ᠲᠠᠶᠢᠹᠣᠰᠧ ᠬᠤᠰᠢᠭᠤᠨ ᠤ ᠠᠷᠪᠡᠨ ᠵᠢᠷᠭᠤᠳᠤᠭᠠᠷ ᠬᠤᠭᠤᠴᠠᠭᠠᠨ ᠤ ᠠᠷᠡᠳ ᠤᠨ | ᠲᠥᠯᠣᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯᠲᠣᠭᠠᠨ ᠤ ᠮᠡᠲ᠋ᠧᠷᠢᠶᠡᠯ ︵22︶ | | ᠲᠠᠶᠢᠹᠣᠰᠧ ᠬᠤᠰᠢᠭᠤᠨ ᠤ ᠠᠷᠡᠳ ᠤᠨ ᠪᠠᠶᠢᠴᠠᠭᠠᠬᠤ ᠬᠤᠷᠢᠶᠡᠨ ᠤ ᠠᠵᠢᠯ ᠤᠨ ᠮᠡᠳᠡᠬᠦᠯᠦᠯᠳᠡ | 2024 ᠤᠨ ᠤ 1 ᠰᠠᠷ᠎ᠠ ᠳᠤ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ | | ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠲᠠᠷᠤᠭ᠎ᠠ ᠨᠠᠷᠠᠰᠤ | | ᠲᠥᠯᠥᠭᠡᠯᠡᠭᠴᠢᠳ ᠡ᠄ | ᠣᠳᠣ ᠪᠢ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ | ᠠᠵᠢᠯ ᠤᠨ ᠮᠡᠳᠡᠬᠦᠯᠦᠯᠳᠡ ᠬᠢᠶ᠎ᠡ᠂ ᠬᠢᠨᠠᠨ ᠵᠥᠪᠯᠡᠬᠦ ᠪᠤᠯᠪᠠᠤ᠂ ᠮᠦᠨᠴᠦ ᠤᠯᠤᠰ ᠲᠥᠷᠦ ᠶᠢᠨ ᠵᠥᠪᠯᠡᠯᠭᠡᠨ ᠤ | ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠨ ᠨᠦᠬᠦᠳ ᠤᠨ ᠰᠠᠨᠠᠯ ᠰᠠᠨᠠᠭᠤᠯᠭ᠎ᠠ ᠪᠠᠨ ᠳᠤᠷᠠᠳᠬᠤ ᠶᠢ | ᠬᠦᠰᠡᠵᠦ ᠪᠠᠶᠢᠨ᠎ᠠ᠃ | 2023 ᠤᠨ ᠤ ᠠᠵᠢᠯ ᠤᠨ ᠡᠷᠭᠢᠴᠡᠭᠦᠯᠦᠯ | 2023 ᠣᠨ ᠳᠤ᠂ ᠮᠠᠨ ᠤ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ | ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠪᠣᠯᠣᠨ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠰᠠᠨᠠᠯ︾ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠪᠠᠶᠢᠴᠠᠭᠠᠬᠤ ᠬᠤᠷᠢᠶ᠎ᠠ | ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠤ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠴᠢᠩᠭ᠎ᠠ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠵᠠᠰᠠᠭ ᠤᠨ | ᠣᠷᠳᠣᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠢᠨ᠎ᠡ ᠶᠢ ᠡᠭᠦᠳᠬᠦ᠂ ᠪᠠᠬᠢᠵᠢᠭᠦᠯᠦᠨ | ᠭᠦᠨᠵᠡᠭᠡᠶᠢᠷᠡᠭᠦᠯᠬᠦ᠂ ᠲᠡᠭᠦᠯᠳᠡᠷᠵᠢᠭᠦᠯᠦᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠠᠤᠯᠢ ᠶᠢᠨ ᠬᠢᠨᠠᠯᠲᠠ ᠶᠢ | ᠴᠢᠩᠭᠠᠳᠬᠠᠬᠤ᠂ ᠬᠠᠤᠯᠢ ᠪᠠᠷ ᠵᠠᠰᠠᠬᠤ ᠶᠢ ᠪᠠᠳᠤᠯᠠᠬᠤ᠂ ᠲᠥᠪ ᠭᠤᠣᠯᠴᠢ ᠶᠢ ᠪᠠᠷᠢᠮᠲᠠᠯᠠᠬᠤ ᠪᠠᠷ ᠤᠳᠤᠷᠢᠳᠤᠮᠵᠢ | ᠪᠤᠯᠭᠠᠨ᠂ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠪᠠᠷ ᠵᠢᠯᠣᠭᠤᠳᠤᠮᠵᠢ ᠪᠤᠯᠭᠠᠵᠤ᠂ ︽ᠴᠢᠨᠠᠷ | ᠴᠢᠨᠰᠠᠭ᠎ᠠ ᠲᠠᠢ ᠦᠷ᠎ᠡ ᠪᠦᠳᠦᠮᠵᠢ ᠪᠠᠷ ᠬᠡᠷᠡᠭ ᠨᠢᠭᠡᠪᠦᠷᠢ ᠶᠢ ᠰᠠᠶᠢᠲᠤᠷ ᠰᠢᠢᠳᠪᠦᠷᠢᠯᠡᠬᠦ︾ ᠶᠢ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠠᠬᠢ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠦᠨᠳᠦᠰᠦᠨ | ᠦᠷᠳᠡᠭ ᠤᠨ ᠬᠥᠭᠡᠭᠡᠴᠡᠯᠳᠦᠯ ᠪᠤᠯᠭᠠᠨ᠂ ᠪᠠᠶᠢᠴᠠᠭᠠᠬᠤ ᠡᠭᠦᠷᠭᠡ ᠴᠢᠳᠠᠪᠤᠷᠢ ᠪᠠᠨ ᠪᠦᠬᠦ ᠲᠠᠯ᠎ᠠ ᠪᠠᠷ ᠭᠦᠢᠴᠡᠳᠬᠡᠵᠦ᠂ | ᠡᠯ᠎ᠡ ᠲᠦᠷᠦᠯ ᠤᠨ ᠠᠵᠢᠯ ᠳᠠᠭᠠᠨ ᠢᠯᠡᠷᠭᠡᠢ ᠦᠷ᠎ᠡ ᠪᠦᠲᠦᠮᠵᠢ ᠤᠯᠤᠭᠰᠠᠨ ᠪᠠᠶᠢᠨ᠎ᠠ᠃ | ᠨᠢᠭᠡ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢ ᠬᠠᠮᠠᠭᠠᠯᠠᠬᠤ ᠶᠠᠪᠤᠴᠠ ᠳᠤ ᠪᠠᠶᠢᠴᠠᠭᠠᠬᠤ ᠠᠵᠢᠯ ᠤᠨ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠪᠡ᠃ | ︵ᠨᠢᠭᠡ︶ ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠲᠠᠶᠢᠹᠤᠰᠧ ᠬᠤᠰᠢᠭᠤᠨ ᠤ | ᠪᠠᠶᠢᠭᠤᠯᠤᠯᠲᠠ ᠳᠤ ᠦᠢᠯᠡᠴᠢᠯᠡᠭᠰᠡᠨ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠲᠤᠤᠱᠯᠠᠭᠤᠯᠵᠤ᠂ ᠡᠯ᠎ᠡ ᠲᠦᠷᠦᠯ ᠤᠨ ᠡᠷᠡᠭᠦᠦ ᠶᠢᠨ ᠶᠠᠯᠠᠲᠤ ᠬᠡᠷᠡᠭ ᠢ ᠴᠢᠩᠭ᠎ᠠ ᠰᠢᠳᠭᠡᠪᠡ᠃ 2023 ᠣᠨ ᠳᠤ | ᠮᠠᠨ ᠤ ᠬᠤᠷᠢᠶ᠎ᠠ ᠨᠢ ᠡᠯ᠎ᠡ ᠲᠦᠷᠦᠯ ᠤᠨ ᠶᠠᠯ᠎ᠠ ᠬᠢᠭᠰᠡᠨ ᠰᠡᠵᠢᠭᠯᠡᠯᠲᠡᠢ ᠡᠳᠡᠭᠡᠳ ᠢᠶᠠᠷ 32 ᠬᠥᠮᠥᠨ ᠢ | ᠪᠠᠷᠢᠪᠴᠢᠯᠠᠬᠤ ᠶᠢ ᠵᠥᠪᠰᠢᠶᠡᠷᠡᠵᠦ᠂ ᠡᠨᠡ ᠨᠢ ᠠᠳᠠᠯᠢ ᠬᠤᠭᠤᠴᠠᠭᠠᠨ ᠤ ᠬᠢ ᠠᠴᠠ 100 % ᠪᠠᠷ ᠨᠡᠮᠡᠭᠳᠡᠨ᠂ | 154 ᠬᠥᠮᠥᠨ ᠢ ᠵᠠᠭᠠᠯᠳᠤᠬᠤ ᠪᠠᠷ ᠲᠤᠭᠳᠠᠭᠠᠵᠤ᠂ ᠡᠨᠡ ᠨᠢ ᠠᠳᠠᠯᠢ ᠬᠤᠭᠤᠴᠠᠭᠠᠨ ᠤ ᠬᠢ ᠠᠴᠠ 167% ᠪᠠᠷ | ᠨᠡᠮᠡᠭᠳᠡᠵᠡᠢ᠂ ᠡᠭᠦᠨ ᠤ ᠳᠣᠲᠣᠷ᠎ᠠ ᠬᠤᠣᠷᠲᠤ ᠡᠳ᠋ ᠳᠤ ᠬᠤᠯᠪᠤᠭᠳᠠᠭᠰᠠᠨ 3 ᠭᠡᠷᠡᠭᠳᠡᠨ᠂ ᠬᠤᠯᠪᠣᠭ᠎ᠠ | ᠰᠦᠯᠵᠢᠶᠡᠨ ᠤ ᠮᠡᠬᠡᠯᠡᠯ ᠳᠤ ᠬᠤᠯᠪᠤᠭᠳᠠᠭᠰᠠᠨ 