠶᠢᠹᠤᠰᠧ ᠬᠤᠰᠢᠭᠤᠨ︾ ᠤ ᠪᠠᠶᠢᠭᠤᠯᠤᠯᠲᠠ ᠳᠤ ᠬᠦᠴᠦᠨ ᠨᠡᠮᠡᠷᠢᠯᠡᠭᠰᠡᠨ᠃ ᠡᠯ᠎ᠡ ᠲᠦᠷᠦᠯ ᠤᠨ ᠡᠷᠡᠭᠦᠦ ᠶᠢᠨ ᠬᠡᠷᠡᠭ ᠢ 137 ᠬᠤᠪᠢ ᠬᠦᠯᠢᠶᠡᠨ ᠠᠪᠴᠤ ᠰᠢᠢᠳᠪᠦᠷᠢᠯᠡᠭᠡᠳ᠂ ᠡᠨᠡ ᠨᠢ ᠠᠳᠠᠯᠢ ᠬᠤᠭᠤᠴᠠᠭᠠᠨ ᠤ ᠬᠢ ᠠᠴᠠ 82.67 % ᠪᠠᠷ ᠨᠡᠮᠡᠭᠳᠡᠵᠦ᠂ 132 ᠭᠡᠷᠡᠭ  ᠰᠢᠬᠦᠵᠦ ᠲᠠᠭᠤᠰᠬᠠᠭᠠᠳ᠂ ᠠᠳᠠᠯᠢ ᠬᠤᠭᠤᠴᠠᠭᠠᠨ ᠤ ᠬᠢ ᠠᠴᠠ 86.11 % ᠪᠠᠷ ᠨᠡᠮᠡᠭᠳᠡᠨ᠂  ᠳᠠᠭᠤᠰᠬᠠᠭᠰᠠᠨ ᠨᠤᠷᠮ᠎ᠠ  96.35% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.35 ᠵᠠᠭᠤᠨ ᠤ ᠬᠤᠪᠢ ᠶᠢᠨ ᠴᠡᠭ  ᠨᠡᠮᠡᠭᠳᠡᠨ᠂ 146 ᠶᠠᠯᠠᠳᠠᠨ ᠢ ᠵᠠᠯᠬᠠᠭᠠᠨ ᠰᠢᠳᠬᠡᠪᠡ᠃ ᠵᠣᠷᠢᠭᠤᠳᠠ ᠭᠡᠮᠲᠦᠭᠡᠭᠰᠡᠨ᠂  ᠬᠦᠴᠦᠷᠭᠡᠭᠯᠡᠨ ᠨᠥᠵᠢᠳᠯᠡᠭᠰᠡᠨ᠂  ᠪᠤᠯᠢᠶᠠᠵᠤ ᠳᠡᠭᠡᠷᠡᠮᠳᠡᠭᠰᠡᠨ ᠵᠡᠷᠭᠡ 10 ᠤᠳᠠᠭᠠᠨ ᠤ ᠬᠦᠨᠳᠦ ᠨᠣᠴᠢᠲᠠᠢ ᠬᠦᠴᠦᠷᠬᠡᠭᠯᠡᠯ ᠤᠨ ᠶᠠᠯᠠᠲᠤ ᠬᠡᠷᠡᠭ ᠢ ᠬᠠᠤᠯᠢ ᠶᠣᠰᠣᠭᠠᠷ  ᠰᠢᠭᠦᠨ ᠳᠠᠭᠤᠰᠬᠠᠵᠤ᠂ 12 ᠨᠡᠷ᠎ᠡ ᠬᠦᠨᠳᠦ ᠨᠣᠴᠢᠲᠠᠢ ᠡᠷᠡᠭᠦᠦ ᠶᠢᠨ ᠶᠠᠯᠠᠲᠤ ᠡᠲᠡᠭᠡᠳ ᠢ ᠴᠢᠩᠭ᠎ᠠ ᠰᠢᠳᠭᠡᠨ᠂ ᠰᠦᠷᠳᠡᠭᠦᠯᠬᠦ ᠪᠠ ᠬᠥᠮᠥᠵᠢᠭᠦᠯᠬᠦ ᠦᠢᠯᠡᠳᠦᠯ ᠦᠵᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠵᠤ᠂ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ 2023 ᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠶᠡᠷᠦᠩᠬᠡᠢ ᠵᠢᠯᠣᠭᠤᠳᠤᠯᠭ᠎ᠠ ᠪᠤᠯᠭᠠᠵᠠᠢ᠃ ᠲᠣᠣᠷ ᠰᠦᠯᠵᠢᠶᠡᠨ ᠤ ᠶᠠᠯᠠᠲᠤ ᠠᠵᠢᠯᠯᠠᠭ᠎ᠠ  ᠳᠤ ᠬᠠᠪᠰᠤᠷᠤᠭᠰᠠᠨ 23 ᠭᠡᠷᠡᠭ ᠢ ᠬᠠᠤᠯᠢ ᠶᠣᠰᠣᠭᠠᠷ ᠰᠢᠭᠦᠨ ᠳᠠᠭᠤᠰᠬᠠᠵᠤ ᠂ ᠣᠬᠤᠷ ᠪᠢᠴᠢᠯᠭᠡ  ᠰᠡᠬᠦᠳᠡᠷᠯᠡᠨ ᠦᠢᠯᠡᠳᠬᠦ᠂  ᠰᠤᠷᠤᠭᠴᠢᠳ ᠢ ᠵᠢᠯᠣᠭᠤᠳᠤᠨ ᠳᠠᠭᠤᠷᠢᠶᠠᠮᠠᠯ ᠰᠢᠭᠦᠬᠦ ᠲᠢᠩᠬᠢᠮ  ᠳᠤ ᠤᠷᠤᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ ︽ᠲᠣᠣᠷ ᠰᠦᠯᠵᠢᠶᠡᠨ ᠤ ᠶᠠᠯᠠᠲᠤ ᠠᠵᠢᠯᠯᠠᠭ᠎ᠠ  ᠳᠤ ᠬᠠᠪᠰᠤᠷᠤᠭᠰᠠᠨ︾   ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠳᠤ ᠢᠳᠡᠪᠬᠢᠲᠡᠢ ᠦᠢᠯᠡᠳᠦᠯ ᠦᠵᠡᠭᠦᠯᠪᠡ ᠃ ᠰᠣᠭᠲᠣᠭᠤ ᠪᠠᠷ ᠲᠡᠷᠭᠡ ᠵᠢᠯᠣᠭᠤᠳᠤᠭᠰᠠᠨ  ᠂ ᠵᠠᠮ ᠬᠠᠷᠢᠯᠴᠠᠭᠠᠨ ᠤ ᠡ᠊ᠨᠳᠡᠯ ᠭᠠᠷᠭᠠᠭᠰᠠᠨ 74  ᠭᠡᠷᠡᠭ ᠢ ᠬᠠᠤᠯᠢ ᠶᠣᠰᠣᠭᠠᠷ ᠵᠠᠯᠬᠠᠭᠠᠨ ᠰᠢᠳᠭᠡᠵᠦ᠂ ᠤᠯᠠᠨ ᠲᠦᠮᠡᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠬᠠᠮᠠᠭᠠᠯᠠᠵᠠᠢ᠃ ᠡᠬᠡ ᠤᠯᠤᠰ ᠤᠨ ᠤᠮᠠᠷᠠᠲᠤ ᠶᠢᠨ ᠠᠮᠤᠷ  ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ  ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ 10  ᠲᠦᠷᠦᠯ ᠤᠨ ᠠᠵᠢᠯ ᠡᠭᠦᠷᠭᠡ ᠶᠢ ᠲᠣᠳᠣᠷᠬᠠᠢ ᠲᠤᠭᠳᠠᠭᠠᠭᠰᠠᠨ ᠪᠠᠶᠢᠨ᠎ᠠ᠃ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠭᠰᠡᠨ᠃ ᠡᠯ᠎ᠡ ᠲᠦᠷᠦᠯ ᠤᠨ ᠢᠷᠭᠡᠨ ᠤ ᠭᠡᠷᠡᠭ ᠪᠠ ᠬᠤᠳᠠᠯᠳᠤᠭᠠᠨ ᠤ ᠬᠡᠷᠡᠭ ᠢ 1746 ᠬᠤᠪᠢ ᠬᠦᠯᠢᠶᠡᠨ ᠠᠪᠴᠤ  ᠰᠢᠢᠳᠪᠦᠷᠢᠯᠡᠭᠡᠳ᠂ ᠡᠨᠡ ᠨᠢ ᠠᠳᠠᠯᠢ ᠬᠤᠭᠤᠴᠠᠭᠠᠨ ᠤ ᠬᠢ ᠠᠴᠠ  5.56% ᠪᠠᠷ ᠨᠡᠮᠡᠭᠳᠡᠵᠦ᠂ 1652  ᠬᠡᠷᠡᠭ ᠢ  ᠰᠢᠬᠦᠵᠦ ᠲᠠᠭᠤᠰᠬᠠᠭᠠᠳ᠂ ᠠᠳᠠᠯᠢ ᠬᠤᠭᠤᠴᠠᠭᠠᠨ ᠤ ᠬᠢ ᠠᠴᠠ 3.25% ᠪᠠᠷ ᠨᠡᠮᠡᠭᠳᠡᠵᠦ᠂  ᠳᠠᠭᠤᠰᠬᠠᠭᠰᠠᠨ ᠨᠤᠷᠮ᠎ᠠ  94.62% ᠲᠤ ᠬᠦᠷᠴᠡᠢ᠃ 122 ᠬᠤᠪᠢ ᠬᠥᠳᠡᠯᠮᠦᠷᠢ ᠦᠢᠯᠡᠴᠢᠯᠡᠭᠡᠨ ᠤ ᠭᠡᠷ᠎ᠡ ᠶᠢᠨ ᠵᠢᠭᠤᠷᠠᠯᠳᠤᠭᠠᠨ ᠢ ᠰᠢᠭᠦᠨ ᠰᠢᠢᠳᠪᠦᠷᠢᠯᠡᠵᠦ᠂ ᠴᠠᠯᠢᠩ ᠮᠦᠩᠬᠦ ᠶᠢ ᠦᠷᠢᠳᠦᠭᠰᠡᠨ᠂ ᠠᠵᠢᠯ ᠠᠴᠠ ᠪᠣᠯᠤᠭᠰᠠᠨ ᠭᠡᠮᠲᠦᠯ ᠳᠤ ᠲᠥᠯᠥᠪᠦᠷᠢ  ᠤᠯᠭᠤᠭᠰᠠᠨ ᠦᠭᠡᠢ ᠵᠡᠷᠭᠡ ᠠᠰᠠᠭᠤᠳᠠᠯ ᠢ ᠬᠠᠤᠯᠢ ᠶᠣᠰᠣᠭᠠᠷ  ᠴᠡᠭᠴᠡᠯᠡᠨ᠂ ᠬᠥᠯᠥᠰᠦᠨ ᠠᠵᠢᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠪᠠ᠃ ᠬᠠᠭᠤᠴᠢᠨ  ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠵᠢᠭᠤᠷᠠᠯᠳᠤᠭᠠᠨ ᠪᠠ ᠠᠳᠠᠯ ᠠᠬᠤᠢ ᠶᠢᠨ ᠵᠢᠭᠤᠷᠠᠯᠳᠤᠭᠠᠨ ᠤ 123 ᠭᠡᠷᠡᠭ ᠢ ᠰᠢᠭᠦᠨ ᠰᠢᠢᠳᠪᠦᠷᠢᠯᠡᠵᠦ᠂ ᠠᠷᠠᠳ ᠤᠯᠠᠨ ᠤ ᠳᠡᠷᠭᠡᠳᠡᠬᠢ ᠶᠠᠪᠤᠳᠠᠯ ᠢ ᠲᠣᠬᠢᠲᠠᠢ ᠰᠢᠢᠳᠪᠦᠷᠢᠯᠡᠨ᠂ ︽ᠰᠡᠳᠬᠢᠯ ᠬᠥᠷᠥᠭᠡᠬᠦ ᠶᠠᠪᠤᠳᠠᠯ︾ ᠢ ︽ᠰᠡᠳᠬᠢᠯ ᠳᠤᠯᠠᠭᠠᠴᠠᠭᠤᠯᠬᠤ ᠶᠠᠪᠤᠳᠠᠯ︾ ᠪᠣᠯᠭᠠᠨ ᠬᠤᠪᠢᠷᠠᠭᠤᠯᠤᠭᠰᠠᠨ ᠪᠠᠶᠢᠨ᠎ᠠ᠃ ᠭᠡᠷ ᠪᠠᠶᠢᠰᠢᠩ ᠭᠠᠵᠠᠷ ᠰᠢᠷᠣᠢ᠂ ᠲᠠᠸᠠᠷ ᠤᠨ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠳᠤ ᠬᠤᠯᠪᠣᠭᠳᠠᠭᠰᠠᠨ ᠵᠢᠭᠤᠷᠠᠯᠳᠤᠭᠠᠨ ᠤ 24 ᠭᠡᠷᠡᠭ ᠢ ᠵᠦᠢ ᠵᠤᠬᠢᠰᠳᠠᠢ ᠰᠢᠭᠦᠨ ᠳᠠᠭᠤᠰᠬᠠᠵᠤ᠂  ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠪᠠ᠃ ᠤᠷᠤᠭ ᠭᠡᠷ ᠪᠦᠯᠢ ᠶᠢᠨ ᠬᠠᠮᠢᠶᠠᠳᠠᠢ 201 ᠬᠡᠷᠡᠭ ᠢ ᠰᠢᠭᠦᠨ ᠰᠢᠢᠳᠪᠦᠷᠢᠯᠡᠵᠦ᠂ ︽ᠪᠠᠭ᠎ᠠ ᠭᠡᠷ ᠪᠦᠯᠢ︾ ᠶᠢᠨ ᠡᠶ᠎ᠡ ᠵᠣᠬᠢᠴᠠᠯ ᠢ ᠬᠠᠮᠠᠭᠠᠯᠠᠨ᠂ ︽ᠶᠡᠭᠡ ᠭᠡᠷ ᠪᠦᠯᠢ︾ ᠶᠢᠨ ᠠᠮᠤᠷ ᠲᠣᠭᠲᠠᠭᠤᠨ ᠢ ᠬᠠᠮᠠᠭᠠᠯᠠᠪᠠ᠃ ᠲᠣᠭᠤᠷᠢᠨ  ᠰᠢᠬᠦᠬᠦ ᠠᠵᠢᠯ ᠢ  ᠴᠢᠩᠭᠠᠳᠬᠠᠵᠤ᠂  ︽ᠮᠤᠷᠢᠨ ᠨᠢᠷᠤᠭᠤᠨ ᠲᠡᠭᠡᠷᠡᠬᠢ ᠰᠢᠭᠦᠬᠦ ᠲᠢᠩᠬᠢᠮ︾ ᠨᠢ ᠲᠠᠷᠢᠶ᠎ᠠ ᠪᠡᠯᠴᠢᠭᠡᠷ ᠲᠤ  ᠬᠦᠨᠵᠡᠬᠡᠶᠢᠷᠡᠨ᠂  ︽ ᠮᠠᠰᠢᠨ ᠲᠡᠷᠭᠡᠨ ᠳᠡᠭᠡᠷᠡᠬᠢ ᠰᠢᠭᠦᠬᠦ ᠲᠢᠩᠬᠢᠮ︾ ᠨᠢ  ᠭᠠᠴᠠᠭ᠎ᠠ ᠲᠤᠰᠬᠤᠨ ᠢᠶᠠᠷ ᠲᠠᠪᠬᠢᠭᠤᠯᠵᠤ᠂  ᠠᠬᠤᠢ ᠲᠠᠯᠠᠪᠠᠢ   ᠳᠤᠨᠢ ᠡᠶᠡᠳᠡᠬᠦᠯᠦᠨ᠂  ᠠᠬᠤᠢ ᠲᠠᠯᠠᠪᠠᠢ ᠳᠤᠨᠢ ᠰᠢᠬᠦᠵᠦ᠂  ᠠᠬᠤᠢ ᠲᠠᠯᠠᠪᠠᠢ ᠳᠤᠨᠢ ᠬᠦᠢᠴᠡᠳᠭᠡᠭᠡᠳ᠂  ᠠᠶᠢᠯ ᠬᠥᠷᠰᠢ ᠶᠢᠨ ᠵᠢᠭᠤᠷᠠᠯᠳᠤᠭᠠᠨ ᠢ 24 ᠤᠳᠠᠭ᠎ᠠ ᠰᠢᠢᠳᠪᠦᠷᠢᠯᠡᠵᠦ᠂ 500 ᠭᠠᠷᠤᠢ ᠬᠥᠮᠥᠨ ᠤᠳᠠᠭ᠎ᠠ ᠳᠤ ᠵᠠᠷᠭᠤ ᠶᠢᠨ ᠵᠢᠯᠣᠭᠤᠳᠤᠯᠭ᠎ᠠ ᠬᠠᠩᠭᠠᠨ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ 60 ᠭᠠᠷᠤᠢ ᠤᠳᠠᠭ᠎ᠠ ᠥᠷᠨᠢᠭᠦᠯᠵᠦ᠂ ︽ᠨᠢᠭᠡ ᠬᠡᠷᠡᠭ ᠢ  ᠰᠢᠬᠦᠵᠦ ᠰᠢᠢᠳᠪᠦᠷᠢᠯᠡᠪᠡᠯ ᠨᠢᠭᠡ  ᠪᠦᠯᠦᠭ ᠬᠦᠮᠦᠰ ᠢ ᠰᠤᠷᠭᠠᠨ ᠬᠥᠮᠥᠵᠢᠭᠦᠯᠬᠦ︾ ᠨᠡᠶᠢᠭᠡᠮ ᠤᠨ ᠦᠷ᠎ᠡ ᠳ᠋ᠦᠩ ᠳᠤ ᠬᠦᠷᠦᠭᠰᠡᠨ ᠪᠠᠶᠢᠨ᠎ᠠ᠃  ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠳᠡᠪᠬᠢᠲᠡᠢ ᠠᠬᠢᠭᠤᠯᠤᠭᠰᠠᠨ᠃ 16 ᠬᠤᠪᠢ ᠵᠠᠰᠠᠭ ᠵᠠᠬᠢᠷᠭᠠᠨ ᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ 10 ᠬᠡᠷᠡᠭ ᠢ ᠰᠢᠭᠦᠨ ᠲᠠᠭᠤᠰᠬᠠᠵᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠳᠤ 3 ᠬᠤᠪᠢ ᠬᠠᠤᠯᠢ ᠶᠢᠨ ᠰᠠᠨᠠᠭᠤᠯᠭ᠎ᠠ ᠶᠢᠨ ᠪᠢᠴᠢᠭ ᠲᠠᠷᠬᠠᠭᠠᠵᠤ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠠᠬᠢᠭᠤᠯᠤᠭᠠᠳ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ 100 % ᠳᠤ ᠬᠥᠷᠪᠡ᠃  ᠭᠦᠢᠴᠡᠳᠬᠡᠬᠦ ᠪᠡᠷᠬᠡ ᠰᠡᠳᠦᠪ ᠢ ᠰᠢᠢᠳᠪᠦᠷᠢᠯᠡᠵᠦ ᠵᠠᠷᠭᠤ ᠢᠯᠠᠭᠴᠢᠳ ᠤᠨ ᠡᠷᠬᠡ ᠠᠰᠢᠭ ᠢ  ᠬᠠᠮᠠᠭᠠᠯᠠᠭᠰᠠᠨ᠃ ᠡᠯ᠎ᠡ ᠲᠦᠷᠦᠯ ᠤᠨ ᠭᠦᠢᠴᠡᠳᠬᠡᠬᠦ ᠬᠡᠷᠡᠭ ᠢ 1295 ᠬᠤᠪᠢ ᠬᠦᠯᠢᠶᠡᠨ ᠠᠪᠴᠤ ᠰᠢᠢᠳᠪᠦᠷᠢᠯᠡᠭᠡᠳ᠂ ᠡᠨᠡ ᠨᠢ ᠠᠳᠠᠯᠢ ᠬᠤᠭᠤᠴᠠᠭᠠᠨ ᠤ ᠬᠢ ᠠᠴᠠ  9.2% ᠢᠶᠠᠷ ᠨᠡᠮᠡᠭᠳᠡᠵᠦ᠂ 1199  ᠭᠡᠷᠡᠭ ᠢ ᠬᠦᠢᠴᠡᠳᠭᠡᠵᠦ ᠲᠠᠭᠤᠰᠬᠠᠨ᠂ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠵᠦ᠂ ᠭᠦᠢᠴᠡᠳᠬᠡᠨ ᠳᠠᠭᠤᠰᠬᠠᠭᠰᠠᠨ ᠨᠤᠷᠮ᠎ᠠ 92.59% ᠳᠤ ᠬᠦᠷᠴᠡᠢ᠃ ᠭᠦᠢᠴᠡᠳᠬᠡᠭᠦᠯᠬᠦ ᠪᠠᠷ ᠭᠤᠶᠤᠴᠢᠯᠠᠭᠰᠠᠨ ᠬᠠᠷᠠᠯᠲᠠ 3.69 ᠳ᠋ᠦᠩᠰᠢᠭᠤᠷ ᠲᠥᠭᠦᠷᠢᠭ ᠲᠤ ᠬᠦᠷᠴᠦ᠂ ᠪᠤᠳᠠᠳᠠᠢ ᠨᠠᠶᠢᠳᠠᠪᠤᠷᠢᠵᠢᠭᠤᠯᠤᠭᠰᠠᠨ ᠬᠠᠷᠠᠯᠲᠠ 1.78 ᠳ᠋ᠦᠩᠰᠢᠭᠤᠷ ᠲᠥᠭᠦᠷᠢᠭ ᠲᠤ ᠬᠦᠷᠦᠭᠡᠳ᠂ ᠪᠤᠳᠠᠳᠠᠢ ᠨᠠᠶᠢᠳᠠᠪᠤᠷᠢᠵᠢᠭᠤᠯᠤᠭᠰᠠᠨ ᠨᠤᠷᠮ᠎ᠠ 67.85% ᠳᠤ ᠬᠦᠷᠴᠦ᠂ ᠭᠦᠢᠴᠡᠳᠬᠡᠵᠦ ᠳᠠᠭᠤᠰᠬᠠᠭᠰᠠᠨ ᠨᠤᠷᠮ᠎ᠠ 43.88% ᠳᠤ ᠬᠦᠷᠪᠡ᠃ ᠭᠦᠢᠴᠡᠳᠬᠡᠬᠦ ᠶᠢ ᠵᠢᠯᠤᠭᠤᠳᠬᠤ ᠲᠥᠪ ᠤᠨ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠵᠦ᠂ ᠭᠦᠢᠴᠡᠳᠬᠡᠬᠦ ᠬᠡᠷᠡᠭ ᠤᠨ ᠪᠦᠬᠦ ᠵᠠᠩᠭᠢᠯᠠᠭ᠎ᠠ ᠶᠢᠨ ᠴᠡᠭ ᠢ ᠬᠢᠨᠠᠨ ᠡᠵᠡᠮᠳᠡᠵᠦ ᠪᠣᠯᠬᠤ᠂ ᠪᠦᠬᠦ ᠶᠠᠪᠤᠴᠠ ᠶᠢ ᠮᠦᠷᠳᠡᠨ ᠨᠡᠬᠡᠮᠵᠢᠯᠡᠵᠦ ᠪᠣᠯᠬᠤ᠂ ᠪᠦᠬᠦ ᠶᠠᠪᠤᠴᠠ ᠶᠢ ᠴᠢᠩᠭ᠎ᠠ ᠬᠢᠨᠠᠨ ᠬᠠᠮᠢᠶᠠᠷᠴᠤ ᠪᠤᠯᠬᠤ ᠶᠠᠰᠤ ᠴᠢᠨᠠᠷ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠡᠶᠡᠯᠡᠭᠦᠯᠵᠦ᠂ ︽ ᠬᠦᠯᠦᠭ ᠤᠨ ᠲᠤᠪᠳᠤᠯᠭᠠᠨ 4.0︾  ᠭᠦᠢᠴᠡᠳᠬᠡᠬᠦ ᠲᠤᠭ᠎ᠠ ᠶᠢ ᠥᠨᠳᠥᠷ ᠪᠦᠲᠦᠮᠵᠢᠲᠡᠶ ᠪᠡᠶᠡᠯᠡᠬᠦᠭᠰᠡᠨ ᠪᠠᠶᠢᠨ᠎ᠠ᠃    ᠬᠤᠶᠠᠷ᠂ ᠠᠷᠠᠳ ᠲᠦᠮᠡᠨ ᠢ ᠳᠡᠭᠡᠳᠦᠯᠡᠵᠦ᠂ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠪᠡ᠃ ᠵᠠᠷᠭᠤ ᠶᠢᠨ ᠦᠢᠯᠡᠴᠢᠯᠡᠭᠡ ᠶᠢ  ᠤᠯᠠᠮ ᠰᠠᠶᠢᠵᠢᠷᠠᠭᠤᠯᠤᠭᠰᠠᠨ ᠃ ︽ᠠᠷᠠᠳ ᠤᠨ ᠰᠢᠭᠦᠬᠦ ᠬᠤᠷᠢᠶᠠᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ︾ ᠢᠶᠠᠷ ᠶᠡᠷᠦᠩᠬᠡᠢ  ᠤᠷᠤᠴᠠ ᠪᠣᠯᠭᠠᠵᠤ᠂ ᠰᠦᠯᠵᠢᠶᠡᠨ ᠳᠡᠭᠡᠷ᠎ᠡ ᠡᠶᠡᠳᠡᠭᠦᠯᠬᠦ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠂ ᠡᠯᠧᠺᠲᠷᠣᠨ ᠢᠶᠠᠷ ᠬᠦᠷᠭᠡᠬᠦ᠂ ᠨᠠᠶᠢᠳᠠᠵᠤ ᠬᠢᠨᠠᠨ ᠲᠣᠭᠲᠠᠭᠠᠯᠭᠠᠬᠤ ᠵᠡᠷᠭᠡ 10 ᠲᠠᠪᠴᠠᠩ ᠢ ᠨᠡᠶᠢᠳᠭᠡᠨ᠂ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠨᠡᠶᠢᠳᠡᠮ  ᠪᠦᠷᠬᠦᠬᠦᠯᠦᠭᠡᠳ᠂ ᠤᠯᠠᠨ ᠲᠦᠮᠡᠨ  ᠵᠠᠷᠭᠤ ᠬᠢᠬᠦ ᠳᠡᠭᠡᠨ ᠪᠦᠬᠦ ᠶᠠᠪᠤᠴᠠ ᠶᠢ ︽ᠠᠯᠠᠭᠠᠨ ᠲᠡᠭᠡᠷ᠎ᠡ ᠪᠠᠨ ᠭᠦᠢᠴᠡᠳᠬᠡᠬᠦ︾ ᠪᠤᠯᠵᠠᠢ᠃  ︽12368  ︾ ᠦᠢᠯᠡᠴᠢᠯᠡᠭᠡᠨ ᠤ ᠤᠲᠠᠰᠤ  ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡᠳᠦᠭᠡᠷ ᠨᠣᠮᠧᠷ ᠢᠶᠠᠷ ᠪᠦᠬᠦᠨ ᠢ ᠰᠢᠢᠳᠪᠦᠷᠢᠯᠡᠬᠦ︾   ᠶᠢ ᠪᠡᠶᠡᠯᠡᠬᠦᠯᠦᠨ᠂ ᠤᠯᠠᠨ ᠲᠦᠮᠡᠨ ᠤ ᠢᠷᠡᠭᠦᠯᠦᠭᠰᠡᠨ ᠤᠲᠠᠰᠤ ᠶᠢ 166 ᠤᠳᠠᠭ᠎ᠠ ᠲᠤᠰᠴᠤ᠂ 166 ᠬᠤᠪᠢ ᠬᠦᠰᠡᠯ ᠱᠠᠭᠠᠷᠳᠠᠯᠭ᠎ᠠ ᠶᠢ ᠬᠠᠪᠰᠤᠷᠤᠨ  ᠰᠢᠢᠳᠪᠦᠷᠢᠯᠡᠭᠡᠳ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ 100% ᠳᠤ ᠬᠦᠷᠦᠭᠰᠡᠨ ᠪᠠᠶᠢᠨ᠎ᠠ᠃  ᠵᠠᠷᠭᠤ ᠠᠴᠠ ᠡᠮᠦᠨᠡᠬᠢ ᠬᠢᠨᠠᠨ ᠲᠣᠭᠲᠠᠭᠠᠯᠲᠠ ᠶᠢᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠵᠠᠮ ᠬᠠᠷᠢᠯᠴᠠᠭᠠᠨ ᠤ ᠤᠰᠤᠯ ᠠᠳᠡᠯ ᠤᠨ ᠬᠤᠬᠢᠷᠠᠯ ᠢ ᠲᠥᠯᠥᠬᠦ ᠵᠢᠭᠤᠷᠠᠯᠳᠤᠭᠠᠨ ᠤ 38 ᠭᠡᠷᠡᠭ  ᠲᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠪᠡ᠃ ᠢᠷᠭᠡᠨ ᠤ ᠬᠡᠷᠡᠭ ᠤᠨ ᠵᠠᠷᠭᠤ ᠶᠢᠨ ᠰᠦᠢᠳᠭᠡᠯ ᠢ ᠪᠠᠭᠠᠰᠬᠠᠬᠤ  ᠲᠦᠷᠢᠮ ᠢ ᠬᠡᠷᠡᠭᠯᠡᠨ 200  ᠬᠡᠷᠡᠭ ᠢ ᠰᠢᠭᠦᠨ ᠰᠢᠢᠳᠪᠦᠷᠢᠯᠡᠵᠦ᠂ ᠲᠦᠷᠢᠮ ᠢ ᠬᠡᠷᠡᠭᠯᠡᠭᠰᠡᠨ ᠨᠤᠷᠮ᠎ᠠ 12.1% ᠳᠤ ᠬᠦᠷᠴᠦ᠂  ᠲᠤᠬᠠᠢ ᠶᠢᠨ ᠬᠥᠮᠥᠨ ᠤ ︽ ᠵᠠᠷᠭᠤ ᠶᠢᠨ ᠲᠠᠷᠤᠭᠠᠰᠤ︾ ᠢ ᠵᠤᠬᠢᠬᠤ ᠬᠡᠮᠵᠢᠶ᠎ᠡ ᠪᠠᠷ ᠬᠦᠩᠭᠡᠷᠡᠬᠦᠯᠦᠭᠰᠡᠨ ᠪᠠᠶᠢᠨ᠎ᠠ᠃  ︽ ᠲᠦᠷᠪᠡ ᠶᠢ ᠠᠭᠤᠰᠤᠯᠴᠠᠭᠤᠯᠬᠤ︾ ᠠᠵᠢᠯ ᠤᠨ ᠠᠷᠭ᠎ᠠ ᠶᠢ ᠡᠭᠦᠳᠴᠦ᠂ ᠵᠠᠷᠭᠤ ᠶᠢᠨ ᠢᠷᠡᠯᠲᠡ ᠶᠢ ᠵᠠᠰᠠᠬᠤ ᠰᠢᠨ᠎ᠡ ᠪᠠᠶᠢᠷᠢᠰᠢᠯ ᠢ ᠪᠤᠢ ᠪᠤᠯᠭᠠᠭᠰᠠᠨ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠵᠠᠷᠭᠤ ᠦᠭᠡᠢ ᠨᠡᠶᠢᠭᠡᠮ ᠲᠣᠭᠤᠷᠢᠭ ︵ᠭᠠᠴᠠᠭ᠎ᠠ  ᠲᠣᠰᠬᠤᠨ︶︾᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠵᠠᠰᠠᠬᠤ ᠠᠵᠢᠯ ᠤᠨ ᠬᠠᠷᠢᠯᠴᠠᠬᠤ ᠥᠷᠲᠡᠭᠡ᠂ ᠵᠥᠷᠢᠴᠡᠯ ᠵᠢᠭᠤᠷᠠᠯᠳᠤᠭᠠᠨ ᠢ ᠬᠠᠮᠲᠤᠷᠠᠨ ᠡᠶᠡᠳᠡᠬᠦᠯᠬᠦ ᠲᠥᠪ᠂ ︽ ᠶᠢᠨ ᠺᠠᠢ︾ ᠠᠵᠢᠯᠯᠠᠬᠤ ᠲᠠᠰᠤᠭ ᠵᠡᠷᠭᠡ  ︽ᠲᠦᠷᠪᠡ ᠶᠢ ᠠᠭᠤᠰᠤᠯᠴᠠᠭᠤᠯᠬᠤ︾ ᠡᠶᠡᠳᠡᠭᠦᠯᠭᠡ ᠶᠢᠨ ᠵᠠᠭᠪᠤᠷ ᠢ ᠠᠩᠬ᠎ᠠ  ᠡᠬᠦᠳᠦᠭᠡᠳ᠂ ︽ᠪᠥᠬᠦ ᠣᠷᠣᠨ ᠤ ᠰᠢᠨ᠎ᠡ ᠴᠠᠭ ᠦᠶ᠎ᠡ ᠶᠢᠨ ︿ᠹᠧᠩᠴᠢᠶᠤᠤ ᠶᠢᠨ ᠲᠤᠷᠰᠢᠯᠭ᠎ᠠ﹀︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ 2023 ᠣᠨ ᠳᠤ᠂  1250  ᠭᠡᠷᠡᠭ ᠢ ᠡᠶᠡᠳᠡᠬᠦᠯᠦᠨ ᠰᠢᠢᠳᠪᠦᠷᠢᠯᠡᠵᠦ᠂ 1100 ᠭᠡᠷᠡᠭ ᠢ ᠰᠦᠯᠵᠢᠶᠡᠨ ᠳᠡᠭᠡᠷ᠎ᠡ ᠡᠶᠡᠳᠡᠬᠦᠯᠦᠭᠡᠳ᠂  950 ᠶᠢ ᠨᠢ ᠠᠮᠵᠢᠯᠳᠠ ᠲᠠᠢ ᠡᠶᠡᠳᠡᠬᠦᠯᠵᠤ᠂  ᠠᠮᠵᠢᠯᠲᠠ ᠣᠯᠣᠭᠰᠠᠨ ᠨᠤᠷᠮ᠎ᠠ  86.36% ᠳᠤ ᠬᠦᠷᠴᠡᠢ᠃   ︽ᠠᠷᠠᠳ ᠤᠨ ᠲᠥᠯᠥᠭᠡᠯᠡᠭᠴᠢ + ᠰᠢᠭᠦᠬᠦ ᠬᠤᠷᠢᠶ᠎ᠠ︾ ︽ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ + ᠰᠢᠭᠦᠬᠦ ᠬᠤᠷᠢᠶ᠎ᠠ︾   ᠬᠠᠮᠲᠤᠷᠠᠨ ᠡᠶᠡᠳᠡᠭᠦᠯᠬᠦ ᠲᠠᠰᠤᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠲᠤ ᠰᠢᠭᠦᠬᠦ ᠬᠤᠷᠢᠶᠠᠨ ᠤ ᠠᠵᠢᠯ ᠢ ᠭᠦᠨᠵᠡᠭᠡᠢ ᠤᠶᠢᠯᠠᠭᠠᠭᠤᠯᠤᠨ᠂ ᠰᠢᠭᠦᠬᠦ ᠬᠤᠷᠢᠶᠠᠨ ᠤ ᠠᠵᠢᠯ ᠳᠤ ᠪᠦᠲᠦᠮᠵᠢᠲᠡᠶ ᠪᠠᠷ ᠬᠢᠨᠠᠯᠲᠠ ᠲᠠᠯᠪᠢᠭᠤᠯᠵᠤ᠂ ᠰᠢᠭᠦᠬᠦ ᠬᠤᠷᠢᠶᠠᠨ ᠤ  ᠠᠵᠢᠯ ᠳᠤ ᠥᠷᠭᠡᠨ ᠢᠶᠠᠷ ᠤᠷᠤᠯᠴᠠᠭᠤᠯᠤᠭᠠᠳ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠤ ᠵᠠᠷᠭᠤ ᠶᠢᠨ ᠢᠷᠡᠯᠲᠡ ᠶᠢ ᠵᠠᠰᠠᠬᠤ ᠪᠣᠳᠠᠲᠤ ᠬᠡᠷᠡᠭᠴᠡᠭᠡ ᠶᠢ  ᠬᠠᠩᠭᠠᠭᠰᠠᠨ ᠪᠠᠶᠢᠨ᠎ᠠ᠃ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠰᠡᠳᠬᠢᠯ ᠲᠠᠯᠪᠢᠵᠤ ᠰᠢᠢᠳᠪᠦᠷᠢᠯᠡᠭᠰᠡᠨ᠃   ︽ᠵᠠᠬᠢᠳᠠᠯ  ᠰᠣᠷᠪᠤᠯᠵᠢᠯᠠᠭ᠎ᠠ ᠪᠠᠶᠢᠪᠠᠯ ᠵᠠᠪᠠᠯ ᠬᠠᠷᠢᠭᠤᠯᠬᠤ︾ ᠶᠢ ᠦᠷᠭᠦᠯᠵᠢᠯᠡᠨ ᠠᠬᠢᠭᠤᠯᠵᠤ᠂ ᠰᠢᠭᠦᠬᠦ ᠬᠤᠷᠢᠶᠠᠨ ᠤ ᠤᠳᠤᠷᠢᠳᠤᠯᠭ᠎ᠠ ᠰᠣᠷᠪᠤᠯᠵᠢᠯᠠᠭ᠎ᠠ ᠬᠦᠯᠢᠶᠡᠬᠦ ᠂  ᠰᠢᠬᠦᠭᠴᠢ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠠᠵᠢᠯᠲᠠᠨ ᠬᠢᠨᠠᠯᠲᠠ ᠲᠠᠯᠪᠢᠬᠤ ᠠᠷᠭ᠎ᠠ ᠶᠢ  ᠭᠡᠷᠡᠭᠵᠢᠬᠦᠯᠵᠦ᠂  ᠰᠢᠬᠦᠬᠦ ᠬᠤᠷᠢᠶᠠᠨ ᠤ ᠤᠳᠤᠷᠢᠳᠤᠯᠭ᠎ᠠ ᠳᠣᠷᠣᠭᠰᠢ ᠪᠠᠭᠤᠵᠤ 14 ᠤᠳᠠᠭᠠᠨ ᠤ ᠰᠣᠷᠪᠤᠯᠵᠢᠯᠠᠭ᠎ᠠ ᠶᠢ ᠬᠦᠯᠢᠶᠡᠨ᠂ 3 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠪᠡ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠠᠴᠠ ᠪᠠᠨ ᠠᠮᠠᠷᠠᠭᠰᠠᠨ ᠰᠢᠬᠦᠭᠴᠢ᠂ ᠬᠠᠤᠯᠢᠴᠢ ᠶᠢ ᠪᠠᠭᠲᠠᠭᠠᠭᠰᠠᠨ 6 ᠨᠡᠷ᠎ᠡ ᠣᠷᠣᠯᠠᠨ ᠭᠦᠢᠴᠡᠳᠭᠡᠭᠴᠢ ᠶᠢ   ᠲᠤᠮᠢᠯᠠᠨ᠂ ᠨᠢᠭᠤᠷᠳᠠᠨ ᠠᠭᠤᠯᠵᠠᠵᠤ ᠪᠣᠯᠵᠣᠨ ᠰᠤᠷᠪᠤᠯᠵᠢᠯᠠᠬᠤ᠂ ᠲᠠᠬᠢᠨ ᠲᠠᠪᠳᠠᠨ ᠡᠶᠡᠳᠡᠬᠦᠯᠬᠡ ᠬᠢᠬᠦ ᠦᠢᠯᠡᠴᠢᠯᠡᠭᠡ ᠬᠠᠩᠭᠠᠵᠤ᠂ ︽ᠢᠳᠡᠪᠬᠢ ᠪᠤᠰᠤ ᠪᠠᠷ ᠵᠥᠷᠢᠴᠡᠯ ᠢ ᠨᠠᠮᠳᠠᠭᠤᠯᠬᠤ︾ ᠶᠢ ︽ᠢᠳᠡᠪᠬᠢᠳᠡᠢ ᠪᠠᠷ ᠠᠰᠠᠭᠤᠳᠠᠯ ᠢ ᠰᠢᠢᠳᠪᠦᠷᠢᠯᠡᠬᠦ︾ ᠪᠣᠯᠭᠠᠨ ᠬᠤᠪᠢᠷᠠᠭᠤᠯᠤᠭᠠᠳ᠂ 3 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ᠂ ︽ ᠵᠠᠬᠢᠳᠠᠯ ᠰᠣᠷᠪᠤᠯᠵᠢᠯᠠᠭ᠎ᠠ ᠶᠢᠨ ᠢᠷᠡᠯᠲᠡ ᠶᠢ ᠵᠠᠰᠠᠬᠤ︾ ᠰᠠᠶᠢᠨ ᠦᠷ᠎ᠡ ᠳ᠋ᠦᠩ ᠳᠤ ᠬᠦᠷᠦᠭᠰᠡᠨ ᠪᠠᠶᠢᠨ᠎ᠠ᠃      ᠭᠤᠷᠪᠠ᠂ ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠳᠤᠯᠠᠪᠠ᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯᠠᠪᠠᠷ ᠠᠬᠢᠭᠤᠯᠤᠭᠰᠠᠨ᠃  ᠠᠵᠢᠯ ᠤᠨ ᠲᠤᠷᠰᠢᠯᠭ᠎ᠠ ᠪᠠᠷ ᠪᠠᠶᠠᠯᠢᠭ 5 ᠠᠵᠢᠯᠳᠠᠨ ᠢ ᠭᠠᠴᠠᠭ᠎ᠠ ᠲᠣᠰᠬᠤᠨ ᠳᠤ ᠲᠣᠮᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠪᠡ᠃ 2023 ᠤᠨ ᠤ ᠬᠠᠪᠤᠷ ᠤᠨ ᠲᠠᠷᠢᠶᠠᠯᠠᠭ᠎ᠠ ᠠᠴᠠ ᠡᠮᠦᠨᠡᠬᠡᠨ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠭᠡᠷ᠎ᠡ ᠶᠢᠨ ᠵᠢᠭᠤᠷᠠᠯᠳᠤᠭᠠᠨ   ᠤ 22  ᠭᠡᠷᠡᠭ ᠢ ᠲᠣᠬᠢᠲᠠᠢ ᠰᠢᠢᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠭᠠᠵᠠᠷ ᠰᠢᠷᠣᠢ  ᠶᠢᠨ ᠬᠠᠪᠤᠷ ᠤᠨ ᠲᠠᠷᠢᠶᠠᠯᠠᠭ᠎ᠠ ᠪᠠ ᠨᠠᠮᠤᠷ ᠤᠨ ᠬᠤᠷᠢᠶᠠᠯᠲᠠ ᠶᠢ  ᠪᠠᠳᠤᠯᠠᠵᠠᠢ᠃ ︽ᠬᠠᠤᠯᠢ ᠶᠢ ᠬᠥᠳᠡᠭᠡ ᠬᠦᠷᠭᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠢᠷᠭᠡᠨ ᠤ ᠬᠠᠤᠯᠢ ᠶᠢᠨ ᠪᠢᠴᠢᠭ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠵᠡᠷᠭᠡ ᠪᠠᠷ ᠭᠤᠣᠯᠳᠠᠯᠭ᠎ᠠ ᠲᠠᠢ ᠠᠭᠤᠯᠭ᠎ᠠ ᠪᠤᠯᠭᠠᠨ᠂ ᠱᠦᠢ ᠵᠢᠩ ᠽᠢ ᠲᠣᠰᠬᠤᠨ᠂  ᠵᠢᠷᠠᠨ ᠤᠰᠤ ᠭᠠᠴᠠᠭ᠎ᠠ ᠵᠡᠷᠭᠡ ᠳᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ 6 ᠤᠳᠠᠭ᠎ᠠ ᠥᠷᠨᠢᠭᠦᠯᠵᠦ᠂ ᠰᠤᠮᠤ ᠰᠢᠶᠠᠩ ᠪᠠᠯᠭᠠᠰᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠪᠠ᠃ ᠲᠠᠷᠢᠶᠠᠯᠠᠩ ᠳᠤ ᠬᠤᠯᠪᠣᠭᠳᠠᠭᠰᠠᠨ 22 ᠵᠦᠢᠯ ᠤᠨ ᠭᠦᠢᠴᠡᠳᠬᠡᠬᠦ ᠬᠡᠷᠡᠭ ᠢ ᠤᠷᠢᠳ ᠢᠶᠠᠷ ᠰᠢᠢᠳᠪᠦᠷᠢᠯᠡᠵᠦ᠂  ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠲᠠᠢ ᠪᠠᠷ ᠶᠠᠪᠤᠭᠳᠠᠬᠤ ᠶᠢ ᠪᠠᠳᠤᠯᠠᠭᠰᠠᠨ ᠪᠠᠶᠢᠨ᠎ᠠ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠲᠠᠰᠤᠷᠠᠯᠳᠠ ᠦᠬᠡᠢ ᠰᠢᠯᠢᠳᠡᠭᠵᠢᠬᠦᠯᠦᠭᠰᠡᠨ᠃ ᠠᠵᠤ ᠠᠬᠤᠶᠢᠯᠠᠯ ᠳᠤ ᠬᠤᠯᠪᠣᠭᠳᠠᠭᠰᠠᠨ ᠡᠯ᠎ᠡ ᠲᠦᠷᠦᠯ ᠤᠨ ᠢᠷᠭᠡᠨ ᠤ ᠪᠠ ᠬᠤᠳᠠᠯᠳᠤᠭᠠᠨ ᠤ ᠬᠡᠷᠡᠭ ᠢ 670 ᠬᠤᠪᠢ ᠰᠢᠭᠦᠨ ᠳᠠᠭᠤᠰᠬᠠᠵᠤ᠂ ᠵᠠᠰᠠᠭ ᠵᠠᠬᠢᠷᠭᠠᠨ ᠤ ᠬᠡᠯᠡᠯᠴᠡᠭᠡᠷ᠂  ᠡᠬᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ ᠬᠡᠷᠡᠭ ᠢ 2 ᠬᠤᠪᠢ ᠰᠢᠭᠦᠨ ᠳᠠᠭᠤᠰᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ 503 ᠬᠤᠪᠢ ᠭᠦᠢᠴᠡᠳᠬᠡᠨ ᠳᠠᠭᠤᠰᠬᠠᠵᠤ᠂ ᠭᠦᠢᠴᠡᠳᠬᠡᠭᠰᠡᠨ ᠵᠣᠭᠤᠰᠤᠨ ᠤ ᠲᠤᠭ᠎ᠠ 1.6 ᠳ᠋ᠦᠩᠰᠢᠭᠤᠷ ᠲᠥᠭᠦᠷᠢᠭ ᠲᠤ ᠬᠦᠷᠴᠡᠢ᠃ ᠳᠠᠮᠫᠤᠷᠠᠯ ᠤᠨ ᠬᠡᠷᠡᠭ ᠢ 1 ᠬᠤᠪᠢ ᠰᠢᠭᠦᠨ ᠰᠢᠢᠳᠪᠦᠷᠢᠯᠡᠵᠦ᠂ ︽ᠲᠡᠬᠢᠨ ᠴᠡᠭᠴᠡᠯᠡᠵᠦ ᠪᠣᠯᠬᠤ ᠶᠢ ᠢᠯᠭᠠᠷᠠᠭᠤᠯᠤᠨ ᠪᠤᠳᠤᠬᠤ ᠦᠭᠡᠢ︾ ᠵᠠᠷᠴᠢᠮ ᠢ ᠪᠠᠷᠢᠮᠲᠠᠯᠠᠵᠤ᠂ ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ ᠢ ᠢᠳᠡᠪᠬᠢᠲᠡᠢ ᠪᠠᠷ ᠲᠡᠳᠬᠦᠪᠡ᠃ ︽ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠠᠭᠠᠨ ᠭᠠᠳᠠᠷᠲᠤ ᠪᠢᠴᠢᠭ︾ ᠢ ᠨᠡᠶᠢᠳᠡᠯᠡᠨ᠂ 10 ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠵᠤ᠂ ᠬᠠᠤᠯᠢ ᠴᠠᠭᠠᠵᠠ  ᠶᠢᠨ ᠦᠷᠳᠡᠭ ᠤᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ ᠡᠳ᠋ ᠬᠥᠷᠥᠩᠭᠡ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠠᠮᠢᠳᠤᠯᠢᠭ ᠢᠶᠠᠷ ᠬᠡᠷᠡᠭᠯᠡᠨ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠪᠡᠯᠡ ᠮᠥᠩᠭᠦ ᠪᠠᠴᠢᠮ ᠪᠠᠶᠢᠭ᠎ᠠ ᠵᠠᠷᠭᠤ ᠳᠤ ᠬᠤᠯᠪᠣᠭᠳᠠᠭᠰᠠᠨ 2 ᠠᠵᠤ ᠠᠬᠤᠶᠢᠯᠠᠯ ᠳᠤ ︽ᠤᠰᠤ ᠬᠤᠷᠠᠮᠳᠤᠭᠤᠯᠵᠤ ᠵᠢᠭᠠᠰᠤ ᠲᠡᠵᠢᠭᠡᠬᠦ︾ ᠠᠷᠭ᠎ᠠ ᠮᠠᠶ᠋ᠢᠭ ᠢ ᠬᠡᠷᠡᠭᠵᠢᠭᠦᠯᠦᠨ᠂ ︽ᠠᠮᠢᠳᠤᠯᠢᠭ ᠢᠶᠠᠷ ᠪᠢᠲᠡᠭᠦᠮᠵᠢᠯᠡᠵᠦ ᠠᠮᠢᠳᠤᠯᠢᠭ ᠢᠶᠠᠷ ᠬᠤᠷᠢᠶᠠᠬᠤ︾ ᠪᠠᠷ ᠲᠠᠮᠵᠢᠨ ᠠᠵᠤ ᠠᠬᠤᠶᠢᠯᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠭᠰᠠᠨ ᠪᠠᠶᠢᠨ᠎ᠠ᠃     ᠳᠥᠷᠪᠡ᠂ ᠰᠢᠭᠦᠬᠦ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠬᠦᠬᠦ ᠬᠤᠷᠢᠶᠠᠨ ᠤ ︽ᠲᠡᠮᠦᠷ ᠴᠡᠷᠢᠭ︾ ᠢ ᠳᠠᠪᠲᠠᠨ ᠪᠣᠯᠪᠠᠰᠤᠷᠠᠭᠤᠯᠪᠠ  ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠭᠰᠠᠨ᠃ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ  ᠶᠡᠷᠦᠩᠬᠡᠢ ᠱᠦᠵᠢ ᠰᠢ ᠶᠢᠨ ᠫᠢᠩ   ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠡᠭᠦᠷ   ᠤᠨ ᠰᠤᠷᠤᠯᠴᠠᠯᠭ᠎ᠠ ᠶᠢ 46 ᠤᠳᠠᠭ᠎ᠠ ᠡᠷᠬᠢᠯᠡᠨ᠂  ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ 5 ᠤᠳᠠᠭ᠎ᠠ ᠨᠠᠮ ᠤᠨ ᠬᠢᠴᠢᠶᠡᠯ ᠣᠷᠣᠵᠠᠢ᠃ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢᠨ ᠠᠵᠢᠯ ᠬᠢᠵᠦ ᠦᠢᠯᠡᠰ ᠪᠦᠳᠦᠭᠡᠬᠦ ᠴᠤᠭ ᠰᠦᠯᠳᠡ ᠶᠢ ᠪᠠᠳᠠᠷᠠᠭᠤᠯᠤᠨ᠂ 2 ᠨᠠᠮ ᠤᠨ ᠭᠡᠰᠢᠭᠦᠨ ᠡᠯᠰᠡᠵᠦ᠂ 8 ᠢᠳᠡᠪᠬᠢᠲᠡᠨ ᠢ ᠬᠦᠮᠦᠵᠢᠬᠦᠯᠪᠡ᠃ ︽ᠲᠠᠭᠤᠷᠢᠶᠠᠯ ᠲᠠᠢ ᠬᠠᠷᠢᠴᠠᠭᠤᠯᠵᠤ ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠮᠠᠨ ᠤ ᠬᠤᠷᠢᠶᠠᠨ ᠤ ᠨᠢᠬᠡᠳᠦᠭᠡᠷ ᠨᠠᠮ ᠤᠨ ᠡᠬᠦᠷ ᠨᠢ ᠪᠦᠬᠦ ᠠᠶᠢᠮᠠᠭ ᠤᠨ ︽ᠪᠠᠲᠤ ᠴᠢᠩᠭ᠎ᠠ ᠲᠠᠶᠢᠴᠢᠨ ᠪᠠᠬᠢᠯᠡᠯᠲᠡ︾  ᠨᠠᠮ ᠤᠨ ᠡᠭᠦᠷ ᠢᠶᠠᠷ ᠦᠨᠡᠯᠡᠭᠳᠡᠨ  ᠂ ︽ᠨᠠᠮ ᠤᠨ ᠪᠠᠶᠢᠭᠤᠯᠤᠯᠲᠠ +︾  ᠪᠠᠷ ᠵᠢᠯᠤᠭᠤᠳᠤᠮᠵᠢ ᠪᠤᠯᠭᠠᠵᠤ᠂ ᠨᠠᠮ ᠤᠨ ᠪᠠᠶᠢᠭᠤᠯᠤᠯᠲᠠ ᠪᠣᠯᠣᠨ ᠰᠢᠭᠦᠨ ᠲᠠᠰᠤᠯᠬᠤ ᠠᠵᠢᠯ᠂ ᠭᠦᠢᠴᠡᠳᠬᠡᠬᠦ  ᠠᠵᠢᠯ  ᠬᠠᠷᠢᠯᠴᠠᠨ ᠠᠭᠤᠰᠤᠯᠴᠠᠭᠰᠠᠨ ᠠᠵᠢᠯ ᠤᠨ ᠲᠣᠭᠲᠠᠴᠠ ᠶᠢ ᠪᠦᠷᠢᠯᠳᠦᠬᠦᠯᠪᠡ᠃ ᠭᠤᠣᠯ ᠰᠡᠳᠦᠪᠲᠦ ᠬᠥᠮᠦᠵᠢᠯ  ᠢ ᠯᠠᠪᠳᠠᠭᠤᠨ ᠪᠠᠳᠤᠳᠠᠢ ᠦᠷᠨᠢᠬᠦᠯᠦᠭᠰᠡᠨ᠃ ᠭᠤᠣᠯ ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ  ᠲᠠᠢ ᠬᠠᠷᠢᠴᠠᠭᠤᠯᠵᠤ᠂ ᠬᠡᠷᠡᠭᠵᠢᠭᠦᠯᠬᠦ ᠠᠷᠭ᠎ᠠ ᠲᠦᠰᠦᠪ ᠢ ᠨᠢᠮᠪᠠᠢ ᠲᠤᠭᠳᠠᠭᠠᠨ᠂ ᠰᠢᠬᠦᠬᠦ ᠬᠤᠷᠢᠶᠠᠨ ᠤ ᠤᠳᠤᠷᠢᠳᠤᠯᠭ᠎ᠠ 11 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ 5 ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ  ᠲᠤᠭᠤᠷᠪᠢᠵᠠᠢ᠃ 3 ᠠᠰᠠᠭᠤᠳᠠᠯ ᠢ  ᠪᠠᠶᠢᠴᠠᠭᠠᠨ ᠲᠡᠯᠬᠡᠬᠦ ᠪᠠ ᠴᠡᠭᠴᠡᠯᠡᠨ ᠰᠠᠶᠢᠵᠢᠷᠠᠭᠤᠯᠵᠦ᠂ ︽ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠷᠠᠳ ᠤᠨ ᠲᠥᠯᠥᠭᠡᠯᠡᠭᠴᠢᠳ  ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠠᠵᠢᠯ ᠤᠨ ᠳᠦᠷᠢᠮ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠲᠦᠷᠢᠮ︾ ︽ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠪ︾ ᠵᠡᠷᠭᠡ ᠶᠢ  ᠲᠤᠭᠳᠠᠭᠠᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠤᠨ ᠲᠦᠷᠢᠮᠵᠢᠵᠦ  ᠪᠠᠶᠢᠩᠭᠤᠵᠢᠬᠤ ᠶᠢ ᠠᠬᠢᠭᠤᠯᠪᠠ᠃ ︽ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ︾ ᠶᠢᠨ ᠪᠣᠯᠪᠠᠰᠤᠷᠠᠯ ᠢ ᠡᠷᠬᠢᠯᠡᠵᠦ᠂ ᠪᠦᠬᠦ  ᠠᠵᠢᠯᠳᠠᠳ ᠢᠶᠠᠨ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠭᠦᠨᠵᠡᠭᠡᠶᠢᠷᠡᠨ  ᠤᠬᠠᠭᠤᠯᠭ᠎ᠠ ᠲᠠᠶᠢᠯᠤᠮᠵᠢ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ ᠭᠦᠨᠵᠡᠭᠡᠶᠢᠷᠡᠨ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ  ᠡᠬᠦᠷᠢᠳᠡ ᠲᠠᠭᠠᠵᠤ᠂ ︿ᠲᠠᠪᠤᠨ ᠥᠭᠦᠯᠡᠪᠦᠷᠢ﹀ ᠶᠢᠨ ᠪᠣᠳᠠᠲᠤ ᠬᠡᠷᠡᠭ ᠪᠠ ᠶᠣᠰᠣ ᠤᠴᠢᠷ ᠢ ᠪᠠᠲᠤ ᠴᠡᠭᠡᠵᠢᠯᠡᠬᠦ︾ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠭᠰᠠᠨ ᠤ ᠬᠠᠮᠳᠤ᠂  ᠤᠯᠠᠨ ᠲᠦᠮᠡᠨ ᠤ  ᠬᠦᠰᠡᠯ  ᠱᠠᠭᠠᠷᠳᠠᠯᠭ᠎ᠠ ᠶᠢ ᠣᠶᠢᠯᠠᠭᠠᠵᠤ᠂ ᠠᠷᠠᠳ ᠤᠯᠠᠨ ᠳᠤ ᠨᠡᠩ ᠰᠢᠯᠢᠳᠡᠭ ᠬᠠᠤᠯᠢ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠠᠢ᠃ ᠡᠬᠦᠨ ᠤ ᠬᠠᠮᠳᠤ᠂ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠠᠬᠢᠭᠤᠯᠤᠭᠰᠠᠨ ᠪᠠᠶᠢᠨ᠎ᠠ᠃ ᠨᠠᠮ ᠤᠨ ᠰᠤᠷᠲᠠᠯ ᠴᠢᠬᠡᠴᠢ  ᠵᠠᠰᠠᠭ ᠤᠨ ᠪᠠᠶᠢᠭᠤᠯᠤᠯᠲᠠ ᠶᠢ ᠴᠦᠬᠦᠷᠡᠰᠢ ᠦᠭᠡᠢ ᠴᠢᠩᠭ᠎ᠠ  ᠠᠳᠬᠤᠭᠰᠠᠨ᠃ ᠬᠠᠤᠯᠢ ᠴᠠᠭᠠᠵᠠ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠰᠢᠬᠦᠬᠦ ᠬᠤᠷᠢᠶᠠᠨ ᠤ ᠤᠳᠤᠷᠢᠳᠤᠯᠭ᠎ᠠ ︽ᠬᠤᠰᠢᠭᠤᠴᠢ ᠬᠤᠨ︾  ᠤ ᠦᠢᠯᠡᠳᠦᠯ ᠢ ᠪᠠᠳᠠᠷᠠᠭᠤᠯᠤᠨ᠂ ᠲᠡᠮᠳᠡᠭᠯᠡᠯ ᠬᠢᠵᠦ ᠲᠠᠭᠯᠠᠨ ᠮᠡᠳᠡᠭᠦᠯᠬᠦ ᠠᠵᠢᠯ ᠢ ᠪᠤᠳᠠᠳᠠᠢ ᠨᠠᠷᠢᠯᠢᠭ ᠬᠢᠵᠦ᠂ ︽ᠭᠤᠷᠪᠠᠨ ᠲᠣᠭᠲᠠᠭᠠᠯ︾  ᠠᠴᠠ ᠵᠦᠷᠢᠴᠡᠭᠰᠡᠨ ᠨᠡᠶᠢᠲᠡᠯᠢᠭ ᠬᠡᠷᠡᠭ ᠤᠨ ᠵᠢᠱᠢᠶᠡᠨ ᠤ ᠰᠡᠷᠡᠮᠵᠢᠯᠡᠭᠦᠯᠬᠦ ᠬᠤᠷᠠᠯ ᠢ 3 ᠤᠳᠠᠭ᠎ᠠ ᠡᠷᠬᠢᠯᠡᠨ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠳᠡ 976 ᠬᠤᠪᠢ ᠲᠠᠩᠰᠠᠯᠠᠨ ᠮᠡᠳᠡᠬᠦᠯᠵᠡᠢ᠃  ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠥᠮᠦᠵᠢᠯ  ᠴᠡᠭᠴᠡᠯᠡᠯᠲᠡ ᠶᠢᠨ ︽ ᠡᠷᠬᠢᠨ ᠬᠠᠷᠠᠬᠤ︾ ᠠᠵᠢᠯ ᠢ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶᠡᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ 3 ᠤᠳᠠᠭ᠎ᠠ ᠬᠤᠷᠠᠯᠳᠤᠭᠤᠯᠤᠨ᠂  ᠬᠠᠤᠯᠢ ᠬᠡᠷᠡᠭᠵᠢᠭᠦᠯᠬᠦ ᠶᠢ ᠲᠦᠷᠢᠮᠵᠢᠬᠦᠯᠬᠦ ᠪᠠ ᠬᠠᠤᠯᠢ ᠭᠡᠷᠡᠭᠵᠢᠬᠦᠯᠬᠦ ᠰᠤᠷᠲᠠᠯ ᠤᠨ ᠪᠠᠶᠢᠭᠤᠯᠤᠯᠲᠠ ᠶᠢᠨ ︽ᠵᠠᠭᠤᠨ ᠡᠳᠦᠷ ᠤᠨ ᠪᠤᠭᠤᠮᠳᠠ ᠰᠢᠪᠳᠤᠯᠬᠤ ‍ᠤ᠋︾ ᠲᠤᠰᠬᠠᠢ ᠠᠵᠢᠯᠯᠠᠭ᠎ᠠ ᠶᠢ ᠯᠠᠪᠳᠠᠭᠤᠨ ᠢᠶᠠᠷ  ᠠᠬᠢᠭᠤᠯᠤᠭᠰᠠᠨ ᠪᠠᠶᠢᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠦᠷᠬᠦᠯᠵᠢᠯᠡᠨ ᠪᠠᠷᠢᠮᠳᠠᠯᠠᠵᠤ ᠰᠠᠶᠢᠨ ᠬᠢᠭᠰᠡᠨ᠃ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠨᠤᠯ ᠤᠨ ᠵᠡᠪᠰᠡᠭᠯᠡᠯ ᠢ ᠨᠠᠷᠢᠨ ᠬᠢᠨᠠᠮᠠᠭᠠᠢ ᠠᠳᠬᠤᠨ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ 13 ᠤᠳᠠᠭ᠎ᠠ ᠥᠷᠨᠢᠭᠦᠯᠵᠦ᠂ ᠭᠤᠣᠯ  ᠰᠡᠳᠦᠪᠳᠦ ᠰᠤᠳᠤᠯᠤᠨ ᠶᠠᠷᠢᠯᠴᠠᠬᠤ ᠬᠤᠷᠠᠯ ᠢ  6 ᠤᠳᠠᠭ᠎ᠠ ᠡᠷᠬᠢᠯᠡᠪᠡ᠃  ᠬᠦᠨᠪᠤᠯᠠᠭ ᠰᠤᠮᠤᠨ ᠤ ᠰᠢᠪᠠᠷᠳᠤ ᠭᠠᠴᠠᠭ᠎ᠠ ᠳᠤ ︽ᠦᠨᠳᠦᠰᠦᠲᠡᠨ ᠨᠦᠭᠦᠳ ᠨᠢᠭᠡ ᠭᠡᠷ ᠤᠨ  ᠬᠢᠨ ᠮᠡᠳᠦ ᠨᠢᠬᠳᠠᠷᠠᠨ ᠪᠦᠯᠬᠦᠮᠳᠡᠬᠦ︾ ᠬᠠᠷᠢᠯᠴᠠᠬᠤ ᠥᠷᠲᠡᠭᠡ ᠶᠢ ᠪᠠᠶᠢᠭᠤᠯᠤᠨ᠂ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠪᠠᠷ ᠵᠠᠰᠠᠬᠤ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠦᠷᠭᠡᠵᠦ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠤᠯᠠᠮ ᠨᠢᠭᠡ ᠠᠯᠬᠤᠮ ᠪᠠᠬᠢᠵᠢᠭᠦᠯᠦᠨ ᠬᠦᠭᠵᠢᠬᠦᠯᠵᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠱᠤᠭᠤᠮ ᠢ ᠪᠠᠲᠤ ᠡᠵᠡᠮᠳᠡᠨ᠂ ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠬᠡᠷᠡᠮ ᠢ ᠴᠣᠭᠴᠠᠯᠠᠵᠤ᠂ ᠰᠢᠭᠦᠬᠦ ᠬᠤᠷᠢᠶᠠᠨ ᠤ ᠰᠣᠶᠣᠯ ᠤᠨ ᠪᠠᠶᠢᠭᠤᠯᠤᠯᠲᠠ ᠶᠢ   ᠪᠠᠶᠠᠯᠢᠬᠵᠢᠭᠤᠯᠤᠭᠠᠳ᠂ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ᠶᠢᠨ ᠢᠷᠠᠭᠤ ᠠᠯᠳᠠᠷ ᠢ  ᠬᠦᠷᠳᠡᠭᠰᠡᠨ ᠪᠠᠶᠢᠨ᠎ᠠ᠃ ᠠᠷᠠᠳ ᠤᠨ ᠲᠥᠯᠥᠭᠡ ᠬᠠᠤᠯᠢ ᠭᠡᠷᠡᠭᠵᠢᠬᠦᠯᠬᠦ  ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠦᠭᠰᠡᠨ᠃ ᠲᠢᠩᠬᠢᠮ ᠤᠨ ᠰᠢᠭᠦᠯᠲᠡ ᠶᠢ ᠲᠣᠭᠤᠷᠢᠨ ᠦᠵᠡᠬᠦ᠂  ᠰᠢᠬᠦᠨ ᠲᠠᠰᠤᠯᠤᠯᠳᠠ ᠶᠢᠨ ᠪᠢᠴᠢᠭ ᠬᠠᠷ᠎ᠠ ᠶᠢ ᠠᠳᠠᠯᠢᠳᠬᠠᠨ ᠰᠢᠯᠭᠠᠷᠠᠭᠤᠯᠬᠤ᠂ ᠪᠣᠳᠠᠲᠤ ᠲᠠᠶᠢᠯᠠᠯᠳᠤᠭᠠᠨ ᠤ ᠰᠣᠷᠢᠯᠲᠠ ᠬᠢᠬᠦ ᠵᠡᠷᠭᠡ ᠠᠵᠢᠯ ᠤᠨ ᠪᠠᠶᠢᠷᠢ ᠶᠢᠨ   ᠪᠣᠯᠪᠠᠰᠤᠷᠠᠯ ᠤᠨ ᠠᠵᠢᠯᠯᠠᠭ᠎ᠠ ᠶᠢ 2 ᠤᠳᠠᠭ᠎ᠠ ᠦᠷᠨᠢᠬᠦᠯᠦᠨ 50 ᠭᠠᠷᠤᠢ ᠬᠥᠮᠥᠨ ᠤᠳᠠᠭ᠎ᠠ ᠤᠷᠤᠯᠴᠠᠵᠤ᠂  ᠰᠢᠬᠦᠬᠦ ᠬᠤᠷᠢᠶᠠᠨ ᠤ ᠠᠵᠢᠯᠳᠠᠳ ᠤᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠲᠤᠰᠬᠠᠶᠢᠵᠢᠭᠰᠠᠨ ᠰᠢᠭᠦᠨ ᠲᠠᠰᠤᠯᠬᠤ ᠴᠢᠳᠠᠪᠤᠷᠢᠲᠠᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠺᠠᠳ᠋ᠷ ᠴᠠᠭᠳᠠᠭ᠎ᠠ ᠨᠡᠶᠢᠳᠡ 24 ᠬᠥᠮᠥᠨ ᠪᠤᠯᠵᠤ᠂  ᠤᠯᠤᠰ ᠲᠦᠷᠦ ᠬᠠᠤᠯᠢ ᠴᠠᠭᠠᠵᠠ ᠶᠢᠨ ᠣᠷᠣᠨ ᠲᠤᠭ᠎ᠠ ᠲᠠᠢ ᠺᠠᠳ᠋ᠷ ᠴᠠᠭᠳᠠᠭ᠎ᠠ ᠶᠢᠨ 53% ᠶᠢ ᠡᠵᠡᠯᠡᠪᠡ᠃ ︽ ᠰᠢᠬᠦᠬᠦ ᠬᠤᠷᠢᠶᠠᠨ  ᠤ ᠵᠦᠪᠯᠡᠯᠭᠡ ᠠᠪᠬᠤ ᠰᠦᠯᠵᠢᠶ᠎ᠡ︾ ᠪᠠᠷ ᠳᠠᠮᠵᠢᠨ ᠰᠢᠬᠦᠭᠴᠢᠳ ᠤᠨ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ  ᠰᠤᠯᠢᠯᠴᠠᠭ᠎ᠠ ᠬᠢᠬᠦ ᠤᠬᠠᠮᠰᠠᠷᠲᠤ ᠴᠢᠨᠠᠷ ᠢ ᠬᠥᠮᠥᠵᠢᠭᠦᠯᠵᠦ᠂ ᠬᠡᠷᠡᠭ ᠰᠢᠢᠳᠪᠦᠷᠢᠯᠡᠬᠦ ᠶᠠᠪᠤᠴᠠ ᠳᠤ ᠲᠤᠯᠭᠠᠷᠠᠭᠰᠠᠨ ᠰᠡᠵᠢᠭᠲᠡᠢ ᠵᠦᠢᠯ᠂ ᠪᠡᠷᠬᠡᠲᠡᠢ ᠠᠰᠠᠭᠤᠳᠠᠯ ᠤᠨ ᠲᠤᠬᠠᠢ ᠨᠡᠶᠢᠳᠡ 21 ᠤᠳᠠᠭ᠎ᠠ ᠠᠰᠠᠭᠤᠯᠲᠠ ᠲᠤᠷᠠᠳᠤᠭᠠᠳ᠂ ᠰᠢᠬᠦᠭᠴᠢᠳ ᠤᠨ ᠬᠠᠤᠯᠢ ᠴᠠᠭᠠᠵᠠ ᠶᠢ ᠣᠶᠢᠯᠠᠭᠠᠬᠤ ᠪᠠ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠲᠡᠭᠡᠭᠰᠢᠯᠡᠬᠦᠯᠪᠡ᠃ ᠰᠢᠭᠦᠨ ᠲᠠᠰᠣᠯᠣᠯᠳᠠ ᠶᠢᠨ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠪᠦᠬᠦ ᠬᠦᠴᠦᠨ ᠢᠶᠠᠷ ᠠᠬᠢᠭᠤᠯᠤᠭᠰᠠᠨ᠃  ᠰᠢᠭᠦᠨ ᠲᠠᠰᠤᠯᠬᠤ ᠡᠬᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ ᠪᠠ ᠲᠤᠰᠬᠠᠢ ᠵᠦᠪᠯᠡᠯ ᠤᠨ ᠬᠢᠨ 109  ᠬᠡᠷᠡᠭ ᠢ ᠰᠢᠢᠳᠪᠦᠷᠢᠯᠡᠵᠦ᠂ ᠲᠢᠩᠬᠢᠮ ᠤᠨ ᠳᠠᠷᠤᠭ᠎ᠠ᠂ ᠳᠡᠳ᠋ ᠲᠢᠩᠬᠢᠮ ᠤᠨ ᠳᠠᠷᠤᠭ᠎ᠠ  ᠨᠠᠷ 1456  ᠬᠡᠷᠡᠭ ᠢ  ᠰᠢᠳᠪᠦᠷᠢᠯᠡᠵᠦ᠂ ︽ᠰᠢᠭᠦᠨ ᠲᠠᠰᠣᠯᠣᠯᠳᠠ ᠶᠢᠨ ᠬᠠᠮᠢᠶᠠᠷᠤᠯᠲᠠ ᠶᠢᠨ ᠮᠡᠳᠡᠭᠳᠡᠯ︾ ᠢ  20 ᠬᠤᠭᠤᠴᠠᠭ᠎ᠠ ᠨᠡᠶᠢᠳᠡᠯᠡᠨ ᠂ ᠲᠦᠷᠪᠡᠨ ᠲᠥᠷᠥᠯ ᠤᠨ 2 ᠬᠡᠷᠡᠭ ᠲᠤ ᠬᠢᠨᠠᠯᠳᠠ ᠬᠠᠮᠢᠶᠠᠷᠤᠯᠳᠠ ᠶᠠᠪᠤᠭᠤᠯᠵᠠᠢ᠃  ᠠᠷᠠᠳ ᠤᠨ ᠳᠡᠭᠡᠳᠦ ᠰᠢᠭᠦᠬᠦ ᠬᠤᠷᠢᠶᠠᠨ ᠤ ᠬᠢᠨᠠᠨ ᠬᠠᠷᠭᠤᠭᠤᠯᠬᠤ ᠠᠵᠢᠯ ᠤᠨ ᠲᠤᠬᠠᠢ ᠰᠠᠨᠠᠯ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠬᠤ ᠭᠤᠣᠯᠳᠠᠯᠭ᠎ᠠ ᠶᠢ ᠲᠣᠪᠤᠶᠢᠯᠭᠠᠨ᠂ ᠬᠥᠮᠥᠨ ᠬᠥᠮᠥᠨ ᠤ ᠪᠠᠶᠢᠳᠠᠯ  ᠂ ᠬᠡᠷᠡᠭ ᠭᠡᠷᠡᠭ ᠤᠨ ᠪᠠᠶᠢᠳᠠᠯ ᠳᠤᠨᠢ ᠲᠤᠬᠢᠷᠠᠭᠤᠯᠵᠤ᠂  ᠬᠤᠷᠢᠶᠠᠨ ᠲᠠᠷᠤᠭ᠎ᠠ ᠲᠢᠩᠬᠢᠮ ᠤᠨ ᠳᠠᠷᠤᠭ᠎ᠠ ᠶᠢᠨ  ᠬᠢᠨᠠᠵᠤ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠪᠠᠶᠢᠨ᠎ᠠ᠃     ᠲᠠᠪᠤ᠂ ᠠᠷᠠᠳ ᠤᠨ ᠠᠷᠠᠳᠴᠢᠯᠠᠯ ᠢ ᠪᠠᠲᠤ ᠪᠠᠷᠢᠮᠳᠠᠯᠠᠵᠤ᠂ ᠡᠯ᠎ᠡ ᠡᠳᠡᠭᠡᠳ ᠤᠨ ᠬᠢᠨᠠᠯᠲᠠ ᠶᠢ ᠤᠬᠠᠮᠰᠠᠷ ᠠᠴᠠ  ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠳᠠ ᠶᠢ ᠬᠦᠯᠢᠶᠡᠭᠰᠡᠨ᠃  ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠵᠠᠰᠠᠬᠤ ᠠᠵᠢᠯ ᠤᠨ ᠬᠠᠷᠢᠯᠴᠠᠬᠤ ᠦᠷᠳᠡᠭᠡ︾ ᠶᠢ  ᠪᠠᠶᠢᠭᠤᠯᠤᠨ᠂ ᠠᠷᠠᠳ ᠤᠨ ᠲᠥᠯᠥᠭᠡᠯᠡᠭᠴᠢᠳ ᠢ ᠤᠷᠢᠵᠤ ︽ᠨᠢᠭᠡ ᠥᠷᠲᠡᠭᠡᠨ ᠤ ᠬᠡᠯᠪᠡᠷᠢᠳᠦ ᠤᠯᠠᠨ ᠲᠠᠯ᠎ᠠ ᠠᠴᠠ ᠰᠢᠢᠳᠪᠦᠷᠢᠯᠡᠬᠦ ᠪᠠᠶᠢᠭᠤᠯᠤᠯᠲᠠ︾ ᠶᠢᠨ ᠶᠠᠷᠢᠯᠴᠠᠬᠤ ᠬᠤᠷᠠᠯ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠭᠦᠯᠦᠨ  ᠰᠢᠢᠳᠪᠦᠷᠢᠯᠡᠬᠦ ᠰᠤᠳᠤᠯᠬᠤ ᠶᠠᠷᠢᠯᠴᠠᠬᠤ ᠬᠤᠷᠠᠯ᠂ ᠲᠢᠩᠬᠢᠮ ᠤᠨ ᠰᠢᠭᠦᠯᠲᠡ ᠶᠢ ᠬᠠᠵᠠᠭᠤ ᠠᠴᠠ ᠰᠣᠨᠣᠰᠬᠤ᠂ ᠭᠦᠢᠴᠡᠳᠬᠡᠬᠦ ᠶᠢ ᠭᠡᠷᠡᠴᠢᠯᠡᠬᠦ ᠵᠡᠷᠭᠡ ᠴᠢᠬᠤᠯᠠ ᠠᠵᠢᠯᠯᠠᠭ᠎ᠠ ᠳᠤ ᠤᠷᠤᠯᠴᠠᠭᠤᠯᠪᠠ  ᠃ ᠪᠦᠬᠦ ᠵᠢᠯ ᠳᠤ ᠡᠷᠡᠭᠦᠦ ᠶᠢᠨ ᠬᠡᠷᠡᠭ ᠤᠨ ᠲᠢᠩᠬᠢᠮ ᠤᠨ ᠰᠢᠭᠦᠯᠲᠡ ᠶᠢ ᠬᠠᠵᠠᠭᠤ  ᠠᠴᠠ ᠰᠤᠨᠤᠰᠤᠭᠰᠠᠨ ᠨᠢ 8 ᠬᠥᠮᠥᠨ ᠤᠳᠠᠭ᠎ᠠ  ᠂  ᠡᠶᠡᠳᠡᠭᠦᠯᠭᠡ ᠳᠤ ᠤᠷᠤᠯᠴᠠᠭᠰᠠᠨ ᠨᠢ 12 ᠬᠥᠮᠥᠨ ᠤᠳᠠᠭ᠎ᠠ ᠪᠠᠶᠢᠵᠤ᠂  ᠰᠢᠬᠦᠭᠴᠢᠳ ᠠᠴᠠ ᠠᠷᠠᠳ ᠤᠨ ᠲᠥᠯᠥᠭᠡᠯᠡᠭᠴᠢ  ᠂  ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠲᠠᠢ ᠬᠠᠷᠢᠯᠴᠠᠭᠰᠠᠨ ᠨᠢ 25 ᠬᠥᠮᠥᠨ ᠤᠳᠠᠭ᠎ᠠ ᠳᠤ ᠬᠦᠷᠴᠡᠢ᠃ ᠨᠡᠶᠢᠭᠡᠮ ᠨᠡᠶᠢᠲᠡ ᠶᠢᠨ ᠬᠢᠨᠠᠯᠲᠠ ᠶᠢ ᠥᠷᠭᠡᠨ ᠢᠶᠠᠷ ᠬᠦᠯᠢᠶᠡᠭᠰᠡᠨ᠃ ᠰᠢᠭᠦᠬᠦ ᠬᠤᠷᠢᠶᠠᠨ ᠤ ᠠᠵᠢᠯ ᠤᠨ ᠮᠡᠳᠡᠭᠡ ᠵᠠᠩᠭᠢ ᠶᠢ 148 ᠬᠤᠭᠤᠴᠠᠭ᠎ᠠ ᠨᠠᠶᠢᠷᠠᠭᠤᠯᠵᠤ᠂ ᠸᠢᠴᠠᠲ ᠤᠨ ᠨᠡᠶᠢᠲᠡ ᠶᠢᠨ ᠳ᠋ᠤᠭᠠᠷ   ᠢᠶᠠᠷ 564 ᠬᠤᠪᠢ᠂ ᠠᠯᠪᠠᠨ ᠤ ᠪᠢᠴᠢᠯ ᠪᠯᠤᠭ ᠢᠶᠠᠷ 137 ᠬᠤᠪᠢ᠂  ︽ᠲᠢᠶᠠᠨ ᠫᠢᠩ ᠶᠠᠩ ᠭᠤᠸᠠᠩ︾ ᠲᠠᠪᠴᠠᠩ ᠢᠶᠠᠷ 295 ᠬᠤᠪᠢ ᠨᠡᠶᠢᠲᠡᠯᠡᠵᠦ᠂ ᠡᠯ᠎ᠡ ᠱᠠᠲᠤᠨ ᠤ ᠵᠠᠭᠤᠴᠢᠯᠠᠭᠤᠷ ᠤᠨ ᠬᠢᠨ ᠳᠤ 103 ᠬᠤᠪᠢ ᠭᠡᠷᠡᠭᠯᠡᠭᠳᠡᠭᠰᠡᠨ ᠪᠠᠶᠢᠨ᠎ᠠ᠃ ᠰᠢᠭᠦᠬᠦ ᠬᠤᠷᠢᠶᠠᠨ ᠤ ᠲᠠᠭᠤᠨ ᠢ ᠳᠠᠮᠵᠢᠭᠤᠯᠵᠤ᠂ ︽ᠮᠤᠷᠢᠨ ᠨᠢᠷᠤᠭᠤᠨ ᠲᠡᠭᠡᠷᠡᠬᠢ ᠰᠢᠬᠦᠬᠦ ᠲᠢᠩᠬᠢᠮ︾ ᠨᠢ ᠥᠪᠥᠷ ᠮᠣᠩᠭᠤᠯ ᠤᠨ ᠲᠧᠯᠸᠢᠰ ᠬᠤᠷᠢᠶᠠᠨ ᠤ ᠬᠠᠤᠯᠢ ᠶᠢᠨ ᠫᠷᠣᠭ᠍ᠷᠠᠮ ᠤᠨ ᠰᠢᠩᠭᠡᠭᠡᠯᠳᠡ ᠳᠤ ᠤᠷᠤᠯᠴᠠᠨ᠂ ᠠᠷᠠᠳ ᠤᠯᠠᠨ ᠳᠤ ᠬᠠᠤᠯᠢ ᠴᠠᠭᠠᠵᠠ ᠶᠢᠨ ᠲᠤᠬᠠᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠪᠠ᠃ 3  ᠬᠤᠪᠢ ᠲᠤᠰᠬᠠᠢ ᠰᠡᠳᠦᠪᠲᠦ ᠤᠬᠠᠭᠤᠯᠭ᠎ᠠ ᠶᠢᠨ ᠹᠢᠯᠢᠮ ᠢ ᠦᠢᠯᠡᠳᠦᠨ  ᠂ ᠰᠢᠭᠦᠬᠦ ᠬᠤᠷᠢᠶᠠᠨ ᠤ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠬᠠᠷᠠᠭᠤᠯᠵᠤ᠂ ᠰᠢᠨ᠎ᠡ ᠴᠠᠭ ᠦᠶ᠎ᠡ ᠶᠢᠨ ᠰᠢᠬᠦᠭᠴᠢ ᠶᠢᠨ ᠡᠩᠨᠡᠭᠡᠨ ᠤ ᠳᠦᠷᠢ ᠲᠥᠷᠬᠦ ᠶᠢ ᠢᠯᠡᠷᠡᠬᠦᠯᠦᠨ᠂ ᠠᠷᠠᠳ ᠤᠯᠠᠨ ᠤ ᠬᠢᠨᠠᠯᠲᠠ ᠲᠠᠯᠪᠢᠬᠤ ᠠᠷᠭ᠎ᠠ ᠵᠠᠮ   ᠢ ᠥᠷᠭᠡᠳᠬᠡᠵᠦ᠂  ᠨᠡᠶᠢᠭᠡᠮ ᠨᠡᠶᠢᠲᠡ ᠳᠤ ᠬᠠᠤᠯᠢ ᠴᠠᠭᠠᠵᠠ ᠶᠢᠨ ᠢᠳᠡᠪᠬᠢ ᠬᠦᠴᠦᠨ ᠢ ᠲᠠᠮᠵᠢᠭᠤᠯᠵᠠᠢ᠃ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠭᠰᠡᠨ᠃  ᠪᠠᠶᠢᠴᠠᠭᠠᠬᠤ ᠬᠤᠷᠢᠶᠠᠨ ᠤ  ᠬᠠᠤᠯᠢ ᠶᠢᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂  ᠪᠠᠶᠢᠴᠠᠭᠠᠭᠴᠢ ᠳᠠᠷᠤᠭ᠎ᠠ ᠶᠢᠨ ᠰᠢᠭᠦᠨ ᠲᠠᠰᠤᠯᠬᠤ ᠺᠣᠮᠢᠰ ᠤᠨ ᠬᠤᠷᠠᠯᠳᠤᠭᠠᠨ ᠳᠤ ᠰᠤᠯᠠ ᠣᠷᠣᠯᠴᠠᠬᠤ ᠳᠦᠷᠢᠮ ᠢ ᠲᠡᠬᠦᠯᠳᠡᠷᠵᠢᠬᠦᠯᠦᠨ᠂ ᠪᠠᠶᠢᠴᠠᠭᠠᠭᠴᠢ ᠳᠠᠷᠤᠭ᠎ᠠ ᠶᠢ ᠰᠢᠬᠦᠨ ᠲᠠᠰᠤᠯᠬᠤ ᠺᠣᠮᠢᠰ ᠤᠨ ᠬᠤᠷᠠᠯ ᠳᠤ 3 ᠤᠳᠠᠭ᠎ᠠ ᠤᠷᠢᠵᠤ  ᠣᠷᠣᠯᠴᠠᠭᠤᠯᠤᠭᠰᠠᠨ ᠪᠥᠭᠡᠳ ᠪᠠᠶᠢᠴᠠᠭᠠᠬᠤ ᠰᠠᠨᠠᠭᠤᠯᠭ᠎ᠠ ᠳᠤ ᠬᠠᠷᠢᠭᠤ ᠦᠭᠬᠦ ᠠᠵᠢᠯ ᠢ ᠰᠠᠶᠢᠨ ᠬᠢᠵᠦ᠂ ᠬᠠᠤᠯᠢ ᠭᠡᠷᠡᠭᠵᠢᠬᠦᠯᠬᠦ ᠠᠵᠢᠯᠯᠠᠭ᠎ᠠ ᠶᠢ ᠲᠠᠰᠤᠷᠠᠯᠳᠠ ᠦᠭᠡᠢ ᠵᠢᠷᠤᠮᠵᠢᠭᠤᠯᠪᠠ᠃ ᠠᠷᠠᠳ ᠲᠦᠮᠡᠨ ᠤ ᠬᠠᠤᠯᠢ ᠭᠡᠷᠡᠭᠵᠢᠬᠦᠯᠬᠦ ᠳᠤ ᠣᠷᠣᠯᠴᠠᠬᠤ ᠶᠢ ᠪᠠᠳᠤᠯᠠᠭᠰᠠᠨ᠃ ᠠᠷᠠᠳ ᠲᠦᠮᠡᠨ ᠤ ᠬᠠᠤᠯᠢ ᠴᠠᠭᠠᠵᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂   ᠬᠠᠪᠰᠤᠷᠤᠨ ᠰᠢᠭᠦᠭᠴᠢ ᠶᠢᠨ ᠰᠢᠭᠦᠯᠲᠡ ᠳᠤ ᠣᠷᠣᠯᠴᠠᠬᠤ ᠳᠦᠷᠢᠮ ᠢ ᠬᠦᠨᠵᠡᠬᠡᠢ ᠨᠠᠶᠢᠳᠠᠪᠤᠷᠢᠵᠢᠭᠤᠯᠤᠨ  ᠂  54 ᠨᠡᠷᠡᠰ  ᠬᠠᠪᠰᠤᠷᠤᠨ ᠰᠢᠭᠦᠭᠴᠢ ᠨᠢ 137 ᠤᠳᠠᠭᠠᠨ ᠤ  ᠭᠡᠷᠡᠭ ᠤᠨ ᠰᠢᠭᠦᠯᠲᠡ ᠳᠤ  ᠤᠷᠤᠯᠴᠠᠭᠠᠳ᠂   ᠤᠷᠤᠯᠴᠠᠯᠭ᠎ᠠ ᠶᠢᠨ ᠨᠤᠷᠮ᠎ᠠ 78.29 % ᠳᠤ ᠬᠦᠷᠦᠭᠰᠡᠨ ᠪᠦᠭᠡᠳ ᠠᠷᠠᠳ ᠢᠷᠭᠡᠳ ᠤᠨ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ 300 ᠭᠠᠷᠤᠢ ᠤᠯᠠᠨ ᠲᠦᠮᠡᠨ ᠪᠠ ᠨᠡᠶᠢᠭᠡᠮ ᠲᠣᠭᠤᠷᠢᠭ ᠤᠨ ᠲᠥᠯᠥᠭᠡᠯᠡᠭᠴᠢ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠳᠤ ᠤᠷᠤᠯᠴᠠᠭᠰᠠᠨ ᠪᠠᠶᠢᠨ᠎ᠠ᠃     ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ᠂ ᠮᠠᠨ ᠤ ᠬᠤᠷᠢᠶ᠎ᠠ ᠨᠢ ︽ᠬᠤᠶᠠᠷ ᠶᠡᠭᠡ ᠶᠠᠪᠤᠳᠠᠯ︾ ᠪᠠ ᠰᠢᠭᠦᠨ ᠲᠠᠰᠤᠯᠬᠤ ᠠᠵᠢᠯ ᠢ ᠰᠠᠶᠢᠲᠤᠷ ᠬᠢᠬᠦ ᠶᠢ ᠪᠠᠷᠢᠮᠳᠠᠯᠠᠨ᠂ ᠡᠯ᠎ᠡ ᠲᠦᠷᠦᠯ ᠤᠨ ᠠᠵᠢᠯ ᠦᠢᠯᠡᠰ ᠨᠢ ᠰᠢᠨ᠎ᠡ ᠠᠬᠢᠴᠠ ᠲᠠᠢ ᠪᠤᠯᠤᠭᠠᠳ᠂ ᠤᠯᠤᠰ ᠤᠨ ᠲᠠᠰ ᠤᠨ ᠬᠠᠮᠲᠤ ᠶᠢᠨ ᠢᠷᠠᠭᠤ ᠠᠯᠳᠠᠷ 1 ᠤᠳᠠᠭ᠎ᠠ᠂ ᠣᠷᠣᠨ ᠤ ᠲᠠᠰ ᠤᠨ ᠬᠠᠮᠲᠤ ᠶᠢᠨ ᠢᠷᠠᠭᠤ ᠠᠯᠳᠠᠷ 2  ᠤᠳᠠᠭ᠎ᠠ  ᠬᠦᠷᠳᠡᠭᠰᠡᠨ ᠤ ᠬᠠᠮᠳᠤ᠂  3 ᠠᠵᠢᠯᠳᠠᠨ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠢ ᠭᠥᠷᠳᠡᠵᠦ᠂ 10 ᠠᠵᠢᠯᠳᠠᠨ ᠠᠶᠢᠮᠠᠭ ᠤᠨ ᠬᠥᠬᠢᠭᠦᠯᠦᠯ ᠢ ᠭᠥᠷᠳᠡᠪᠡ᠃  ᠰᠢᠭᠦᠬᠦ ᠬᠤᠷᠢᠶᠠᠨ ᠤ ᠣᠯᠣᠭᠰᠠᠨ ᠠᠯᠢᠪᠠ ᠠᠮᠵᠢᠯᠲᠠ ᠳᠠᠪᠰᠢᠯᠲᠠ ᠨᠢ  ᠬᠤᠰᠢᠭᠤ ᠨᠠᠮ ᠤᠨ  ᠬᠤᠷᠢᠶᠠᠨ ᠤ ᠪᠠᠲᠤ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠩᠭ᠎ᠠ ᠬᠢᠨᠠᠯᠲᠠ᠂   ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ ᠠᠴᠠ ᠰᠠᠯᠵᠤ  ᠴᠢᠳᠠᠰᠢ ᠦᠭᠡᠢ ᠶᠤᠮ᠃ ᠠᠳᠡ ᠪᠢ ᠰᠢᠭᠦᠬᠦ ᠬᠤᠷᠢᠶᠠᠨ ᠤ ᠪᠠᠨ ᠡᠮᠦᠨ᠎ᠡ ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠲᠡᠪᠰᠢᠬᠦᠯᠵᠦ ᠪᠠᠶᠢᠨ᠎ᠠ︕     ᠨᠢᠭᠡ ᠵᠢᠯ ᠤᠨ ᠠᠵᠢᠯ ᠢᠶᠠᠨ ᠡᠷᠭᠢᠴᠡᠭᠦᠯᠪᠡᠯ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠰᠢᠭᠦᠬᠦ ᠬᠤᠷᠢᠶᠠᠨ ᠤ ᠠᠵᠢᠯ ᠳᠤ ᠪᠠᠰᠠ ᠮᠠᠰᠢ ᠤᠯᠠᠨ ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠬᠠᠷᠠᠭᠤᠰᠢᠳᠠᠢ᠄ ᠨᠢᠭᠡ ᠳᠤ ᠲᠤᠰᠬᠠᠶᠢᠵᠢᠵᠤ ᠮᠡᠷᠭᠡᠵᠢᠭᠰᠡᠨ ᠴᠢᠳᠠᠪᠤᠷᠢᠲᠠᠨ ᠬᠦᠷᠦᠯᠴᠡᠬᠦ ᠦᠭᠡᠢ᠂ ᠬᠡᠷᠡᠭ ᠰᠢᠢᠳᠪᠦᠷᠢᠯᠡᠬᠦ  ᠬᠢᠷᠢ ᠲᠦᠪᠰᠢᠨ ᠲᠤᠤᠷ᠎ᠠ᠂ ᠤᠯᠠᠨ ᠲᠦᠮᠡᠨ ᠤ ᠬᠦᠰᠡᠯ  ᠱᠠᠭᠠᠷᠳᠠᠯᠭ᠎ᠠ ᠠᠴᠠ ᠪᠠᠰᠠ ᠮᠠᠰᠢ ᠶᠡᠭᠡ ᠵᠥᠷᠢᠶ᠎ᠡ ᠲᠠᠢ ᠪᠠᠶᠢᠭ᠎ᠠ᠃  ᠬᠤᠶᠠᠷ ᠲᠤ ᠬᠠᠤᠯᠢ ᠶᠢᠨ ᠦᠢᠯᠡᠴᠢᠯᠡᠭᠡᠨ ᠤ ᠬᠢᠷᠢ ᠴᠢᠳᠠᠪᠤᠷᠢ ᠬᠦᠷᠦᠯᠴᠡᠬᠦ ᠦᠭᠡᠢ᠂ ᠤᠶᠤᠨᠴᠢ ᠰᠢᠭᠦᠬᠦ ᠬᠤᠷᠢᠶᠠᠨ ᠤ ᠪᠠᠶᠢᠭᠤᠯᠤᠯᠲᠠ ᠪᠠ  ᠭᠡᠷᠡᠭᠯᠡᠯᠳᠡ  ᠲᠤᠳᠠᠮᠠᠭ᠂ ᠬᠠᠤᠯᠢ ᠴᠠᠭᠠᠵᠠ ᠶᠢᠨ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ ᠶᠢ  ᠭᠦᠢᠴᠡᠳ ᠬᠡᠷᠡᠭᠯᠡᠭᠰᠡᠨ ᠦᠭᠡᠢ ᠠᠴᠠ ᠪᠣᠯᠵᠤ᠂  ᠤᠶᠤᠨᠴᠢ ᠰᠢᠭᠦᠬᠦ ᠬᠤᠷᠢᠶᠠᠨ ᠤ ᠪᠠᠶᠢᠭᠤᠯᠤᠯᠲᠠ ᠶᠢᠨ ᠦᠷ᠎ᠡ ᠪᠦᠲᠦᠭᠡᠯ  ᠭᠦᠢᠴᠡᠳ ᠢᠯᠡᠷᠡᠭᠰᠡᠨ ᠦᠭᠡᠢ ᠪᠠᠶᠢᠭ᠎ᠠ᠃ ᠭᠤᠷᠪᠠ ᠳᠤ ᠤᠯᠠᠨ  ᠲᠦᠮᠡᠨᠴᠢ ᠠᠵᠢᠯ ᠤᠨ ᠬᠢᠷᠢ ᠴᠢᠳᠠᠪᠤᠷᠢ ᠬᠦᠷᠦᠯᠴᠡᠬᠦ ᠦᠭᠡᠢ᠂ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠤᠴᠢᠷ ᠢ ᠶᠠᠷᠢᠬᠤ ᠲᠠᠯ᠎ᠠ ᠪᠠᠷ ᠲᠤᠳᠠᠮᠠᠭ ᠠᠴᠠ ᠪᠣᠯᠵᠤ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ  ᠶᠢ ᠬᠦᠢᠴᠡᠳ ᠰᠠᠶᠢᠨ ᠰᠢᠢᠳᠪᠦᠷᠢᠯᠡᠵᠦ ᠴᠢᠳᠠᠬᠤ ᠦᠭᠡᠢ  ᠂ ᠤᠯᠠᠨ ᠲᠦᠮᠡᠨ ᠤ ᠬᠠᠨᠤᠮᠵᠢ ᠶᠢᠨ  ᠬᠡᠮᠵᠢᠶ᠎ᠡ ᠶᠢ  ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠭ᠎ᠠ᠃ ᠳᠥᠷᠪᠡ ᠳᠤ ᠡᠩᠨᠡᠭᠡᠨ ᠤ ᠪᠦᠷᠢᠯᠳᠦᠴᠡ ᠲᠣᠭᠲᠠᠭᠤᠨ ᠪᠤᠰᠤ᠂ ᠬᠥᠮᠥᠨ ᠪᠠ ᠬᠡᠷᠡᠭ ᠤᠨ ᠵᠥᠷᠢᠴᠡᠯ  ᠪᠠᠰᠠ ᠨᠡᠯᠢᠶᠡᠳ ᠲᠣᠪᠣᠶᠢᠮ᠎ᠠ ᠪᠠᠶᠢᠵᠤ᠂ ᠴᠢᠳᠠᠪᠤᠷᠢᠲᠠᠨ  ᠲᠤᠳᠠᠭᠳᠠᠬᠤ ᠠᠰᠠᠭᠤᠳᠠᠯ ᠤᠷᠤᠰᠢᠵᠤ ᠪᠠᠶᠢᠭ᠎ᠠ  ᠃ ᠡᠳᠡᠭᠡᠷ ᠠᠰᠠᠭᠤᠳᠠᠯ ᠢ ᠮᠠᠨ ᠤ ᠬᠤᠷᠢᠶ᠎ᠠ ᠨᠢ ᠬᠤᠶᠢᠰᠢᠳᠠ ᠶᠢᠨ ᠠᠵᠢᠯ ᠤᠨ ᠳᠤᠮᠳᠠ ᠪᠠᠨ ᠡᠷᠴᠢᠮᠳᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠭᠡᠷᠡᠭᠳᠡᠢ  ᠃       2024 ᠣᠨ ᠤ ᠠᠵᠢᠯ ᠤᠨ ᠪᠠᠶᠢᠷᠢᠯᠠᠭᠤᠯᠤᠯᠳᠠ     2024 ᠣᠨ ᠳᠤ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂  ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠰᠢᠨ᠎ᠡ ᠴᠠᠭ ᠦᠶ᠎ᠡ ᠶᠢᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃       ᠨᠢᠭᠡ᠂ ᠤᠯᠤᠰ ᠲᠦᠷᠦ ᠶᠢᠨ ᠲᠠᠯᠠᠪᠠᠷ ᠦᠨᠡᠨᠴᠢ ᠰᠢᠳᠤᠷᠭᠤ ᠪᠠᠶᠢᠬᠤ ᠭᠡᠷᠡᠭᠳᠡᠢ᠃  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠡᠭᠦᠷ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠡᠯᠪᠡᠷᠢ ᠶᠢ ᠭᠦᠢᠴᠡᠳ ᠠᠰᠢᠭᠯᠠᠵᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠲᠠᠰᠤᠷᠠᠯᠲᠠ ᠦᠭᠡᠢ  ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠪᠠ ᠤᠨᠤᠯ ᠤᠨ ᠲᠦᠪᠰᠢᠨ ᠢᠶᠠᠨ ᠦᠨᠡᠨ ᠬᠦ  ᠲᠡᠭᠡᠭᠰᠢᠯᠡᠬᠦᠯᠦᠨ᠎ᠡ᠃ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠵᠦ᠂ ᠬᠤᠪᠢ ᠶᠢᠨ ᠵᠠᠭᠤᠴᠢᠯᠠᠭᠤᠷ ᠤᠨ ᠤᠬᠠᠭᠤᠯᠭ᠎ᠠ ᠶᠢᠨ ᠰᠠᠭᠤᠷᠢᠨ ᠭᠠᠵᠠᠷ ᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ  ᠶᠢ ᠲᠠᠰᠤᠷᠠᠯᠲᠠ ᠦᠭᠡᠢ ᠴᠢᠩᠭᠠᠷᠠᠭᠤᠯᠤᠨ᠂  ᠨᠠᠮ ᠳᠠᠭᠠᠨ ᠦᠨᠡᠨᠴᠢ ᠰᠢᠳᠤᠷᠭᠤ ᠪᠠᠶᠢᠬᠤ᠂ ᠨᠠᠮ ᠤᠨ ᠢᠶᠠᠨ ᠵᠢᠯᠣᠭᠤᠳᠤᠯᠭ᠎ᠠ ᠶᠢ ᠲᠠᠭᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠡᠷᠡᠰ  ᠪᠡᠶᠡᠯᠡᠬᠦᠯᠦᠨ᠎ᠡ᠃      ᠬᠤᠶᠠᠷ᠂ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠡᠷᠴᠢᠮ ᠢ  ᠴᠢᠩᠭᠠᠷᠠᠭᠤᠯᠬᠤ ᠭᠡᠷᠡᠭᠳᠡᠢ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠡᠷᠢᠭᠦᠨ ᠴᠢᠬᠤᠯᠠ ᠡᠭᠦᠷᠭᠡ ᠶᠢ ᠰᠠᠶᠢᠲᠤᠷ ᠠᠳᠬᠤᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠤᠨ᠂ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠬᠡᠬᠦ᠂ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ᠂ ᠬᠥᠮᠥᠨ ᠤ ᠡᠷᠬᠡ ᠶᠢ ᠪᠠᠲᠤᠯᠠᠬᠤ ᠲᠠᠢ ᠣᠷᠭᠠᠨᠢᠭ ᠢᠶᠠᠷ ᠤᠶᠠᠯᠳᠤᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠵᠤ᠂ ᠱᠠᠯᠢᠭ ᠵᠦᠢᠯ  ᠮᠦᠷᠦᠢ ᠲᠠᠢ ᠲᠤᠭᠯᠠᠭᠠᠮ ᠬᠤᠣᠷᠲᠤ ᠡᠳ᠋ ᠳᠤ ᠬᠤᠯᠪᠤᠭᠳᠠᠭᠰᠠᠨ ᠭᠡᠷᠡᠭ᠂ ᠬᠤᠯᠠᠭᠠᠢ ᠲᠡᠭᠡᠷᠡᠮ ᠮᠡᠭᠡᠯᠡᠯ ᠤᠨ ᠭᠡᠷᠡᠭ᠂ ᠢᠳᠡᠭᠡᠨ ᠡᠮ ᠤᠨ ᠵᠦᠢᠯ ᠤᠷᠴᠢᠨ ᠲᠤᠭᠤᠷᠢᠨ ᠳᠤ ᠬᠤᠯᠪᠤᠭᠳᠠᠭᠰᠠᠨ ᠭᠡᠷᠡᠭ ᠵᠡᠷᠭᠡ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠵᠦ᠂  ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠡᠪᠳᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠠᠵᠤ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠎ᠠ᠃  ᠱᠠᠮᠰᠢᠵᠤ ᠪᠦᠷᠢᠯᠬᠡᠵᠦ ᠬᠡᠭᠡᠯᠢ ᠬᠠᠭ᠋ᠤᠤᠯᠢ ᠢᠳᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠵᠦ᠂ ᠥᠴᠥᠬᠡᠨ ᠴᠦ ᠢᠯᠳᠠᠷ ᠬᠠᠶᠠᠬᠤ ᠦᠬᠡᠢ ᠣᠪᠣᠷ ᠢᠶᠠᠷ ᠢᠯᠵᠠᠷᠠᠯ ᠢ ᠡᠰᠡᠷᠭᠦᠴᠡᠨ ᠬᠠᠷᠭᠢᠰ ᠬᠦᠴᠦᠨ ᠢ ᠠᠷᠢᠯᠭᠠᠵᠤ᠂ ᠱᠠᠮᠰᠢᠵᠤ ᠪᠦᠷᠢᠯᠭᠡᠨ ᠬᠡᠭᠡᠯᠢ ᠬᠠᠭ᠋ᠤᠤᠯᠢ ᠢᠳᠡᠭᠰᠡᠨ ᠠᠵᠢᠯᠯᠠᠭ᠎ᠠ ᠶᠢ ᠵᠠᠯᠬᠠᠭᠠᠨ ᠰᠢᠳᠬᠡᠬᠦ  ᠠᠵᠢᠯ ᠤᠨ ᠡᠷᠴᠢᠮ ᠢ  ᠴᠢᠩᠭᠠᠷᠠᠭᠤᠯᠤᠨ᠎ᠠ᠃     ᠭᠤᠷᠪᠠ᠂ ᠨᠡᠶᠢᠭᠡᠮ ᠤᠨ ᠶᠡᠭᠡ ᠲᠠᠯ᠎ᠠ ᠳᠤ ᠦᠢᠯᠡᠴᠢᠯᠡᠬᠦ ᠬᠢᠷᠢ ᠬᠡᠮᠵᠢᠶ᠎ᠡ ᠪᠠᠨ ᠲᠡᠭᠡᠭᠰᠢᠯᠡᠬᠦᠯᠬᠦ ᠭᠡᠷᠡᠭᠳᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠳᠠᠮᠫᠤᠷᠠᠯ ᠢ ᠰᠢᠢᠳᠪᠦᠷᠢᠯᠡᠬᠦ ᠲᠠᠯᠠᠪᠠᠷ ᠵᠠᠰᠠᠭ ᠤᠨ ᠣᠷᠳᠣᠨ ᠪᠠ ᠰᠢᠬᠦᠬᠦ ᠬᠤᠷᠢᠶᠠᠨ ᠤ ᠬᠠᠮᠵᠢᠯᠴᠠᠭ᠎ᠠ ᠶᠢ ᠠᠬᠢᠭᠤᠯᠤᠨ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠰᠠᠶᠢᠳᠤᠷ ᠦᠢᠯᠡᠴᠢᠯᠡᠨ᠎ᠡ᠃ ᠠᠷᠠᠳ ᠤᠨ ᠰᠢᠭᠦᠬᠦ ᠲᠢᠩᠬᠢᠮ ᠤᠨ ᠦᠨᠳᠦᠰᠦ ᠰᠤᠷᠪᠤᠯᠵᠢ ᠠᠴᠠ ᠨᠢ ᠤᠷᠢᠳᠴᠢᠯᠠᠨ ᠰᠡᠷᠭᠡᠶᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ  ᠦᠢᠯᠡᠴᠢᠯᠡᠨ᠎ᠡ᠃ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠬᠦᠷᠭᠡ ᠬᠠᠷᠢᠭᠤᠴᠠᠯᠭ᠎ᠠ  ᠶᠢ ᠬᠢᠨᠠᠮᠠᠭᠠᠢ ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠣᠯᠠᠨ ᠲᠦᠮᠡᠨ ᠳᠤ ᠪᠤᠳᠠᠳᠠᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠨ᠂ ᠵᠠᠷᠭᠤ ᠶᠢᠨ ᠢᠷᠡᠯᠲᠡ ᠶᠢᠨ ᠵᠠᠰᠠᠯᠲᠠ ᠶᠢ ᠭᠦᠨᠵᠡᠭᠡᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ  ᠨᠡᠶᠢᠬᠡᠮ ᠤᠨ ᠬᠥᠭᠵᠢᠯᠲᠡ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠠᠤᠯᠢ ᠶᠢᠨ ᠦᠢᠯᠡᠴᠢᠯᠡᠭᠡ ᠬᠠᠩᠭᠠᠨ᠎ᠠ᠃      ᠳᠥᠷᠪᠡ᠂ ᠠᠷᠠᠳ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠪᠠᠲᠤᠯᠠᠬᠤ ᠭᠡᠷᠡᠭᠳᠡᠢ᠃ ᠰᠢᠨ᠎ᠡ ᠴᠠᠭ ᠦᠶ᠎ᠡ ᠶᠢᠨ ᠨᠡᠶᠢᠭᠡᠮ ᠤᠨ ᠭᠤᠣᠯ ᠵᠥᠷᠢᠴᠡᠯ ᠢ ᠣᠨᠣᠪᠴᠢᠲᠠᠶ ᠡᠵᠡᠮᠳᠡᠵᠦ᠂ ᠰᠢᠭᠦᠨ ᠲᠠᠰᠤᠯᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂  ᠰᠤᠷᠭᠠᠨ ᠬᠥᠮᠦᠵᠢᠯ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠂ ᠤᠷᠤᠭ ᠭᠡᠷ ᠪᠦᠯᠢ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠢ ᠲᠣᠬᠢᠲᠠᠢ  ᠰᠢᠢᠳᠪᠦᠷᠢᠯᠡᠵᠦ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠵᠡᠷᠭᠡ ᠪᠠᠭᠤᠷᠠᠢ ᠬᠠᠮᠲᠤᠯᠢᠭ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠰᠠᠶᠢᠨ ᠰᠠᠨᠠᠭ᠎ᠠ ᠪᠠᠷ ᠪᠣᠯᠪᠠᠰᠤᠨ ᠢᠶᠠᠷ ᠭᠦᠢᠴᠡᠳᠬᠡᠬᠦ ᠣᠶᠢᠯᠠᠭᠠᠭᠳᠠᠬᠤᠨ ᠢ ᠴᠢᠩᠭᠠᠳᠬᠠᠵᠤ᠂ ᠭᠦᠢᠴᠡᠳᠬᠡᠬᠦ ᠪᠡᠷᠬᠡ ᠰᠡᠳᠦᠪ ᠢ ᠰᠢᠢᠳᠪᠦᠷᠢᠯᠡᠨ᠂ ᠵᠠᠷᠭᠤ ᠢᠯᠠᠭᠰᠠᠨ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠦᠨ᠎ᠡ᠃     ᠲᠠᠪᠤ᠂ ᠰᠢᠬᠦᠬᠦ ᠬᠤᠷᠢᠶ᠎ᠠ  ᠶᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠭᠡᠷᠡᠭᠳᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠤᠨ ᠡᠷᠴᠢᠮ ᠢ ᠴᠢᠩᠭᠠᠷᠠᠭᠤᠯᠤᠨ᠂ ᠠᠷᠢᠭᠤᠨ ᠴᠢᠬᠡᠴᠢ ᠪᠠᠷ ᠬᠠᠤᠯᠢ ᠭᠡᠷᠡᠭᠵᠢᠬᠦᠯᠬᠦ ᠬᠥᠮᠦᠵᠢᠯ ᠢ ᠯᠠᠪᠳᠠᠭᠤᠨ ᠪᠠᠲᠤᠲᠠᠢ ᠦᠷᠨᠢᠬᠦᠯᠵᠦ᠂  ᠭᠠᠳᠠᠨ᠎ᠠ ᠶᠢᠨ ᠬᠢᠨᠠᠯᠲᠠ ᠶᠢ  ᠴᠢᠩᠭᠠᠳᠬᠠᠨ᠂  ᠤᠪᠤᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃  ᠬᠤᠪᠢᠰᠬᠠᠯᠵᠢᠭᠰᠠᠨ᠂  ᠵᠢᠩᠬᠢᠨᠢᠵᠢᠭᠰᠡᠨ᠂  ᠲᠤᠰᠬᠠᠶᠢᠵᠢᠭᠰᠠᠨ᠂  ᠮᠡᠷᠭᠡᠵᠢᠭᠰᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠣᠯᠳᠠᠯᠭ᠎ᠠ ᠪᠤᠯᠭᠠᠵᠤ ᠬᠠᠤᠯᠢ ᠭᠡᠷᠡᠭᠵᠢᠬᠦᠯᠬᠦ ᠴᠢᠳᠠᠪᠤᠷᠢ ᠶᠢ ᠲᠡᠭᠡᠭᠰᠢᠯᠡᠬᠦᠯᠦᠨ᠂ ᠬᠠᠤᠯᠢ ᠭᠡᠷᠡᠭᠵᠢᠬᠦᠯᠬᠦ ᠦᠢᠯᠡ ᠠᠵᠢᠯᠯᠠᠭ᠎ᠠ ᠶᠢ  ᠲᠦᠷᠢᠮᠵᠢᠬᠦᠯᠵᠦ᠂ ᠠᠵᠢᠯᠲᠠᠨ ᠢ ᠲᠦᠷᠦᠯ ᠬᠤᠪᠢᠶᠠᠨ ᠬᠠᠮᠢᠶᠠᠷᠬᠤ ᠪᠠ ᠵᠠᠯᠠᠭᠤ ᠺᠠᠳ᠋ᠷ ᠴᠠᠭᠳᠠᠭ᠎ᠠ ᠶᠢᠨ ᠦᠰᠦᠨ ᠪᠣᠶᠢᠵᠢᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠬᠦᠷᠭᠡᠯᠡᠳᠡᠭ᠂ ᠠᠷᠠᠳ ᠤᠯᠠᠨ ᠳᠤ ᠰᠠᠨᠠᠭᠠᠨ ᠳᠤ ᠲᠠᠭᠠᠯᠠᠭᠳᠠᠭᠰᠠᠨ ᠥᠨᠳᠥᠷ ᠬᠡᠪ ᠴᠢᠨᠠᠷ ᠪᠦᠬᠦᠢ  ᠰᠢᠬᠦᠭᠴᠢ ᠶᠢᠨ ᠡᠩᠨᠡᠭᠡ ᠶᠢ ᠪᠠᠶᠢᠭᠤᠯᠤᠨ᠂ ᠲᠥᠪ ᠭᠤᠣᠯᠴᠢ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠬᠠᠤᠯᠢ ᠪᠠᠷᠢᠬᠤ ᠣᠷᠴᠢᠨ ᠨᠥᠬᠦᠴᠡᠯ ᠢ ᠪᠦᠬᠦ ᠬᠦᠴᠦᠨ ᠢᠶᠠᠷ  ᠪᠤᠢ ᠪᠣᠯᠭᠠᠨ᠎ᠠ᠃    ᠲᠥᠯᠥᠭᠡᠯᠡᠭᠴᠢᠳ ᠠ᠋᠂ ᠲᠡᠦᠬᠡ ᠶᠢᠨ ᠰᠢᠨ᠎ᠡ ᠭᠠᠷᠤᠭ᠎ᠠ ᠲᠡᠭᠡᠷ᠎ᠡ ᠵᠣᠭᠰᠣᠵᠤ᠂ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂   ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠯᠠᠮᠵᠢᠯᠠᠯ ᠳᠡᠮᠵᠢᠯᠭᠡ ᠳᠣᠣᠷ᠎ᠠ᠂  ᠡᠨᠡ ᠤᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠤ ᠲᠥᠯᠥᠭᠡ ᠬᠠᠤᠯᠢ ᠭᠡᠷᠡᠭᠵᠢᠬᠦᠯᠬᠦ ᠶᠢ ᠪᠤᠳᠠᠳᠠᠶᠢᠵᠢᠭᠤᠯᠤᠨ᠂ ᠰᠢᠭᠦᠨ ᠲᠠᠰᠤᠯᠬᠤ ᠠᠵᠢᠯ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂  ᠰᠢᠬᠦᠬᠦ ᠬᠤᠷᠢᠶᠠᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠬᠠᠤᠯᠢ ᠪᠠᠷ ᠵᠠᠰᠠᠭᠰᠠᠨ᠂ ᠪᠠᠶᠠᠨ ᠴᠢᠨᠡᠭᠡᠯᠢᠭ᠂ ᠪᠦᠯᠬᠦᠮᠳᠡᠯ ᠲᠠᠢ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ  ᠲᠠᠩᠰᠤᠭ ᠲᠠᠶᠢᠹᠤᠰᠧ ᠬᠤᠰᠢᠭᠤ ᠶᠢ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠪᠤᠯᠤᠨ᠎ᠠ︕     ᠨᠡᠷ᠎ᠡ ᠦᠭᠡ ᠶᠢᠨ ᠲᠠᠶᠢᠯᠪᠤᠷᠢ  ᠄    1. ᠲᠦᠷᠪᠡᠨ ᠲᠦᠷᠦᠯ ᠤᠨ ᠬᠡᠷᠡᠭ᠄ ᠬᠦᠨᠳᠦ ᠶᠡᠭᠡ᠂ ᠬᠦᠴᠢᠷ ᠲᠦᠪᠡᠭᠲᠡᠢ᠂ ᠨᠠᠷᠢᠨ ᠪᠤᠳᠤᠯᠢᠶᠠᠨᠲᠠᠢ᠂ ᠰᠡᠷᠭᠡᠭ ᠴᠢᠨᠠᠷᠳᠠᠢ ᠬᠡᠷᠡᠭ᠃  ᠪᠦᠯᠦᠭᠯᠡᠯ ᠤᠨ ᠴᠢᠨᠠᠷᠲᠠᠢ ᠵᠦᠷᠢᠴᠡᠯ ᠵᠢᠭᠤᠷᠠᠭᠠᠨ ᠳᠤ ᠬᠤᠯᠪᠣᠭᠳᠠᠭᠰᠠᠨ ᠪᠤᠶᠤ ᠨᠡᠶᠢᠭᠡᠮ ᠤᠨ  ᠠᠩᠬᠠᠷᠤᠯ ᠢ ᠲᠠᠲᠠᠭᠰᠠᠨ᠂ ᠨᠡᠶᠢᠭᠡᠮ ᠤᠨ ᠠᠮᠤᠷ ᠲᠣᠭᠲᠠᠭᠤᠨ ᠢ ᠨᠥᠯᠥᠭᠡᠯᠡᠵᠦ ᠮᠡᠳᠡᠬᠦ ᠬᠡᠷᠡᠭ᠃ ᠲᠤᠰ ᠱᠠᠲᠤᠨ ᠤ ᠪᠤᠶᠤ ᠳᠡᠭᠡᠳᠦ ᠱᠠᠲᠤᠨ ᠤ ᠰᠢᠭᠦᠬᠦ ᠬᠤᠷᠢᠶᠠᠨ ᠤ ᠰᠢᠭᠦᠨ ᠲᠡᠰᠦᠯᠦᠯᠳᠠ ᠲᠠᠢ ᠮᠥᠷᠭᠦᠯᠳᠦᠭᠡᠨ ᠭᠠᠷᠴᠤ ᠮᠡᠳᠡᠬᠦ ᠬᠡᠷᠡᠭ᠃  ᠬᠤᠯᠪᠣᠭᠳᠠᠯ ᠪᠦᠬᠦᠢ  ᠨᠢᠬᠡᠴᠡ ᠪᠤᠶᠤ ᠬᠤᠪᠢ ᠬᠥᠮᠥᠨ ᠠᠴᠠ ᠰᠢᠬᠦᠭᠴᠢ ᠶᠢᠨ ᠬᠠᠤᠯᠢ  ᠵᠥᠷᠢᠴᠡᠵᠦ ᠰᠢᠭᠦᠨ ᠲᠠᠰᠤᠯᠤᠭᠰᠠᠨ ᠤᠢᠢᠯᠠ ᠠᠵᠢᠯᠯᠠᠭ᠎ᠠ  ᠶᠢ ᠲᠤᠰᠬᠠᠭᠰᠠᠨ ᠬᠡᠷᠡᠭ᠃    2. ᠬᠢᠨᠠᠨ ᠬᠠᠷᠭᠤᠭᠤᠯᠬᠤ ᠳᠦᠷᠢᠮ᠄  ᠬᠤᠷᠢᠶᠠᠨ ᠲᠠᠷᠤᠭ᠎ᠠ ᠲᠢᠩᠬᠢᠮ ᠤᠨ ᠳᠠᠷᠤᠭ᠎ᠠ ᠶᠢᠨ ᠬᠠᠤᠯᠢ ᠪᠠᠷ ᠲᠣᠭᠲᠠᠭᠠᠭᠰᠠᠨ ᠡᠬᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂  ᠲᠢᠩᠬᠢᠮ ᠤᠨ ᠳᠠᠷᠤᠭ᠎ᠠ  ᠨᠢ ᠬᠠᠮᠲᠤᠷᠠᠨ ᠵᠥᠪᠯᠡᠬᠦ ᠲᠢᠩᠬᠢᠮ᠂  ᠲᠤᠰᠬᠠᠢ ᠰᠢᠬᠦᠭᠴᠢ ᠶᠢᠨ ᠰᠠᠨᠠᠯ ᠢ ᠵᠥᠪᠰᠢᠶᠡᠷᠡᠬᠦ ᠦᠭᠡᠢ ᠪᠤᠯ᠂ ᠰᠢᠭᠤᠳ ᠲᠣᠬᠢᠷᠠᠭᠤᠯᠵᠤ᠂ ᠬᠤᠪᠢᠷᠠᠭᠤᠯᠵᠤ ᠪᠣᠯᠬᠤ ᠦᠭᠡᠢ᠂ ᠲᠠᠬᠢᠨ ᠵᠥᠪᠯᠡᠭᠦᠯᠬᠦ ᠰᠠᠨᠠᠭᠤᠯᠭ᠎ᠠ ᠭᠠᠷᠭᠠᠵᠤ ᠲᠤᠰᠬᠠᠢ ᠰᠢᠬᠦᠭᠴᠢ ᠶᠢᠨ ᠬᠤᠷᠠᠯ ᠳᠤ ᠳᠡᠪᠰᠢᠭᠦᠯᠦᠨ ᠶᠠᠷᠢᠯᠴᠠᠭᠤᠯᠵᠤ᠂ ᠰᠢᠭᠦᠬᠦ ᠬᠤᠷᠢᠶᠠᠨ ᠤ ᠤᠳᠤᠷᠢᠳᠤᠯᠭ᠎ᠠ ᠳᠤ ᠮᠡᠳᠡᠭᠦᠯᠦᠨ ᠰᠢᠭᠦᠬᠦ ᠺᠣᠮᠢᠰ ᠲᠤ ᠳᠡᠪᠰᠢᠭᠦᠯᠦᠨ ᠶᠠᠷᠢᠯᠴᠠᠭᠤᠯᠵᠤ ᠪᠣᠯᠣᠨ᠎ᠠ᠃ ︽ᠬᠢᠨᠠᠨ ᠬᠠᠷᠭᠤᠭᠤᠯᠬᠤ ᠳᠦᠷᠢᠮ︾ ᠳᠤ᠂ ᠲᠠᠰᠤᠯᠤᠨ ᠲᠣᠭᠲᠠᠭᠠᠯᠲᠠ ᠶᠢ ᠰᠢᠭᠦᠬᠦ ᠬᠤᠷᠢᠶᠠᠨ ᠤ ᠳᠠᠷᠤᠭ᠎ᠠ ᠡᠷᠬᠡ ᠲᠤᠰᠢᠶᠠᠯ ᠤᠨ ᠢᠶᠠᠨ ᠲᠠᠭᠠᠤ ︽ᠬᠢᠨᠠᠨ ᠬᠠᠷᠭᠤᠭᠤᠯᠵᠤ︾᠂ ᠬᠠᠤᠯᠢ ᠪᠠᠷ ᠲᠣᠭᠲᠠᠭᠠᠭᠰᠠᠨ ᠰᠢᠭᠦᠨ ᠲᠠᠰᠤᠯᠬᠤ ᠵᠣᠬᠢᠶᠠᠨ ᠪᠠᠶᠢᠭᠤᠯᠤᠯᠲᠠ ᠠᠴᠠ ᠬᠠᠤᠯᠢ ᠶᠣᠰᠣᠭᠠᠷ ᠲᠤᠭᠳᠠᠭᠠᠨ᠎ᠠ  ᠃    3. ᠬᠠᠤᠯᠢ ᠶᠢᠨ ᠣᠷᠣᠨ ᠤ ᠬᠡᠯᠬᠢᠶ᠎ᠡ᠄  ᠲᠤᠬᠠᠢ ᠶᠢᠨ ᠬᠥᠮᠥᠨ ᠤ ᠲᠤᠰᠢᠶᠠᠭᠰᠠᠨ ᠡᠯᠧᠺᠲᠷᠣᠨ ᠲᠤᠭ᠎ᠠ ᠪᠠᠷᠢᠮᠲᠠ ᠪᠠᠷ ᠲᠠᠮᠵᠢᠨ᠂ ᠡᠯᠧᠺᠲᠷᠣᠨ ᠭᠠᠷ ᠤᠨ ᠦᠰᠦᠭ ᠵᠢᠷᠤᠬᠤ᠂  ᠬᠠᠰᠧ ᠬᠡᠮᠵᠢᠭᠳᠡᠯ ︵hash︶   ᠢ ᠬᠢᠨᠠᠨ ᠰᠢᠯᠭᠠᠬᠤ  ᠵᠡᠷᠭᠡ ᠭᠡᠷᠡᠴᠢ ᠪᠠᠷᠢᠮᠲᠠ ᠶᠢ ᠴᠤᠭᠯᠠᠭᠤᠯᠬᠤ᠂ ᠲᠣᠭᠲᠠᠪᠤᠷᠢᠵᠢᠭᠤᠯᠬᠤ ᠵᠢᠴᠢ ᠥᠭᠡᠷᠡᠲᠦᠭᠦᠯᠬᠦ ᠶᠢ ᠰᠡᠷᠭᠡᠶᠢᠯᠡᠬᠦ ᠮᠡᠷᠭᠡᠵᠢᠯ ᠤᠨ ᠠᠷᠭ᠎ᠠ ᠪᠠᠷᠢᠯ ᠪᠤᠶᠤ ᠭᠡᠷᠡᠴᠢ ᠠᠪᠴᠤ ᠭᠡᠷᠡᠴᠢ ᠬᠠᠳᠠᠭᠠᠯᠠᠬᠤ ᠡᠯᠧᠺᠲᠷᠣᠨ ᠲᠠᠪᠴᠠᠩ ᠢᠶᠠᠷ  ᠭᠡᠷᠡᠴᠢ ᠪᠠᠷᠢᠮᠲᠠ ᠶᠢᠨ ᠦᠨᠡᠨ ᠪᠣᠳᠠᠲᠤ ᠴᠢᠨᠠᠷ ᠢ ᠭᠡᠷᠡᠴᠢᠯᠡᠬᠦ᠃    4.  ᠰᠢᠬᠦᠬᠦ ᠬᠤᠷᠢᠶᠠᠨ ᠤ ᠵᠦᠪᠯᠡᠯᠭᠡ ᠠᠪᠬᠤ ᠰᠦᠯᠵᠢᠶ᠎ᠡ᠄  ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ᠪᠥᠬᠦ ᠤᠯᠤᠰ ᠤᠨ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠬᠡᠷᠡᠭᠯᠡᠯᠲᠡ᠂ ᠰᠢᠭᠦᠨ ᠲᠠᠰᠤᠯᠬᠤ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠴᠦ ᠮᠠᠳᠠᠭ ᠲᠠᠢ ᠠᠰᠠᠭᠤᠳᠠᠯ ᠢ ᠬᠠᠷᠢᠭᠤᠯᠬᠤ ᠪᠠ ᠰᠤᠷᠤᠯᠴᠠᠵᠤ ᠰᠣᠯᠢᠯᠴᠠᠬᠤ ᠦᠢᠯᠡᠴᠢᠯᠡᠭᠡ  ᠬᠠᠩᠭᠠᠳᠠᠭ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号