43 ᠭᠡᠷᠡᠭᠳᠡᠨ ᠪᠤᠢ᠃ ᠪᠢᠷᠮᠠ ᠶᠢᠨ ᠬᠤᠶᠢᠲᠤ ᠬᠡᠰᠡᠭ ᠤᠨ | ᠮᠡᠬᠡᠯᠡᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠤᠷᠢᠳᠴᠢᠯᠠᠨ ᠣᠷᠣᠯᠴᠠᠵᠤ᠂ 9 ᠭᠡᠷᠡᠭᠳᠡᠨ ᠢ | ᠪᠠᠷᠢᠪᠴᠢᠯᠠᠬᠤ ᠶᠢ ᠵᠥᠪᠰᠢᠶᠡᠷᠡᠪᠡ᠃ ᠨᠠᠰᠤᠨ ᠳᠤ ᠦᠯᠤ ᠬᠥᠷᠦᠭᠰᠡᠳ ᠲᠤ ᠪᠡᠯᠭᠡ ᠶᠢᠨ ᠬᠠᠯᠳᠠᠯᠭ᠎ᠠ ᠬᠢᠭᠰᠡᠨ | ᠬᠡᠷᠡᠭ ᠲᠤ ᠬᠦᠨᠳᠦ ᠬᠠᠳᠠᠭᠤ ᠡᠷᠡᠭᠦᠦ ᠰᠢᠳᠬᠡᠯ ᠣᠨᠣᠭᠳᠠᠭᠤᠯᠵᠤ᠂ 2 ᠬᠥᠮᠥᠨ ᠳᠤ 10 ᠵᠢᠯ ᠠᠴᠠ ᠳᠡᠭᠡᠭᠰᠢ | ᠬᠤᠭᠤᠴᠠᠭ᠎ᠠ ᠲᠠᠢ ᠡᠷᠡᠭᠦᠦ ᠶᠢᠨ ᠰᠢᠳᠬᠡᠯ ᠤᠯᠭᠤᠵᠠᠢ᠃ ᠮᠦᠨ ᠵᠢᠯ ᠳᠤ 41.99 ᠲᠦᠮᠡᠨ ᠲᠥᠭᠦᠷᠢᠭ ᠤᠨ | ᠬᠠᠤᠯᠢ ᠪᠤᠰᠤ ᠠᠷᠭ᠎ᠠ ᠵᠠᠮ ᠢᠶᠠᠷ ᠤᠯᠤᠭᠰᠠᠨ ᠵᠤᠭᠤᠰ ᠮᠦᠩᠬᠦ ᠶᠢ ᠨᠡᠬᠡᠮᠵᠢᠯᠡᠨ ᠠᠪᠴᠢᠷᠠᠪᠠ᠃ ᠬᠡᠷᠡᠭ | ᠰᠢᠢᠳᠪᠦᠷᠢᠯᠡᠬᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠪᠥᠬᠦ ᠵᠢᠯ ᠤᠨ ᠬᠡᠷᠡᠭ ᠤᠨ | ᠬᠠᠷᠢᠴᠠᠯ 1᠄ 1.03 ᠪᠤᠯᠤᠭᠠᠳ᠂ ᠪᠥᠬᠦ ᠣᠷᠣᠨ ᠤ ᠡᠮᠦᠨ᠎ᠡ ᠡᠩᠨᠡᠭᠡᠨ ᠳᠤ ᠤᠷᠤᠭᠰᠠᠨ ᠪᠠᠶᠢᠨ᠎ᠠ᠃ | ︵ᠬᠤᠶᠠᠷ︶ ᠠᠵᠤ ᠠᠬᠤᠶᠢᠯᠠᠯ ᠳᠤ ᠠᠰᠢᠭ ᠬᠦᠷᠳᠡᠭᠡᠨ᠂ ᠠᠷᠠᠯᠵᠢᠶᠠᠴᠢᠳ ᠤᠨ ᠰᠡᠳᠬᠢᠯ ᠢ ᠠᠮᠤᠷᠵᠢᠭᠤᠯᠵᠤ ᠂ | ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠬᠦᠯᠦᠭᠰᠡᠨ᠃ ᠲᠠᠶᠢᠹᠤᠰᠧ ᠬᠤᠰᠢᠭᠤᠨ ᠤ ᠪᠠᠶᠢᠴᠠᠭᠠᠬᠤ | ᠪᠠᠶᠢᠭᠤᠯᠭ᠎ᠠ ᠶᠢᠨ ᠬᠢᠨ ︽ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ︾ ᠬᠡᠮᠡᠬᠦ ᠣᠶᠢᠯᠠᠭᠠᠭᠳᠠᠬᠤᠨ ᠢ ᠪᠠᠲᠤ ᠪᠠᠷᠢᠮᠳᠠᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠪᠠᠶᠢᠴᠠᠭᠠᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ︽ᠵᠠᠩᠭᠢᠯᠠᠭ᠎ᠠ ᠶᠢᠨ ᠠᠷᠭ᠎ᠠ︾ ᠪᠤᠯᠭᠠᠵᠤ ᠢᠷᠡᠵᠡᠢ᠃ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠵᠤᠬᠢᠴᠠᠭᠤᠯᠭ᠎ᠠ ᠶᠢᠨ ᠬᠤᠷᠠᠯ ᠢ 5 ᠵᠢᠯ ᠳᠠᠷᠠᠭᠠᠯᠠᠨ ᠬᠤᠷᠠᠯᠳᠤᠭᠤᠯᠵᠤ᠂ ᠲᠠᠶᠢᠹᠤᠰᠧ | ᠬᠤᠰᠢᠭᠤᠨ ᠤ ᠭᠠᠳᠠᠭᠰᠢ ᠬᠠᠨᠳᠤᠭᠰᠠᠨ ᠬᠡᠯᠪᠡᠷᠢ ᠲᠠᠢ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ | ᠦᠨᠳᠦᠰᠦᠨ ᠪᠠᠶᠢᠳᠠᠯ ᠢ ᠤᠶᠢᠯᠠᠭᠠᠨ᠂ ᠠᠵᠤ ᠠᠬᠤᠶᠢᠯᠠᠯ ᠤᠨ ᠡᠭᠦᠳᠡ ᠶᠢ ᠨᠢ ᠲᠤᠭᠰᠢᠨ ᠬᠡᠷᠡᠭᠴᠡᠭᠡ ᠶᠢ ᠨᠢ | ᠠᠰᠠᠭᠤᠵᠤ᠂ ᠠᠵᠤ ᠠᠬᠤᠶᠢᠯᠠᠯ ᠳᠤ ᠬᠠᠨᠳᠤᠭᠰᠠᠨ ᠦᠢᠯᠡᠴᠢᠯᠡᠭᠡ ᠶᠢ ᠰᠠᠶᠢᠲᠤᠷ ᠠᠳᠬᠤᠪᠠ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠲᠠᠢ ᠬᠠᠮᠳᠤᠷᠠᠨ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠲᠤ ᠬᠢᠨᠠᠯᠲᠠ ᠲᠠᠯᠪᠢᠵᠤ | ᠴᠠᠭ ᠲᠤᠬᠠᠢ ᠳᠤᠨᠢ ᠨᠡᠶᠢᠳᠡᠯᠡᠨ ᠮᠡᠳᠡᠭᠳᠡᠬᠦ ᠳᠦᠷᠢᠮ ᠢ ᠲᠤᠭᠳᠠᠭᠠᠭᠰᠠᠨ ᠪᠦᠭᠡᠳ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠵᠡᠷᠭᠡ ᠨᠠᠢᠮᠠᠨ ᠨᠢᠭᠡᠴᠡ ᠲᠠᠢ ᠬᠠᠮᠲᠤᠷᠠᠨ᠂ ᠲᠣᠭᠲᠠᠭᠠᠯ ᠳᠤ ᠨᠡᠶᠢᠴᠡᠭᠰᠡᠨ ᠭᠤᠷᠪᠠᠳᠠᠭᠢ ᠡᠲᠡᠭᠡᠳ ᠤᠨ ᠬᠢᠨᠠᠯᠲᠠ | ᠲᠠᠯᠪᠢᠵᠤ ᠦᠨᠡᠯᠡᠨ ᠵᠢᠱᠢᠬᠦ ᠬᠠᠮᠢᠶᠠᠷᠤᠯᠲᠠ ᠶᠢᠨ ᠵᠦᠪᠯᠡᠯ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠤᠭᠳᠠᠭᠰᠠᠨ | 2 ᠬᠡᠷᠡᠭ ᠢ ᠰᠢᠢᠳᠪᠦᠷᠢᠯᠡᠭᠡᠳ᠂ ᠰᠢᠢᠳᠪᠦᠷᠢᠯᠡᠬᠦ ᠪᠠ ᠵᠠᠰᠠᠬᠤ ᠶᠢ ᠠᠭᠤᠰᠤᠯᠴᠠᠭᠤᠯᠵᠤ᠂ ᠠᠵᠤ ᠠᠬᠤᠶᠢᠯᠠᠯ ᠢ | ᠬᠠᠪᠰᠤᠷᠤᠨ ᠠᠯᠳᠠᠭᠳᠠᠯ ᠢᠶᠠᠨ ᠨᠦᠬᠦᠪᠦᠷᠢᠯᠡᠬᠦ᠂ ᠲᠣᠭᠲᠠᠭᠠᠯ ᠳᠤ ᠨᠡᠶᠢᠴᠡᠬᠦ ᠶᠢ ᠠᠬᠢᠭᠤᠯᠤᠭᠰᠠᠨ ᠪᠠᠶᠢᠨ᠎ᠠ᠃ ︽ | ᠲᠠᠯ᠎ᠠ ᠨᠤᠲᠤᠭ︾ ᠠᠷᠢᠬᠢ ᠨᠡᠷᠡᠬᠦ ᠬᠢᠵᠠᠭᠠᠷᠲᠤ ᠺᠣᠮᠫᠠᠨᠢ ᠳᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ | ᠡᠷᠬᠡ ᠶᠢᠨ ᠬᠠᠷᠢᠯᠴᠠᠬᠤ ᠴᠡᠭ ᠪᠠᠶᠢᠭᠤᠯᠵᠤ᠂ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠶᠠᠯᠠᠲᠤ | ᠠᠵᠢᠯᠯᠠᠭ᠎ᠠ ᠶᠢᠨ ᠰᠦᠪᠡᠭᠴᠢ ᠶᠢ ᠬᠢᠨᠠᠯᠳᠠ ᠲᠠᠯᠪᠢᠵᠤ ᠰᠢᠯᠵᠢᠬᠦᠯᠦᠨ᠂ ᠮᠠᠨ ᠤ ᠬᠤᠰᠢᠭᠤᠨ ᠤ ᠭᠤᠣᠯᠳᠠᠯᠭ᠎ᠠ ᠲᠠᠢ | ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠠᠢ᠃ | ︵ᠭᠤᠷᠪᠠ︶ ᠪᠣᠬᠢᠷᠲᠤᠯ ᠦᠭᠡᠢ ᠬᠥᠭᠵᠢᠯᠲᠡ ᠶᠢ ᠪᠠᠳᠤᠯᠠᠬᠤ ᠳᠤ ᠢᠳᠡᠪᠬᠢᠳᠡᠢ ᠬᠠᠮᠵᠢᠯᠴᠠᠭᠰᠠᠨ᠃ | ᠪᠠᠶᠢᠴᠠᠭᠠᠬᠤ ᠪᠠᠶᠢᠭᠤᠯᠭ᠎ᠠ ᠶᠢᠨ ᠤᠯᠠᠨ ᠨᠡᠶᠢᠲᠡ ᠶᠢᠨ ᠠᠰᠢᠭ ᠲᠤᠰᠠ ᠶᠢᠨ ᠲᠥᠯᠥᠭᠡᠯᠡᠭᠴᠢ ᠪᠣᠯᠬᠤ ᠦᠢᠯᠡᠳᠦᠯ | ᠴᠢᠳᠠᠮᠵᠢ ᠶᠢ ᠪᠠᠳᠠᠷᠠᠭᠤᠯᠵᠤ᠂ ᠨᠡᠩ ᠥᠨᠳᠥᠷ ᠵᠣᠭᠰᠣᠴᠠ᠂ ᠨᠡᠩ ᠶᠡᠭᠡ ᠡᠷᠴᠢᠮ ᠢᠶᠠᠷ ᠠᠮᠢ ᠠᠬᠤᠢ ᠣᠷᠴᠢᠨ | ᠲᠤᠭᠤᠷᠢᠨ ᠤ ᠬᠠᠤᠯᠢ ᠶᠢᠨ ᠬᠠᠮᠠᠭᠠᠯᠠᠯᠲᠠ ᠶᠢ ᠴᠢᠩᠭᠠᠳᠬᠠᠨ᠂ ᠠᠮᠢ ᠠᠬᠤᠢ ᠣᠷᠴᠢᠨ ᠲᠤᠭᠤᠷᠢᠨ ᠤ ᠲᠦᠷᠦᠯ ᠤᠨ | ᠨᠡᠶᠢᠲᠡ ᠶᠢᠨ ᠠᠰᠠᠷᠠᠮᠵᠢ ᠶᠢᠨ ᠬᠡᠷᠡᠭ ᠢ 7 ᠬᠤᠪᠢ ᠰᠢᠢᠳᠪᠦᠷᠢᠯᠡᠵᠦ᠂ 6 ᠬᠤᠪᠢ ᠪᠠᠶᠢᠴᠠᠭᠠᠬᠤ ᠰᠠᠨᠠᠭᠤᠯᠭ᠎ᠠ | ᠭᠠᠷᠭᠠᠪᠠ᠃ ︽ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ | ᠶᠢ ᠦᠷᠨᠢᠬᠦᠯᠵᠦ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ᠂ ᠰᠣᠶᠣᠯ ᠲᠠᠮᠢᠷ ᠤᠨ | ᠲᠣᠪᠴᠢᠶ᠎ᠠ ᠪᠠ ᠬᠦᠨᠪᠤᠯᠠᠭ ᠰᠤᠮᠤ ᠲᠠᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠵᠢᠯᠴᠠᠭᠠᠨ ᠤ ᠨᠢᠭᠡᠳᠦᠯᠲᠡᠢ | ᠠᠵᠢᠯᠯᠠᠭ᠎ᠠ ᠶᠢ ᠠᠬᠢᠭᠤᠯᠬᠤ ᠬᠤᠷᠠᠯ ᠬᠢᠭᠰᠡᠨ ᠪᠦᠭᠡᠳ ᠬᠤᠰᠢᠭᠤ ᠤᠯᠠᠭᠠᠨᠮᠥ᠋ᠴᠢᠷ ᠲᠠᠢ ︽ᠨᠡᠶᠢᠲᠡ ᠶᠢᠨ | ᠠᠰᠠᠷᠠᠮᠵᠢ ᠶᠢᠨ ᠭᠡᠷᠡᠭ ᠤᠨ ᠤᠬᠠᠭᠤᠯᠭ᠎ᠠ ᠶᠢᠨ ᠬᠠᠮᠵᠢᠯᠴᠠᠭᠠᠨ ᠤ ᠲᠣᠭᠲᠠᠴᠠ︾ ᠳᠤ ᠭᠠᠷ ᠤᠨ ᠥᠰᠥᠭ ᠵᠢᠷᠤᠵᠤ᠂ | ᠠᠮᠢ ᠠᠬᠤᠢ ᠶᠢᠨ ᠬᠠᠮᠠᠭᠠᠯᠠᠯᠲᠠ᠂ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠯᠲᠠ ᠵᠡᠷᠭᠡ ᠠᠭᠤᠯᠭ᠎ᠠ ᠶᠢ ᠲᠣᠭᠯᠠᠯᠲᠠ | ᠶᠢᠨ ᠠᠭᠤᠯᠭ᠎ᠠ ᠳᠤ ᠤᠷᠤᠭᠤᠯᠤᠨ᠂ ᠨᠠᠩ ᠣᠯᠠᠨ ᠬᠦᠮᠦᠰ ᠢ ᠲᠠᠳᠠᠵᠤ ᠪᠠᠶᠢᠴᠠᠭᠠᠬᠤ ᠪᠠᠶᠢᠭᠤᠯᠭ᠎ᠠ ᠲᠠᠢ ᠬᠠᠮᠲᠤ ᠪᠠᠷ | ᠤᠯᠤᠰ ᠤᠨ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠠᠵᠢᠯ ᠳᠤ | ᠤᠷᠤᠯᠴᠠᠭᠤᠯᠤᠭᠰᠠᠨ ᠪᠠᠶᠢᠨ᠎ᠠ᠃ ᠰᠢᠯᠤᠭᠤᠨ ᠬᠥᠪᠡᠭᠡᠲᠦ ᠴᠠᠭᠠᠨ ᠬᠤᠰᠢᠭᠤ᠂ ᠾᠧᠪᠧᠢ ᠮᠤᠵᠢ ᠶᠢᠨ ᠺᠠᠩ ᠪᠦᠦ | ᠰᠢᠶᠠᠨ ᠤ ᠪᠠᠶᠢᠴᠠᠭᠠᠬᠤ ᠬᠤᠷᠢᠶ᠎ᠠ ᠲᠠᠢ ᠤᠢ ᠰᠢᠭᠤᠢ ᠨᠤᠳᠤᠭ ᠪᠡᠯᠴᠢᠭᠡᠷ ᠤᠨ ᠬᠠᠮᠠᠭᠠᠯᠠᠯᠲᠠ ᠶᠢᠨ ᠨᠡᠶᠢᠲᠡ ᠶᠢᠨ | ᠠᠰᠠᠷᠠᠮᠵᠢ ᠶᠢᠨ ᠭᠡᠷᠡᠭ ᠢ ᠪᠠᠶᠢᠴᠠᠭᠠᠬᠤ ᠣᠷᠣᠨ ᠪᠦᠰᠡ ᠠᠯᠤᠰᠯᠠᠭᠰᠠᠨ ᠬᠠᠮᠵᠢᠯᠴᠠᠭᠠᠨ ᠤ ᠲᠣᠭᠲᠠᠴᠠ ᠶᠢ | ᠪᠠᠶᠢᠭᠤᠯᠵᠤ᠂ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠣᠷᠣᠨ ᠪᠦᠰᠡ ᠶᠢᠨ ᠬᠠᠮᠲᠤᠷᠠᠯᠴᠠᠭᠠᠨ ᠤ ᠪᠠᠶᠢᠷᠢᠰᠢᠯ ᠢ | ᠪᠠᠶᠢᠭᠤᠯᠪᠠ᠃ ᠪᠠᠰᠠ ᠾᠧᠪᠧᠢ ᠮᠤᠵᠢ ᠶᠢᠨ ᠵᠠᠩ ᠪᠸᠢ ᠰᠢᠶᠠᠨ᠂ ᠺᠠᠩ ᠪᠦᠦ ᠰᠢᠶᠠᠨ᠂ ᠬᠦ᠋ ᠶᠤᠸᠠᠨ ᠰᠢᠶᠠᠨ ᠤ | ᠪᠠᠶᠢᠴᠠᠭᠠᠬᠤ ᠬᠤᠷᠢᠶ᠎ᠠ ᠲᠠᠢ ᠣᠷᠣᠨ ᠪᠦᠰᠡ ᠠᠯᠤᠰᠯᠠᠭᠰᠠᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ | ᠲᠦᠷᠪᠡᠨ ᠭᠠᠵᠠᠷ ᠤᠨ ᠠᠮᠢ ᠠᠬᠤᠢ ᠶᠢᠨ ᠡᠬᠢ ᠪᠠᠶᠠᠯᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠳᠠᠢ | ᠬᠠᠮᠠᠭᠠᠯᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠂ ᠥᠪᠥᠷ ᠮᠣᠩᠭᠤᠯ ᠾᠧᠪᠧᠢ ᠬᠤᠶᠠᠷ ᠮᠤᠵᠢ ᠤᠷᠤᠨ ᠤ | ᠠᠮᠢ ᠠᠬᠤᠢ ᠣᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠳᠤ ᠬᠠᠤᠯᠢ ᠴᠠᠭᠠᠵᠠ ᠶᠢᠨ ᠬᠦᠴᠦᠲᠡᠢ | ᠪᠠᠲᠤᠯᠠᠭ᠎ᠠ ᠬᠠᠩᠭᠠᠭᠰᠠᠨ ᠪᠠᠶᠢᠨ᠎ᠠ᠃ ᠬᠦᠨᠪᠤᠯᠠᠭ ᠰᠤᠮᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢ | ᠴᠢᠩᠭᠠᠳᠬᠠᠵᠤ᠂ ︽ᠨᠡᠶᠢᠲᠡ ᠶᠢᠨ ᠠᠰᠠᠷᠠᠮᠵᠢ ᠶᠢᠨ ᠰᠠᠬᠢᠨ ᠬᠠᠮᠠᠭᠠᠯᠠᠭᠴᠢ︾ ᠶᠢᠨ ᠬᠠᠮᠢᠶ᠎ᠠ ᠪᠦᠬᠦᠢ ᠳᠦᠷᠢᠮ ᠢ | ᠲᠡᠭᠦᠯᠳᠡᠷᠵᠢᠭᠦᠯᠦᠨ᠂ ᠬᠡᠷᠡᠭ ᠤᠨ ᠰᠦᠪᠡᠭᠴᠢ ᠶᠢᠨ ᠢᠷᠡᠯᠲᠡ ᠶᠢ ᠥᠷᠭᠡᠳᠬᠡᠵᠦ᠂ ᠨᠤᠲᠤᠭ ᠪᠡᠯᠴᠢᠭᠡᠷ ᠡᠪᠳᠡᠭᠰᠡᠨ | ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠬᠦᠯᠦᠨ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠳᠤ ᠬᠢᠨᠠᠯᠲᠠ ᠲᠠᠯᠪᠢᠵᠠᠢ᠃ ᠫᠤᠤᠲ᠋ᠠᠢ ᠶᠢᠩᠽᠢ ᠬᠤᠷᠳᠤᠨ ᠤ ᠵᠠᠮ ᠤᠨ | ᠦᠢᠯᠡᠴᠢᠯᠡᠭᠡᠨ ᠤ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠨᠢ ᠲᠠᠯ᠎ᠠ ᠨᠤᠲᠤᠭ ᠤᠨ ᠠᠮᠢ ᠠᠬᠤᠢ ᠶᠢ ᠡᠪᠳᠡᠵᠦ | ᠮᠡᠳᠡᠬᠦ ᠪᠠᠶᠢᠳᠠᠯ ᠳᠤ ᠴᠢᠭᠯᠡᠭᠦᠯᠦᠨ᠂ ᠬᠦᠨᠪᠤᠯᠠᠭ ᠰᠤᠮᠤ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠪᠠᠶᠢᠭᠤᠯᠭ᠎ᠠ ᠲᠠᠢ | ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠭ ᠨᠣᠪᠰᠢ ᠶᠢ ᠱᠠᠭᠠᠷᠳᠠᠨ ᠴᠡᠪᠡᠷᠯᠡᠬᠦᠯᠵᠦ᠂ ᠪᠣᠬᠢᠷᠲᠤᠯ ᠦᠭᠡᠢ ᠠᠮᠢ | ᠠᠬᠤᠢ ᠶᠢᠨ ᠬᠠᠯᠬᠠᠪᠴᠢ ᠶᠢ ᠬᠠᠮᠠᠭᠠᠯᠠᠪᠠ᠃ | ︵ᠳᠥᠷᠪᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤᠪᠠᠷ ᠪᠠᠶᠢᠭᠤᠯᠬᠤ ᠶᠢ ᠠᠬᠢᠭᠤᠯᠤᠭᠰᠠᠨ᠃ | ᠬᠦᠨᠪᠤᠯᠠᠭ ᠰᠤᠮᠤ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤᠪᠠᠷ ᠪᠠᠶᠢᠭᠤᠯᠬᠤ ᠶᠢ ᠠᠬᠢᠭᠤᠯᠬᠤ | ᠬᠤᠷᠠᠯ ᠬᠤᠷᠠᠯᠳᠤᠭᠤᠯᠵᠤ᠂ ︽ᠬᠠᠮᠲᠤᠪᠠᠷ ᠪᠠᠶᠢᠭᠤᠯᠬᠤ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ | ᠥᠰᠥᠭ ᠵᠢᠷᠤᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠪᠰᠤᠷᠤᠨ ᠲᠡᠳᠬᠦᠬᠦ ᠴᠡᠭ ᠢ | ᠬᠦᠨᠪᠤᠯᠠᠭ ᠰᠤᠮᠤᠨ ᠤ ᠰᠢᠨᠠᠪᠤᠯᠠᠭ ᠭᠠᠴᠠᠭ᠎ᠠ ᠳᠤ ᠲᠣᠬᠢᠷᠠᠭᠤᠯᠬᠤ ᠡᠷᠡᠮᠡᠯᠵᠡᠯ ᠲᠡᠪᠰᠢᠬᠦᠯᠵᠦ᠂ ᠬᠤᠣᠰ ᠬᠡᠯᠡᠨ ᠳᠤ | ᠨᠡᠪᠳᠡᠷᠡᠭᠰᠡᠨ ᠪᠠᠶᠢᠴᠠᠭᠠᠬᠤ ᠠᠵᠢᠯᠲᠠᠨ ᠢ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠪᠠᠷ ᠲᠤᠮᠢᠯᠠᠵᠠᠢ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠲᠤ ᠪᠠᠷ ᠪᠠᠶᠢᠭᠤᠯᠬᠤ ᠨᠢᠭᠡᠴᠡ ᠶᠢᠨ ᠦᠢᠯᠡᠳᠦᠯ ᠢ ᠰᠠᠶᠢᠲᠤᠷ | ᠪᠠᠳᠠᠷᠠᠭᠤᠯᠤᠨ᠂ ᠰᠢᠨᠠᠪᠤᠯᠠᠭ ᠭᠠᠴᠠᠭ᠎ᠠ ᠳᠤ ᠺᠣᠮᠫᠢᠦ᠋ᠲ᠋ᠧᠷ ᠪᠠ ᠰᠢᠷᠡᠭᠡ ᠰᠠᠨᠳᠠᠯᠢ ᠬᠠᠩᠭᠠᠵᠤ᠂ ᠮᠠᠯᠴᠢᠳ ᠤᠨ | ᠲᠡᠵᠢᠭᠡᠯ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠭᠰᠡᠨ | ᠪᠠᠶᠢᠨ᠎ᠠ᠃ ᠪᠠᠶᠢᠴᠠᠭᠠᠬᠤ ᠬᠤᠷᠢᠶᠠᠨ ᠤ ᠳᠠᠷᠤᠭ᠎ᠠ ᠬᠦᠨᠪᠤᠯᠠᠭ ᠰᠤᠮᠤᠨ ᠤ ᠡᠮᠦᠨ᠎ᠡ ᠸᠠᠶᠤᠤ ᠭᠠᠴᠠᠭ᠎ᠠ ᠳᠤ | ᠬᠦᠨᠵᠡᠬᠡᠶᠢᠷᠡᠵᠦ᠂ ᠶᠠᠳᠠᠭᠤ ᠶᠢ ᠲᠡᠳᠬᠦᠬᠦ ᠬᠤᠨᠢᠨ ᠤ ᠬᠠᠮᠢᠶᠠᠳᠠᠢ ᠵᠠᠬᠢᠳᠠᠯ ᠰᠣᠷᠪᠤᠯᠵᠢᠯᠠᠭ᠎ᠠ ᠶᠢᠨ ᠭᠡᠷᠡᠭ ᠤᠨ ᠠᠬᠤᠢ | ᠲᠠᠯᠠᠪᠠᠢ ᠳᠤ ᠠᠵᠢᠯᠯᠠᠨ᠂ ᠵᠥᠷᠢᠴᠡᠯ ᠵᠢᠭᠤᠷᠠᠭᠠᠨ ᠢ ᠨᠠᠮᠳᠠᠭᠤᠯᠵᠤ᠂ ᠮᠠᠯᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠪᠠ᠃ ᠬᠦᠨᠪᠤᠯᠠᠭ ᠰᠤᠮᠤᠨ ᠳᠤ ᠵᠠᠮ ᠤᠨ ᠫᠠᠶᠢᠰᠠ ᠢᠯᠡᠷᠭᠡᠶᠢᠯᠡᠯ᠂ ᠠᠮᠢ ᠠᠬᠤᠢ ᠶᠢᠨ | ᠬᠠᠮᠠᠭᠠᠯᠠᠯᠲᠠ ᠶᠢᠨ ᠫᠠᠶᠢᠰᠠ ᠢᠯᠡᠷᠭᠡᠶᠢᠯᠡᠯ ᠵᠢᠴᠢ ᠲᠥᠷᠥᠯ ᠬᠤᠪᠢᠶᠠᠭᠰᠠᠨ ᠬᠤᠭ ᠤᠨ ᠰᠠᠪᠠ ᠵᠡᠷᠭᠡ ᠶᠢ | ᠪᠠᠶᠢᠷᠢᠯᠠᠭᠤᠯᠵᠤ᠂ ᠣᠯᠠᠨ ᠲᠦᠮᠡᠨ ᠢ ᠵᠣᠬᠢᠶᠠᠨ ᠪᠠᠶᠢᠭᠤᠯᠵᠤ ᠴᠡᠪᠡᠷᠯᠡᠭᠡ ᠠᠵᠢᠯ ᠠᠵᠢᠯ ᠳᠤ ᠤᠷᠤᠯᠴᠠᠭᠤᠯᠤᠨ᠂ | ᠮᠠᠯᠴᠢᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠲᠡᠭᠡᠭᠰᠢᠯᠡᠬᠦᠯᠪᠡ᠃ | ᠬᠤᠶᠠᠷ᠂ ᠤᠭ ᠰᠠᠨᠠᠭ᠎ᠠ ᠪᠠᠨ ᠪᠠᠲᠤ ᠰᠠᠬᠢᠵᠤ᠂ ᠠᠷᠠᠳ ᠤᠨ ᠲᠥᠯᠥᠭᠡ ᠬᠠᠤᠯᠢ ᠭᠡᠷᠡᠭᠵᠢᠬᠦᠯᠬᠦ ᠶᠢ ᠪᠠᠷᠢᠮᠳᠠᠯᠠᠨ | ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠠᠪᠤᠴᠠ ᠳᠤ ᠪᠠᠶᠢᠴᠠᠭᠠᠬᠤ ᠠᠵᠢᠯ ᠤᠨ ᠬᠠᠯᠠᠭᠤᠨ ᠳᠤᠯᠠᠭᠠᠨ ᠢ | ᠢᠯᠡᠷᠡᠭᠦᠯᠪᠡ ᠃ | ︵ᠨᠢᠭᠡ︶ ᠨᠡᠶᠢᠭᠡᠮ ᠤᠨ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠤᠷᠤᠯᠴᠠᠭᠰᠠᠨ᠃ ᠶᠠᠯᠠᠯᠠᠬᠤ ᠪᠠ | ᠵᠠᠰᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠪᠠᠶᠢᠴᠠᠭᠠᠬᠤ ᠠᠵᠢᠯ ᠤᠨ ᠵᠠᠰᠠᠯᠲᠠ︾ ᠪᠠᠷ ︽ | ᠨᠡᠶᠢᠭᠡᠮ ᠤᠨ ᠵᠠᠰᠠᠯᠲᠠ︾ ᠳᠤ ᠬᠦᠴᠦᠨ ᠨᠡᠮᠡᠷᠢᠯᠡᠵᠦ᠂ ᠨᠡᠶᠢᠭᠡᠮ ᠤᠨ ᠵᠠᠰᠠᠯᠲᠠ ᠶᠢᠨ ᠲᠤᠬᠠᠢ ᠪᠠᠶᠢᠴᠠᠭᠠᠬᠤ | ᠰᠠᠨᠠᠭᠤᠯᠭ᠎ᠠ ᠶᠢ 3 ᠬᠤᠪᠢ ᠭᠠᠷᠭᠠᠭᠰᠠᠨ ᠪᠠᠶᠢᠨ᠎ᠠ᠃ ᠨᠠᠰᠤᠨ ᠳᠤ ᠥᠯᠥ ᠭᠦᠷᠦᠭᠰᠡᠳ ᠲᠤ ᠬᠠᠯᠳᠠᠭᠰᠠᠨ | ᠡᠷᠡᠭᠦᠦ ᠶᠢᠨ ᠬᠡᠷᠡᠭ ᠢ ᠰᠢᠢᠳᠪᠦᠷᠢᠯᠡᠬᠦ ᠶᠠᠪᠤᠴᠠ ᠳᠠᠭᠠᠨ ᠤᠨᠴᠠ ᠵᠠᠷᠢᠮ ᠵᠣᠴᠢᠳ ᠤᠨ ᠪᠠᠭᠤᠳᠠᠯ ᠳᠤ ᠲᠦᠷᠢᠮ | ᠲᠣᠭᠲᠠᠭᠠᠯ ᠵᠥᠷᠢᠴᠡᠨ ᠨᠠᠰᠤᠨ ᠳᠤ ᠥᠯᠥ ᠭᠦᠷᠦᠭᠰᠡᠳ ᠢ ᠭᠥᠯᠢᠶᠡᠨ ᠠᠪᠤᠭᠰᠠᠨ ᠠᠰᠠᠭᠤᠳᠠᠯ ᠣᠷᠣᠰᠢᠵᠤ ᠪᠠᠶᠢᠭ᠎ᠠ | ᠶᠢ ᠢᠯᠡᠷᠡᠬᠦᠯᠵᠦ ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠪᠠᠶᠢᠴᠠᠭᠠᠬᠤ ᠰᠠᠨᠠᠭᠤᠯᠭ᠎ᠠ | ᠭᠠᠷᠭᠠᠵᠠᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠠᠨᠠᠭᠤᠯᠭ᠎ᠠ ᠶᠢ ᠢᠳᠡᠪᠬᠢᠲᠡᠢ ᠪᠠᠷ | ᠨᠠᠶᠢᠳᠠᠪᠤᠷᠢᠵᠢᠭᠤᠯᠵᠤ᠂ ᠲᠤᠰᠬᠠᠢ ᠪᠢᠴᠢᠭ ᠮᠠᠲ᠋ᠧᠷᠢᠶᠠᠯ ᠪᠠᠭᠤᠯᠭᠠᠨ ᠭᠤᠷᠪᠠᠨ ᠰᠠᠷ᠎ᠠ ᠶᠢᠨ ᠬᠤᠭᠤᠴᠠᠭ᠎ᠠ ᠲᠠᠢ | ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠶᠢ ᠦᠷᠨᠢᠬᠦᠯᠬᠦ ᠳᠤ ᠮᠠᠨ ᠤ ᠬᠤᠷᠢᠶ᠎ᠠ ᠨᠢ ᠪᠠᠶᠢᠴᠠᠭᠠᠬᠤ ᠠᠵᠢᠯᠲᠠᠨ ᠢᠶᠠᠨ | ᠵᠣᠬᠢᠶᠠᠨ ᠪᠠᠶᠢᠭᠤᠯᠵᠤ ᠰᠤᠭᠤᠴᠢᠨ ᠪᠠᠶᠢᠴᠠᠭᠠᠵᠤ ᠬᠢᠨᠠᠯᠳᠠ ᠲᠠᠯᠪᠢᠭᠠᠳ᠂ ᠮᠡᠳᠡᠭᠳᠡᠮ᠎ᠡ ᠦᠷ᠎ᠡ ᠪᠦᠲᠦᠮᠵᠢ | ᠤᠯᠤᠭᠰᠠᠨ ᠪᠠᠶᠢᠨ᠎ᠠ᠃ | ︵ᠬᠤᠶᠠᠷ︶ ᠵᠥᠷᠢᠴᠡᠯ ᠵᠢᠭᠤᠷᠠᠭᠠᠨ ᠢ ᠦᠨᠡᠨ ᠰᠡᠳᠬᠢᠯ ᠢᠶᠠᠷ ᠴᠢᠷᠮᠠᠶᠢᠵᠤ ᠰᠢᠢᠳᠪᠦᠷᠢᠯᠡᠭᠰᠡᠨ᠃ ︽ᠣᠯᠠᠨ | ᠲᠦᠮᠡᠨ ᠤ ᠵᠠᠬᠢᠳᠠᠯ ᠰᠤᠷᠪᠤᠯᠵᠢᠯᠠᠭ᠎ᠠ ᠳᠤ ᠬᠠᠷᠢᠭᠤ ᠥᠭᠬᠦ︾ ᠶᠢ ᠪᠠᠶᠢᠩᠭᠤ ᠶᠢᠨ ᠴᠢᠨᠠᠷᠳᠠᠢ ᠪᠣᠳᠠᠲᠠᠢ ᠪᠠᠷ ᠠᠳᠬᠤᠵᠤ | ᠂ ᠨᠡᠶᠢᠭᠡᠮ ᠤᠨ ᠵᠥᠷᠢᠴᠡᠯ ᠢ ᠠᠷᠢᠯᠭᠠᠬᠤ ᠠᠷᠭ᠎ᠠ ᠵᠠᠮ ᠢ ᠰᠠᠭᠠᠳ ᠦᠭᠡᠢ ᠨᠡᠪᠳᠡᠷᠡᠬᠦᠯᠦᠨ᠂ ᠲᠤᠯᠤᠭᠠᠨ ᠡᠳᠦᠷ ᠤᠨ | ᠲᠤᠳᠤᠷᠠᠬᠢ ᠵᠢᠷᠤᠮᠵᠢᠯ ᠤᠨ ᠴᠢᠨᠠᠷᠲᠠᠢ ᠬᠠᠷᠢᠭᠤᠯᠲᠠ ᠶᠢ 100 % ᠳᠤ ᠬᠦᠷᠭᠡᠵᠦ᠂ ᠭᠤᠷᠪᠠᠨ ᠰᠠᠷ᠎ᠠ ᠶᠢᠨ | ᠳᠣᠲᠣᠷ᠎ᠠ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠶᠢ 100 % ᠳᠤ ᠬᠦᠷᠭᠡᠪᠡ᠃ ᠪᠠᠶᠢᠴᠠᠭᠠᠬᠤ ᠠᠵᠢᠯ ᠤᠨ | ᠭᠡᠷᠡᠴᠢᠯᠡᠭᠡ ᠰᠣᠨᠣᠰᠬᠤ ᠶᠢ ᠵᠥᠷᠢᠴᠡᠯ ᠵᠢᠭᠤᠷᠠᠭᠠᠨ ᠢ ᠨᠠᠮᠳᠠᠭᠤᠯᠬᠤ ᠶᠢᠨ ︽ᠲᠦᠷᠭᠡᠳᠬᠡᠭᠦᠷ︾ ᠪᠤᠯᠭᠠᠵᠤ᠂ 16 | ᠬᠤᠪᠢ ᠭᠡᠷᠡᠭ ᠲᠤ ᠪᠠᠶᠢᠴᠠᠭᠠᠬᠤ ᠠᠵᠢᠯ ᠤᠨ ᠭᠡᠷᠡᠴᠢᠯᠡᠭᠡ ᠰᠤᠨᠤᠰᠬᠤ ᠶᠢ ᠭᠡᠷᠡᠭᠵᠢᠬᠦᠯᠦᠨ᠂ ᠵᠥᠷᠢᠴᠡᠯ | ᠵᠢᠭᠤᠷᠠᠭᠠᠨ ᠢ ᠦᠨᠡᠨ ᠪᠣᠳᠠᠲᠠᠢ ᠪᠠᠷ ᠨᠠᠮᠳᠠᠭᠤᠯᠬᠤ ᠶᠢ ᠠᠬᠢᠭᠤᠯᠵᠠᠢ᠃ ︽ᠪᠠᠶᠢᠴᠠᠭᠠᠬᠤ +︾ ᠪᠠᠭᠤᠷᠠᠶᠢᠴᠤᠤᠯ ᠤᠨ | ᠡᠷᠬᠡ ᠠᠰᠢᠭ ᠢ ᠬᠠᠮᠠᠭᠠᠯᠠᠬᠤ ᠲᠠᠪᠴᠠᠩ ᠳᠤ ᠲᠦᠰᠢᠭᠯᠡᠨ᠂ ᠪᠠᠭᠤᠷᠠᠶᠢᠴᠤᠤᠯ ᠤᠨ ᠡᠷᠬᠡ ᠠᠰᠢᠭ ᠢ | ᠭᠤᠣᠯᠳᠠᠯᠭ᠎ᠠ ᠲᠠᠢ ᠬᠠᠮᠠᠭᠠᠯᠠᠵᠤ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠬᠠᠤᠯᠢ ᠴᠠᠭᠠᠵᠠ ᠶᠢᠨ ᠲᠣᠪᠴᠢᠶ᠎ᠠ ᠵᠡᠷᠭᠡ 10 ᠨᠢᠭᠡᠴᠡ ᠲᠠᠢ ︽︿ᠪᠠᠶᠢᠴᠠᠭᠠᠬᠤ +﹀ ᠪᠠᠭᠤᠷᠠᠶᠢᠴᠤᠤᠯ ᠤᠨ ᠡᠷᠬᠡ | ᠠᠰᠢᠭ ᠢ ᠬᠠᠮᠠᠭᠠᠯᠠᠬᠤ ᠦᠢᠯᠡᠴᠢᠯᠡᠭᠡ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ | ︾ ᠢ ᠲᠣᠭᠲᠠᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ᠂ ᠵᠠᠰᠠᠭ ᠵᠠᠬᠢᠷᠭᠠᠨ ᠤ ᠪᠠ ᠣᠯᠠᠨ ᠲᠦᠮᠡᠨᠴᠢ | ᠪᠦᠯᠬᠦᠮ ᠤᠨ ᠡᠬᠢ ᠪᠠᠶᠠᠯᠢᠭ ᠢ ᠤᠯᠠᠮ ᠨᠡᠶᠢᠳᠭᠡᠨ᠂ ᠪᠠᠭᠤᠷᠠᠶᠢᠴᠤᠤᠯ ᠤᠨ ᠬᠠᠤᠯᠢ ᠶᠣᠰᠣᠨ ᠤ ᠡᠷᠬᠡ ᠠᠰᠢᠭ ᠤᠨ | ᠬᠠᠮᠠᠭᠠᠯᠠᠯᠲᠠ ᠶᠢᠨ ᠲᠣᠣᠷ ᠢ ᠪᠠᠶᠢᠭᠤᠯᠤᠭᠰᠠᠨ ᠪᠠᠶᠢᠨ᠎ᠠ᠃ ︽ᠪᠠᠭᠤᠷᠠᠶᠢᠴᠤᠤᠯ︾ ᠳᠤ ᠬᠤᠯᠪᠣᠭᠳᠠᠭᠰᠠᠨ 12 | ᠬᠡᠷᠡᠭ 12 ᠬᠥᠮᠥᠨ ᠢ ᠭᠥᠯᠢᠶᠡᠨ ᠠᠪᠴᠤ ᠰᠢᠢᠳᠪᠦᠷᠢᠯᠡᠵᠦ᠂ ᠡᠭᠦᠨ ᠤ ᠳᠣᠲᠣᠷ᠎ᠠ ᠨᠠᠰᠤᠨ ᠳᠤ ᠦᠯᠤ ᠬᠥᠷᠦᠭᠰᠡᠳ | 3 ᠂ ᠡᠮᠡᠭᠲᠡᠢ ᠬᠦᠮᠦᠨ 4 ᠂ ᠵᠡᠮᠳᠡᠭ ᠬᠥᠮᠥᠨ 5 ᠪᠤᠢ᠃ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠡᠷᠴᠢᠮ ᠢ | ᠴᠢᠩᠭᠠᠷᠠᠭᠤᠯᠤᠨ᠂ ᠡᠷᠡᠭᠦᠦ ᠶᠢᠨ ᠬᠡᠷᠡᠭ ᠤᠨ ᠬᠤᠣᠷᠯᠠᠭᠳᠠᠭᠴᠢ ᠶᠢ ᠠᠪᠤᠷᠠᠨ ᠲᠤᠰᠠᠯᠠᠭᠰᠠᠨ ᠨᠢ 11 ᠤᠳᠠᠭ᠎ᠠ ᠳᠤ | ᠬᠦᠷᠴᠦ᠂ ᠢᠷᠭᠡᠨ ᠤ ᠬᠡᠷᠡᠭ ᠠᠴᠠ ᠰᠢᠯᠳᠠᠭᠠᠯᠠᠵᠤ ᠵᠡᠮᠳᠡᠭ ᠪᠤᠯᠤᠭᠰᠠᠳ ᠲᠤ ᠬᠠᠤᠯᠢ ᠴᠠᠭᠠᠵᠠ ᠶᠢᠨ ᠲᠤᠰᠠᠯᠠᠮᠵᠢ | ᠦᠵᠡᠬᠦᠯᠦᠭᠰᠡᠨ ᠨᠢ 1 ᠤᠳᠠᠭ᠎ᠠ ᠪᠠᠶᠢᠵᠤ᠂ ᠡᠨᠡ ᠨᠢ ᠲᠠᠶᠢᠹᠤᠰᠧ ᠬᠤᠰᠢᠭᠤᠨ ᠤ ᠢᠷᠭᠡᠨ ᠤ ᠬᠡᠷᠡᠭ ᠤᠨ ᠬᠠᠤᠯᠢ | ᠴᠠᠭᠠᠵᠠ ᠶᠢᠨ ᠠᠪᠤᠷᠠᠨ ᠲᠤᠰᠠᠯᠠᠯᠲᠠ ᠦᠵᠡᠬᠦᠯᠦᠭᠰᠡᠨ ᠠᠩᠬᠠᠳᠤᠭᠴᠢ ᠬᠡᠷᠡᠭ ᠪᠤᠯᠵᠤ᠂ ᠨᠡᠶᠢᠳᠡ 28 ᠲᠦᠮᠡᠨ | ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠶᠢ ᠲᠠᠷᠬᠠᠭᠠᠭᠰᠠᠨ ᠪᠠᠶᠢᠨ᠎ᠠ᠃ 2023 ᠣᠨ ᠳᠤ ᠬᠤᠶᠠᠷ ᠬᠦᠮᠦᠨ ᠤ | ᠠᠰᠠᠷᠠᠨ ᠲᠡᠵᠢᠭᠡᠬᠦ ᠵᠠᠷᠤᠳᠠᠯ ᠠᠪᠬᠤ ᠭᠤᠶᠤᠴᠢᠯᠠᠯ ᠤᠨ ᠵᠠᠭᠠᠯᠳᠤᠯᠭ᠎ᠠ ᠶᠢ ᠬᠦᠯᠢᠶᠡᠨ ᠠᠪᠴᠤ᠂ ᠵᠠᠭᠠᠯᠳᠤᠯᠭ᠎ᠠ ᠶᠢ | ᠳᠡᠮᠵᠢᠬᠦ ᠰᠠᠨᠠᠯ ᠢ ᠬᠠᠤᠯᠢ ᠶᠣᠰᠣᠭᠠᠷ ᠲᠤᠷᠠᠳᠤᠨ᠂ ᠪᠠᠭᠤᠷᠠᠶᠢᠴᠤᠤᠯ ᠤᠨ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠶ ᠪᠠᠷ ᠬᠠᠮᠠᠭᠠᠯᠠᠭᠰᠠᠨ ᠪᠠᠶᠢᠨ᠎ᠠ᠃ | ︵ᠭᠤᠷᠪᠠ︶ ᠨᠠᠰᠤᠨ ᠳᠤ ᠥᠯᠥ ᠭᠦᠷᠦᠭᠰᠡᠳ ᠤᠨ ᠦᠰᠦᠯᠳᠡ ᠪᠤᠶᠢᠵᠢᠯᠲᠠ ᠶᠢ ᠰᠡᠳᠬᠢᠯ ᠲᠠᠯᠪᠢᠵᠤ | ᠬᠠᠯᠠᠮᠵᠢᠯᠠᠭᠰᠠᠨ᠃ ᠶᠠᠯᠠᠳᠤ ᠭᠡᠷᠡᠭ ᠲᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠢ ᠬᠠᠪᠰᠤᠷᠤᠨ | ᠰᠤᠷᠭᠠᠬᠤ ᠪᠠ ᠨᠠᠰᠤᠨ ᠳᠤ ᠦᠯᠦ ᠬᠦᠷᠦᠭᠰᠡᠨ ᠬᠤᠣᠷᠯᠠᠭᠳᠠᠭᠴᠢ ᠶᠢ ᠠᠪᠤᠷᠠᠨ ᠲᠤᠰᠠᠯᠠᠬᠤ ᠠᠵᠢᠯ ᠢ ᠰᠠᠶᠢᠲᠤᠷ | ᠠᠳᠬᠤᠨ᠂ ᠰᠤᠷᠭᠠᠨ ᠬᠥᠮᠦᠵᠢᠯ ᠤᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ︽ ᠬᠦᠴᠢᠷᠳᠡᠯ | ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠢ ᠬᠠᠪᠰᠤᠷᠤᠨ ᠲᠡᠳᠬᠦᠬᠦ ᠲᠤᠰᠬᠠᠢ ᠰᠠᠭᠤᠷᠢ ᠮᠥᠩᠭᠦ ᠶᠢᠨ | ᠬᠠᠮᠢᠶᠠᠷᠤᠯᠲᠠ ᠶᠢᠨ ᠠᠷᠭ᠎ᠠ︾ ᠳᠤ ᠭᠠᠷ ᠤᠨ ᠥᠰᠥᠭ ᠵᠢᠷᠤᠵᠠᠢ᠃ ᠲᠣᠰ ᠰᠠᠭᠤᠷᠢ ᠮᠥᠩᠭᠦ ᠶᠢ ᠪᠣᠯ ᠪᠥᠬᠦ | ᠠᠶᠢᠮᠠᠭ ᠤᠨ ᠠᠩᠬᠠᠳᠠᠭᠴᠢ ᠨᠠᠰᠤᠨ ᠳᠤ ᠥᠯᠥ ᠭᠦᠷᠦᠭᠰᠡᠳ ᠤᠨ ᠣᠨᠴᠠᠭᠠᠶ ᠬᠠᠮᠲᠤᠯᠢᠭ ᠲᠤ ᠬᠠᠨᠳᠤᠭᠤᠯᠵᠤ᠂ | ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠬᠢᠬᠦ ᠶᠢᠨ | ᠲᠦᠯᠦᠭᠡ ᠪᠠᠶᠢᠭᠤᠯᠵᠤ᠂ ᠨᠡᠶᠢᠲᠡ 6.3 ᠲᠦᠮᠡᠨ ᠲᠥᠭᠦᠷᠢᠭ ᠤᠨ ᠬᠠᠨᠳᠢᠪ ᠴᠤᠭᠯᠠᠭᠤᠯᠤᠭᠠᠳ᠂ 4 ᠲᠦᠮᠡ | ᠭᠠᠷᠤᠢ ᠲᠥᠭᠦᠷᠢᠭ ᠢ ᠨᠢ ᠪᠥᠬᠦ ᠬᠤᠰᠢᠭᠤᠨ ᠤ 12 ᠳᠤᠮᠳᠠᠳᠤ ᠪᠠᠭ᠎ᠠ ᠰᠤᠷᠭᠠᠭᠤᠯᠢ ᠳᠤ ᠬᠠᠤᠯᠢ ᠪᠠᠷ ᠵᠠᠰᠠᠬᠤ | ᠤᠩᠰᠢᠯᠭ᠎ᠠ ᠶᠢᠨ ᠪᠤᠯᠤᠩ ᠭᠠᠷᠭᠠᠬᠤ ᠳᠤ ᠭᠡᠷᠡᠭᠯᠡᠭᠰᠡᠨ ᠪᠠᠶᠢᠨ᠎ᠠ᠃ ᠪᠠᠰᠠ ᠰᠤᠷᠭᠠᠨ ᠬᠥᠮᠦᠵᠢᠯ ᠤᠨ | ᠲᠣᠪᠴᠢᠶ᠎ᠠ ᠲᠠᠢ ᠬᠠᠮᠲᠤᠷᠠᠨ ︽ᠰᠢᠨ᠎ᠡ ᠴᠠᠭ ᠦᠶ᠎ᠡ ᠶᠢᠨ ᠨᠠᠰᠤᠨ ᠳᠤ ᠥᠯᠥ ᠬᠦᠷᠦᠭᠰᠡᠳ ᠤᠨ ᠬᠠᠤᠯᠢ | ᠴᠠᠭᠠᠵᠠ ᠶᠢᠨ ᠬᠠᠮᠠᠭᠠᠯᠠᠯᠲᠠ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠤᠯᠠᠮ ᠴᠢᠩᠭᠠᠳᠬᠠᠬᠤ ᠲᠤᠬᠠᠢ | ᠰᠠᠨᠠᠯ︾ ᠢ ᠲᠣᠭᠲᠠᠭᠠᠵᠤ᠂ ᠬᠦᠴᠢᠷᠳᠡᠯ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ | ᠬᠠᠶᠢᠷᠠᠯᠠᠬᠤ ᠪᠠ ᠬᠠᠪᠰᠤᠷᠤᠨ ᠲᠡᠳᠬᠦᠬᠦ᠂ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ | ᠮᠡᠨᠳᠦ ᠶᠢᠨ ᠬᠥᠮᠦᠵᠢᠯ᠂ ᠠᠰᠠᠭᠤᠳᠠᠯ ᠲᠠᠢ ᠨᠠᠰᠤᠨ ᠳᠤ ᠥᠯᠥ ᠭᠦᠷᠦᠭᠰᠡᠳ ᠢ ᠢᠳᠡᠪᠬᠢᠲᠡᠢ ᠰᠤᠷᠭᠠᠨ ᠬᠦᠮᠦᠵᠢᠬᠦᠯᠬᠦ᠂ | ᠭᠡᠷ ᠪᠦᠯᠢ ᠪᠠ ᠨᠡᠶᠢᠭᠡᠮ ᠤᠨ ᠬᠥᠮᠦᠵᠢᠯ ᠢ ᠦᠷᠭᠡᠳᠭᠡᠬᠦ᠂ ᠰᠤᠷᠭᠠᠭᠤᠯᠢ ᠶᠢᠨ ᠬᠦᠷᠢᠶᠡᠨ ᠤ ᠬᠦᠨᠳᠦ ᠨᠣᠴᠢᠲᠠᠢ | ᠬᠡᠷᠡᠭ ᠢ ᠤᠷᠢᠳᠴᠢᠯᠠᠨ ᠰᠡᠷᠭᠡᠶᠢᠯᠡᠬᠦ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ | ᠰᠡᠷᠭᠡᠶᠢᠯᠡᠬᠦ ᠪᠠ ᠬᠠᠮᠠᠭᠠᠯᠠᠬᠤ ᠵᠢᠷᠭᠤᠭᠠᠨ ᠶᠡᠭᠡ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠂ ︽ | ᠪᠠᠶᠢᠴᠠᠭᠠᠬᠤ ᠠᠵᠢᠯ ᠪᠠ ᠰᠤᠷᠭᠠᠨ ᠬᠦᠮᠦᠵᠢᠬᠦᠯᠬᠦ ᠠᠵᠢᠯ ᠢ ᠵᠡᠷᠭᠡᠪᠡᠷ ᠶᠠᠪᠤᠭᠳᠠᠭᠤᠯᠵᠤ᠂ ᠢᠷᠡᠭᠡᠳᠦᠢ ᠶᠢᠨ ᠬᠦᠰᠡᠯ | ᠵᠡᠭᠦᠳᠦ ᠶᠢ ᠲᠡᠷᠭᠡᠯᠰᠢᠭᠦᠯᠬᠦ︾ ᠰᠢᠰᠲ᠋ᠧᠮᠲᠦ ᠢᠨᠵᠧᠨᠧᠷᠢᠩ ᠢ ᠬᠠᠮᠳᠤᠪᠠᠷ ᠪᠠᠶᠢᠭᠤᠯᠪᠠ᠃ ᠨᠠᠰᠤᠨ ᠳᠤ ᠥᠯᠥ | ᠭᠦᠷᠦᠭᠰᠡᠳ ᠤᠨ ᠪᠡᠯᠭᠡ ᠶᠢᠨ ᠬᠠᠯᠳᠠᠯᠭ᠎ᠠ ᠶᠢᠨ ᠬᠡᠷᠡᠭ ᠲᠤ ᠴᠢᠭᠯᠡᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠲᠠᠢ ︽ ᠬᠠᠤᠯᠢ ᠭᠡᠷᠡᠭᠵᠢᠬᠦᠯᠦᠯᠳᠡ ᠶᠢ ᠵᠣᠯᠭᠠᠭᠤᠯᠬᠤ ᠠᠵᠢᠯ ᠤᠨ ᠬᠡᠷᠡᠭᠵᠢᠭᠦᠯᠬᠦ ᠳᠦᠷᠢᠮ ︵ᠲᠤᠷᠰᠢᠨ | ᠬᠡᠷᠡᠭᠵᠢᠭᠦᠯᠬᠦ︶︾ ᠢ ᠲᠣᠭᠲᠠᠭᠠᠵᠤ᠂ ᠠᠯᠪᠠᠳᠠᠯᠭ᠎ᠠ ᠪᠠᠷ ᠮᠡᠳᠡᠭᠦᠯᠬᠦ ᠳᠦᠷᠢᠮ ᠢ ᠡᠮᠴᠢᠯᠡᠭᠡᠨ ᠤ ᠰᠢᠰᠲ᠋ᠧᠮ ᠳᠤ | ᠪᠦᠲᠦᠮᠵᠢᠲᠡᠶ ᠨᠠᠶᠢᠳᠠᠪᠤᠷᠢᠵᠢᠭᠤᠯᠤᠭᠰᠠᠨ ᠪᠠᠶᠢᠨ᠎ᠠ᠃ 13 ᠨᠡᠷ᠎ᠡ ᠪᠠᠶᠢᠴᠠᠭᠠᠬᠤ ᠠᠵᠢᠯᠲᠠᠨ ᠢ ᠲᠤᠮᠳᠠᠳᠤ ᠪᠠᠭ᠎ᠠ | ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠳᠤ ᠲᠤᠮᠢᠯᠠᠵᠤ ᠂ ᠪᠦᠬᠦ ᠬᠤᠰᠢᠭᠤᠨ ᠤ | ᠲᠤᠮᠳᠠᠳᠤ ᠪᠠᠭ᠎ᠠ ᠰᠤᠷᠭᠠᠭᠤᠯᠢ ᠳᠤ ᠪᠦᠷ ᠬᠠᠤᠯᠢ ᠪᠠᠷ ᠵᠠᠰᠠᠬᠤ ᠳᠡᠳ᠋ ᠵᠠᠬᠢᠷᠤᠯ ᠲᠠᠢ ᠪᠤᠯᠭᠠᠪᠠ᠃ ᠳᠤᠮᠳᠠᠳᠤ | ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠴᠠᠩᠫᠢᠩ | ᠰᠤᠷᠭᠠᠭᠤᠯᠢ ᠶᠢᠨ ᠪᠠᠭᠰᠢ ᠶᠢ ᠤᠷᠢᠵᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ | ᠨᠢᠭᠡᠳᠦᠭᠡᠷ ᠣᠨ ᠤ ᠭᠡᠷ ᠤᠨ ᠠᠬᠠᠮᠠᠳ ᠲᠤ ᠬᠢᠴᠢᠶᠡᠯ ᠲᠠᠶᠢᠯᠤᠮᠵᠢ ᠬᠢᠯᠭᠡᠨ᠂ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠪᠠ ᠶᠠᠯᠠᠳᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠶᠢ ᠪᠠᠶᠢᠩᠭᠤ ᠶᠢᠨ ᠴᠢᠨᠠᠷᠳᠠᠢ ᠠᠵᠢᠯ ᠪᠣᠯᠭᠠᠨ | ᠴᠢᠩᠭ᠎ᠠ ᠮᠦᠷᠳᠡᠭᠡᠨ ᠪᠣᠳᠠᠲᠠᠢ ᠠᠳᠬᠤᠵᠠᠢ᠃ 2023 ᠣᠨ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠤᠨ | ᠰᠤᠷᠤᠭᠴᠢᠳ ᠤᠨ ᠭᠡᠷ ᠪᠦᠯᠢ ᠳᠤ ᠬᠦᠨᠵᠡᠬᠡᠶᠢᠷᠡᠬᠦ ᠰᠤᠷᠪᠤᠯᠵᠢᠯᠠᠭ᠎ᠠ ᠶᠢ 1 ᠤᠳᠠᠭ᠎ᠠ ᠥᠷᠨᠢᠭᠦᠯᠵᠦ᠂ | ᠰᠤᠷᠭᠠᠭᠤᠯᠢ ᠶᠢᠨ ᠬᠦᠷᠢᠶᠡᠨ ᠳᠤ ᠬᠦᠨᠵᠡᠬᠡᠶᠢᠷᠡᠬᠦ ᠠᠵᠢᠯᠯᠠᠭ᠎ᠠ ᠶᠢ 13 ᠤᠳᠠᠭ᠎ᠠ ᠦᠷᠨᠢᠬᠦᠯᠦᠭᠡᠳ᠂ 1500 | ᠭᠠᠷᠤᠢ ᠪᠠᠭᠰᠢ ᠰᠣᠷᠣᠭᠴᠢ ᠶᠢ ᠬᠠᠮᠤᠷᠤᠭᠰᠠᠨ ᠪᠠᠶᠢᠨ᠎ᠠ᠃ | ᠭᠤᠷᠪᠠ᠂ ᠤᠷᠠᠨ ᠲᠠᠷᠬᠠᠨ ᠤ ᠵᠤᠷᠢᠭ ᠰᠠᠨᠠᠭ᠎ᠠ ᠶᠢ ᠪᠠᠷᠢᠮᠳᠠᠯᠠᠵᠤ᠂ ᠬᠢᠨᠠᠯᠲᠠ ᠲᠠᠯᠪᠢᠬᠤ ᠶᠢ ᠴᠢᠩᠭᠠᠳᠬᠠᠨ᠂ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠶᠠᠪᠤᠴᠠ ᠳᠤ ᠪᠠᠶᠢᠴᠠᠭᠠᠬᠤ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ | ︵ᠨᠢᠭᠡ︶ ᠡᠷᠡᠭᠦᠦ ᠶᠢᠨ ᠬᠡᠷᠡᠭ ᠤᠨ ᠪᠠᠶᠢᠴᠠᠭᠠᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠥᠪ ᠭᠤᠣᠯᠴᠢ | ᠰᠢᠳᠤᠷᠭᠤ ᠶᠣᠰᠣᠨ ᠤ ᠬᠤᠷᠢᠭ᠎ᠠ ᠱᠣᠭᠤᠮ ᠢ ᠪᠠᠳᠤ ᠰᠠᠬᠢᠭᠰᠠᠨ᠃ ᠠᠭᠤᠴᠢᠯᠠᠨ ᠰᠢᠳᠬᠡᠬᠦ ᠪᠠ ᠴᠢᠩᠭ᠎ᠠ | ᠰᠢᠳᠬᠡᠬᠦ ᠶᠢ ᠬᠤᠣᠰᠯᠠᠭᠤᠯᠤᠭᠰᠠᠨ ᠡᠷᠡᠭᠦᠦ ᠶᠢᠨ ᠬᠡᠷᠡᠭ ᠤᠨ ᠲᠦᠷᠦ ᠶᠢᠨ ᠪᠣᠳᠣᠯᠭ᠎ᠠ ᠪᠠ ᠶᠠᠯ᠎ᠠ ᠪᠠᠨ ᠮᠡᠳᠡᠷᠡᠭᠰᠡᠳ ᠢ | ᠠᠭᠤᠴᠢᠯᠠᠨ ᠰᠢᠳᠬᠡᠬᠦ ᠠᠷᠭ᠎ᠠ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠤᠨ ᠠᠮᠤᠷ ᠲᠣᠭᠲᠠᠭᠤᠨ ᠢ | ᠠᠬᠢᠭᠤᠯᠪᠠ᠃ 2023 ᠣᠨ ᠳᠤ ᠰᠠᠶᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠭᠰᠡᠨ᠂ ᠬᠤᠤᠷᠯᠠᠭᠳᠠᠭᠴᠢ ᠶᠢᠨ | ᠠᠵᠤ ᠠᠬᠤᠢ ᠶᠢᠨ ᠬᠤᠬᠢᠷᠠᠯ ᠢ ᠢᠳᠡᠪᠬᠢᠲᠡᠢ ᠲᠥᠯᠥᠭᠰᠡᠨ 23 ᠬᠥᠮᠥᠨ ᠢ ᠪᠠᠷᠢᠪᠴᠢᠯᠠᠬᠤ ᠦᠭᠡᠢ ᠪᠠᠷ | ᠵᠦᠪᠰᠢᠶᠡᠷᠡᠵᠦ᠂ 42 ᠬᠥᠮᠥᠨ ᠢ ᠵᠠᠭᠠᠯᠳᠤᠬᠤ ᠦᠬᠡᠢ ᠪᠠᠷ ᠲᠤᠭᠳᠠᠭᠠᠳ ᠂ ᠠᠭᠤᠴᠢᠯᠠᠨ ᠰᠢᠳᠬᠡᠬᠦ ᠠᠷᠭ᠎ᠠ | ᠳᠦᠷᠢᠮ ᠢ ᠭᠡᠷᠡᠭᠯᠡᠭᠰᠡᠨ ᠨᠣᠷᠮ᠎ᠠ 93.3% ᠳᠤ ᠬᠦᠷᠴᠡᠢ᠃ ᠨᠠᠰᠤᠨ ᠳᠤ ᠦᠯᠦ ᠬᠦᠷᠦᠭᠰᠡᠳ ᠲᠤ | ᠬᠤᠯᠪᠣᠭᠳᠠᠭᠰᠠᠨ ᠡᠷᠡᠭᠦᠦ ᠶᠢᠨ ᠬᠡᠷᠡᠭ ᠶᠡᠭᠡ ᠪᠠᠷ ᠨᠡᠮᠡᠭᠳᠡᠵᠦ᠂ 10 ᠬᠡᠷᠡᠭ 19 ᠬᠥᠮᠥᠨ ᠢ ᠰᠢᠢᠳᠪᠦᠷᠢᠯᠡᠨ᠂ | ᠨᠦᠬᠦᠴᠡᠯ ᠳᠤ ᠨᠡᠶᠢᠴᠡᠭᠰᠡᠨ 5 ᠬᠥᠮᠥᠨ ᠢ ᠵᠠᠭᠠᠯᠳᠤᠬᠤ ᠦᠬᠡᠢ ᠪᠠᠷ ᠰᠢᠢᠳᠪᠦᠷᠢᠯᠡᠪᠡ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠲᠣᠮᠢᠯᠠᠨ ᠰᠠᠭᠤᠯᠭᠠᠭᠰᠠᠨ ᠬᠢᠨᠠᠯᠲᠠ ᠲᠠᠯᠪᠢᠵᠤ ᠬᠠᠮᠵᠢᠯᠴᠠᠨ ᠠᠵᠢᠯᠯᠠᠬᠤ ᠠᠯᠪᠠᠨ | ᠭᠡᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠬᠡᠷᠡᠭ ᠤᠨ ᠰᠢᠭᠰᠢᠨ ᠪᠠᠶᠢᠴᠠᠭᠠᠬᠤ ᠠᠵᠢᠯ ᠢ | ᠡᠷᠴᠢᠮ ᠲᠠᠢ ᠦᠷᠨᠢᠬᠦᠯᠦᠨ᠂ ᠲᠠᠩᠨᠠᠨ ᠪᠠᠶᠢᠴᠠᠭᠠᠬᠤ ᠪᠠᠶᠢᠭᠤᠯᠭ᠎ᠠ ᠪᠠ ᠬᠡᠷᠡᠭ ᠰᠢᠢᠳᠪᠦᠷᠢᠯᠡᠬᠦ ᠰᠠᠯᠠᠭ᠎ᠠ ᠮᠥᠴᠢᠷ | ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ 15 ᠤᠳᠠᠭᠠᠨ ᠤ ᠬᠠᠮᠲᠤᠷᠠᠭᠰᠠᠨ ᠬᠤᠷᠠᠯᠳᠤᠭᠠᠨ᠂ 29 ᠤᠳᠠᠭᠠᠨ | ᠤ ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯ ᠢ ᠬᠤᠷᠠᠯᠳᠤᠭᠤᠯᠤᠨ ᠂ 15 ᠬᠡᠷᠡᠭ ᠤᠨ ᠲᠠᠩᠨᠠᠨ | ᠪᠠᠶᠢᠴᠠᠭᠠᠯᠳᠠ ᠳᠤ ᠣᠷᠣᠯᠴᠠᠵᠤ᠂ ᠲᠠᠩᠨᠠᠨ ᠪᠠᠶᠢᠴᠠᠭᠠᠬᠤ ᠠᠵᠢᠯᠯᠠᠭᠠᠨ ᠤ ᠳᠤᠮᠳᠠ ᠢᠯᠡᠷᠡᠭᠦᠯᠦᠭᠰᠡᠨ | ᠠᠰᠠᠭᠤᠳᠠᠯ ᠳᠤ ᠴᠢᠭᠯᠡᠬᠦᠯᠵᠦ ᠨᠥᠬᠦᠪᠦᠷᠢᠯᠡᠨ ᠵᠠᠯᠠᠷᠠᠭᠤᠯᠬᠤ ᠲᠠᠶᠢᠯᠪᠤᠷᠢᠯᠠᠯᠲᠠ ᠶᠢ 15 ᠤᠳᠠᠭ᠎ᠠ ᠬᠢᠵᠦ᠂ | ᠬᠠᠤᠯᠢ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ 8 ᠬᠤᠪᠢ᠂ ᠲᠤᠷᠰᠢᠨ ᠪᠠᠶᠢᠴᠠᠭᠠᠯᠲᠠ ᠳᠤ ᠬᠢᠨᠠᠯᠲᠠ | ᠲᠠᠯᠪᠢᠬᠤ ᠮᠡᠳᠡᠭᠳᠡᠯ ᠤᠨ ᠪᠢᠴᠢᠭ 27 ᠬᠤᠪᠢ ᠪᠠᠭᠤᠯᠭᠠᠭᠰᠠᠨ ᠪᠠᠶᠢᠨ᠎ᠠ᠃ ᠡᠬᠦᠨ ᠤ ᠬᠠᠮᠳᠤ᠂ ᠬᠤᠷᠢᠭᠤᠯ ᠤᠨ | ᠭᠠᠵᠠᠷ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠳᠤ ᠬᠠᠤᠯᠢ ᠵᠥᠷᠢᠴᠡᠭᠰᠡᠨ ᠢ ᠵᠠᠯᠠᠷᠠᠭᠤᠯᠬᠤ | ᠮᠡᠳᠡᠭᠳᠡᠯ ᠤᠨ ᠪᠢᠴᠢᠭ ᠢ ᠨᠡᠶᠢᠳᠡ 6 ᠬᠤᠪᠢ ᠢᠯᠡᠬᠡᠵᠦ᠂ ᠬᠠᠤᠯᠢ ᠴᠠᠭᠠᠵᠠ ᠶᠢᠨ ᠲᠣᠪᠴᠢᠶ᠎ᠠ ᠳᠤ 1 ᠬᠤᠪᠢ | ᠪᠠᠶᠢᠴᠠᠭᠠᠬᠤ ᠰᠠᠨᠠᠭᠤᠯᠭ᠎ᠠ ᠶᠢ ᠭᠠᠷᠭᠠᠨ᠂ ᠬᠦᠯᠢᠶᠡᠨ ᠠᠪᠤᠭᠰᠠᠨ ᠨᠤᠷᠮ᠎ᠠ ᠨᠢ ᠴᠥᠮ 100 % ᠳᠤ ᠬᠦᠷᠴᠡᠢ᠃ | | ︵ᠬᠤᠶᠠᠷ︶ ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠷᠭᠡᠨ ᠤ ᠬᠡᠷᠡᠭ᠂ ᠵᠠᠰᠠᠭ | ᠵᠠᠬᠢᠷᠭᠠᠨ ᠤ ᠭᠡᠷᠡᠭ ᠤᠨ ᠪᠠᠶᠢᠴᠠᠭᠠᠯᠳᠠ ᠶᠢ ᠴᠢᠩᠭᠠᠳᠬᠠᠭᠰᠠᠨ᠃ ᠠᠷᠠᠳ ᠤᠯᠠᠨ ᠤ ᠱᠠᠭᠠᠷᠳᠠᠯᠭ᠎ᠠ ᠳᠤ | ᠵᠤᠬᠢᠴᠠᠭᠤᠯᠤᠨ᠂ ᠢᠷᠭᠡᠨ ᠤ ᠬᠡᠷᠡᠭ ᠪᠠ ᠵᠠᠰᠠᠭ ᠵᠠᠬᠢᠷᠭᠠᠨ ᠤ ᠭᠡᠷᠡᠭ ᠤᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠭᠡᠷᠡᠭ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠠᠬᠢᠭᠤᠯᠤᠨ᠂ ᠬᠢᠨᠠᠯᠲᠠ ᠶᠢᠨ ᠴᠢᠨᠠᠷ | ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠢᠷᠭᠡᠨ ᠤ ᠭᠡᠷᠡᠭ ᠲᠤ ᠬᠢᠨᠠᠯᠲᠠ ᠲᠠᠯᠪᠢᠬᠤ | 16 ᠬᠡᠷᠡᠭ ᠢ ᠬᠦᠯᠢᠶᠡᠨ ᠠᠪᠴᠤ ᠬᠢᠨᠠᠨ ᠪᠠᠶᠢᠴᠠᠭᠠᠵᠤ᠂ ᠰᠢᠭᠦᠬᠦ ᠬᠤᠷᠢᠶ᠎ᠠ ᠳᠤ 11 ᠬᠤᠪᠢ ᠪᠠᠶᠢᠴᠠᠭᠠᠬᠤ | ᠰᠠᠨᠠᠭᠤᠯᠭ᠎ᠠ ᠶᠢ ᠭᠠᠷᠭᠠᠨ᠂ 1 ᠬᠤᠪᠢ ᠵᠠᠭᠠᠯᠳᠤᠯᠭ᠎ᠠ ᠶᠢ ᠳᠡᠮᠵᠢᠵᠦ᠂ 1 ᠬᠤᠪᠢ ᠬᠦᠴᠦᠨ ᠲᠠᠢ ᠪᠣᠯᠤᠭᠰᠠᠨ ᠰᠢᠬᠦᠨ | ᠲᠠᠰᠤᠯᠤᠯᠲᠠ ᠳᠤ ᠬᠢᠨᠠᠯᠲᠠ ᠲᠠᠯᠪᠢᠬᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ 5 ᠬᠤᠪᠢ ᠵᠠᠰᠠᠭ | ᠵᠠᠬᠢᠷᠭᠠᠨ ᠤ ᠬᠢᠨᠠᠯᠲᠠ ᠲᠠᠯᠪᠢᠬᠤ ᠬᠡᠷᠡᠭ ᠢ ᠬᠦᠯᠢᠶᠡᠨ ᠠᠪᠴᠤ ᠬᠢᠨᠠᠨ ᠪᠠᠶᠢᠴᠠᠭᠠᠵᠤ᠂ 5 ᠬᠤᠪᠢ ᠪᠠᠶᠢᠴᠠᠭᠠᠬᠤ | ᠰᠠᠨᠠᠭᠤᠯᠭ᠎ᠠ ᠶᠢ ᠭᠠᠷᠭᠠᠵᠠᠢ᠃ ᠰᠢᠭᠦᠬᠦ ᠬᠤᠷᠢᠶ᠎ᠠ ᠲᠠᠢ ︽ᠪᠠᠭᠤᠷᠠᠢ ᠬᠦᠮᠦᠰ ᠤᠨ ᠢᠷᠭᠡᠨ ᠤ ᠬᠡᠷᠡᠭ ᠤᠨ | ᠵᠠᠭᠠᠯᠳᠤᠯᠭ᠎ᠠ ᠶᠢ ᠳᠡᠮᠵᠢᠬᠦ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ | ᠂ ᠪᠠᠭᠤᠷᠠᠶᠢᠴᠤᠤᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠭᠠᠯᠳᠤᠯᠭ᠎ᠠ ᠶᠢ ᠳᠡᠮᠵᠢᠬᠦ ᠠᠵᠢᠯ ᠤᠨ | ᠲᠦᠷᠢᠮᠵᠢᠬᠦᠨ ᠶᠠᠪᠤᠭᠳᠠᠬᠤ ᠶᠢ ᠠᠬᠢᠭᠤᠯᠪᠠ᠃ ᠨᠢᠬᠡ ᠤᠳᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠭᠡᠰᠢᠬᠦᠨ ᠤ ᠡᠷᠬᠡ ᠠᠰᠢᠭ ᠲᠤ ᠬᠠᠯᠳᠠᠭᠰᠠᠨ ᠬᠡᠷᠡᠭ ᠲᠤ ᠴᠢᠭᠯᠡᠬᠦᠯᠵᠦ᠂ ᠡᠷᠬᠡ ᠲᠤᠰᠢᠶᠠᠯ ᠤᠨ | ᠲᠠᠭᠠᠤ ᠬᠤᠰᠢᠭᠤᠨ ᠤ ᠰᠢᠭᠦᠬᠦ ᠬᠤᠷᠢᠶ᠎ᠠ ᠳᠤ ᠳᠠᠬᠢᠨ ᠰᠢᠭᠦᠯᠭᠡᠬᠦ ᠪᠠᠶᠢᠴᠠᠭᠠᠬᠤ ᠰᠠᠨᠠᠭᠤᠯᠭ᠎ᠠ ᠭᠠᠷᠭᠠᠭᠠᠳ᠂ ᠰᠢᠭᠦᠬᠦ | ᠬᠤᠷᠢᠶᠠᠨ ᠤ ᠬᠢᠨ ᠲᠤᠰ ᠭᠡᠷᠡᠭ ᠢ ᠲᠠᠬᠢᠨᠳᠠ ᠰᠢᠬᠦᠨ ᠲᠠᠰᠤᠯᠤᠭᠰᠠᠨ ᠪᠠᠶᠢᠨ᠎ᠠ᠃ | ︵ᠭᠤᠷᠪᠠ︶ ᠴᠢᠨᠠᠷ ᠰᠠᠶᠢᠲᠠᠢ ᠪᠠᠶᠢᠴᠠᠭᠠᠬᠤ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠨᠡᠶᠢᠲᠡ ᠶᠢᠨ ᠠᠰᠠᠷᠠᠮᠵᠢ ᠶᠢᠨ ᠭᠡᠷᠡᠭ ᠤᠨ ᠪᠠᠶᠢᠴᠠᠭᠠᠯᠳᠠ ᠶᠢ ᠰᠠᠶᠢᠨ ᠬᠢᠭᠰᠡᠨ᠃ ᠨᠡᠶᠢᠲᠡ ᠶᠢᠨ ᠠᠰᠠᠷᠠᠮᠵᠢ ᠶᠢᠨ | ᠭᠡᠷᠡᠭ ᠤᠨ ᠵᠠᠭᠠᠯᠳᠤᠯᠭ᠎ᠠ ᠠᠴᠠ ᠡᠮᠦᠨᠡᠬᠢ ᠬᠢᠨᠠᠨ ᠪᠠᠶᠢᠴᠠᠭᠠᠯᠲᠠ ᠶᠢ 23 ᠤᠳᠠᠭ᠎ᠠ ᠬᠢᠵᠦ᠂ 10 ᠬᠤᠪᠢ | ᠪᠠᠶᠢᠴᠠᠭᠠᠬᠤ ᠰᠠᠨᠠᠭᠤᠯᠭ᠎ᠠ ᠶᠢ ᠭᠠᠷᠭᠠᠨ᠂ 1 ᠭᠡᠷᠡᠭ ᠢ ᠰᠤᠨᠤᠰᠤᠨ ᠭᠡᠷᠡᠴᠢᠯᠡᠬᠦ ᠠᠷᠭ᠎ᠠ ᠪᠠᠷ ᠰᠢᠢᠳᠪᠦᠷᠢᠯᠡᠪᠡ᠃ | ᠬᠤᠰᠢᠭᠤᠨ ᠤ ᠰᠢᠭᠦᠬᠦ ᠬᠤᠷᠢᠶᠠᠨ ᠳᠤ 1 ᠬᠤᠪᠢ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ | ᠭᠠᠷᠭᠠᠵᠠᠢ᠃ ᠭᠠᠵᠠᠷ ᠤᠨ ᠪᠠᠶᠢᠴᠠ ᠪᠠ ᠣᠷᠣᠨ ᠵᠠᠢ ᠶᠢᠨ ᠬᠢᠵᠠᠭᠠᠷᠯᠠᠯ ᠢ ᠲᠠᠪᠠᠵᠤ᠂ ᠮᠡᠷᠭᠡᠵᠢᠯ ᠤᠨ ᠰᠠᠯᠠᠭ᠎ᠠ | ᠮᠥᠴᠢᠷ ᠲᠠᠢ ᠬᠠᠮᠲᠤᠷᠠᠨ ᠵᠢᠯᠣᠭᠤᠴᠢ ᠦᠭᠡᠢ ᠨᠢᠰᠬᠡᠯ ᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠨ | ᠰᠢᠢᠳᠪᠦᠷᠢᠯᠡᠬᠦ ᠳᠤ ᠭᠡᠷᠡᠭᠯᠡᠵᠦ᠂ ᠨᠤᠲᠤᠭ ᠪᠡᠯᠴᠢᠭᠡᠷ᠂ ᠨᠠᠭᠤᠷ ᠭᠤᠣᠯ ᠵᠡᠷᠭᠡ ᠶᠢ ᠪᠠᠶᠢᠴᠠᠭᠠᠵᠤ ᠭᠡᠷᠡᠴᠢ ᠠᠪᠬᠤ | ᠳᠤ ᠬᠠᠮᠵᠢᠭᠤᠯᠤᠭᠰᠠᠨ ᠪᠠᠶᠢᠨ᠎ᠠ᠃ ᠨᠡᠶᠢᠲᠡ ᠶᠢᠨ ᠠᠰᠠᠷᠠᠮᠵᠢ ᠶᠢᠨ ᠭᠡᠷᠡᠭ ᠤᠨ ︽ᠭᠠᠷ ᠤᠨ ᠠᠶ᠎ᠠ ᠪᠠᠷ ᠰᠡᠭᠦᠳᠡᠷᠯᠡᠬᠦ︾ | ᠲᠠᠪᠴᠠᠩ ᠢ ᠪᠠᠶᠢᠭᠤᠯᠵᠤ᠂ ᠭᠡᠷᠡᠭ ᠤᠨ ᠰᠦᠪᠡᠭᠴᠢ ᠶᠢ ᠴᠤᠭᠯᠠᠭᠤᠯᠬᠤ ᠪᠠ ᠭᠡᠷᠡᠴᠢ ᠠᠪᠬᠤ ᠣᠶᠤᠨᠴᠢᠯᠠᠭᠰᠠᠨ | ᠴᠢᠳᠠᠮᠵᠢ ᠶᠢ ᠪᠤᠢ ᠪᠤᠯᠭᠠᠨ᠂ ᠨᠡᠶᠢᠭᠡᠮ ᠨᠡᠶᠢᠲᠡ ᠶᠢ ᠵᠢᠯᠤᠭᠤᠳᠴᠤ ᠳᠡᠷᠭᠡᠳᠡᠬᠢ ᠭᠡᠷᠡᠭ ᠤᠨ ᠰᠦᠪᠡᠭᠴᠢ ᠶᠢ | ᠲᠠᠪᠴᠠᠩ ᠢᠶᠠᠷ ᠳᠠᠮᠵᠢᠨ ᠴᠠᠭ ᠲᠤᠬᠠᠢ ᠳᠤᠨᠢ ᠢᠯᠡᠴᠢᠯᠡᠨ ᠮᠡᠳᠡᠭᠦᠯᠬᠦ ᠶᠢ ᠪᠡᠶᠡᠯᠡᠬᠦᠯᠵᠡᠢ᠃ 2023 ᠣᠨ ᠳᠤ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ | ᠪᠠᠶᠢᠴᠠᠭᠠᠬᠤ ᠠᠵᠢᠯ ᠢᠶᠠᠨ ᠮᠡᠳᠡᠭᠦᠯᠵᠦ ᠪᠠᠳᠤᠯᠠᠭᠤᠯᠪᠠ᠃ ᠲᠠᠷᠢᠶᠠᠯᠠᠩ ᠤᠨ ᠰᠦᠯᠢᠶᠤᠤ ᠪᠦᠷᠬᠦᠪᠴᠢ ᠶᠢᠨ | ᠪᠣᠬᠢᠷᠲᠤᠯ ᠢ ᠵᠠᠰᠠᠬᠤ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠬᠡᠷᠡᠭ ᠨᠢ 2022 ᠣᠨ ᠳᠤ ᠪᠥᠬᠦ | ᠣᠷᠣᠨ ᠤ ︽ᠠᠷᠠᠳ ᠤᠨ ᠲᠥᠯᠥᠭᠡ ᠪᠤᠳᠠᠳᠠᠢ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠭᠰᠡᠨ︾ | ᠨᠡᠶᠢᠲᠡᠯᠢᠭ ᠬᠡᠷᠡᠭ ᠤᠨ ᠵᠢᠱᠢᠶ᠎ᠡ ᠪᠠᠷ ᠦᠨᠡᠯᠡᠭᠳᠡᠪᠡ᠃ | ᠳᠥᠷᠪᠡ᠂ ᠤᠭ ᠰᠠᠨᠠᠭ᠎ᠠ ᠪᠠᠨ ᠡᠭᠦᠷᠢᠳᠡ ᠪᠠᠷᠢᠮᠳᠠᠯᠠᠵᠤ᠂ ᠰᠢᠯᠭᠠᠷᠠᠭᠰᠠᠨ ᠡᠩᠨᠡᠭᠡ ᠶᠢ ᠳᠠᠪᠲᠠᠨ | ᠪᠣᠯᠪᠠᠰᠤᠷᠠᠭᠤᠯᠬᠤ ᠶᠠᠪᠤᠴᠠ ᠳᠤ ᠪᠠᠶᠢᠴᠠᠭᠠᠬᠤ ᠠᠵᠢᠯ ᠤᠨ ᠰᠠᠭᠤᠷᠢ ᠶᠢ ᠪᠠᠲᠤᠳᠬᠠᠪᠠ ᠃ | ︵ᠨᠢᠭᠡ︶ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠯᠤᠰ ᠲᠦᠷᠦ ᠪᠠᠷ | ᠪᠠᠶᠢᠴᠠᠭᠠᠬᠤ ᠬᠤᠷᠢᠶ᠎ᠠ ᠪᠠᠨ ᠪᠠᠶᠢᠭᠤᠯᠤᠭᠰᠠᠨ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠦᠷᠨᠢᠬᠦᠯᠪᠡ᠃ ︽ ᠰᠤᠷᠤᠯᠴᠠᠯᠭ᠎ᠠ︾ ᠶᠢ ᠲᠡᠷᠢᠭᠦᠨ ᠳᠤ ᠲᠠᠯᠪᠢᠵᠤ᠂ ᠬᠤᠷᠢᠶᠠᠨ ᠳᠠᠷᠤᠭ᠎ᠠ ᠶᠢᠨ ᠨᠠᠮ ᠤᠨ | ᠬᠢᠴᠢᠶᠡᠯ ᠢ 2 ᠤᠳᠠᠭ᠎ᠠ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ 19 ᠤᠳᠠᠭ᠎ᠠ | ᠂ ᠪᠦᠬᠦ ᠠᠵᠢᠯᠳᠠᠳ ᠤᠨ ᠬᠠᠮᠳᠤ ᠶᠢᠨ ᠰᠤᠷᠤᠯᠴᠠᠯᠭ᠎ᠠ ᠶᠢ 25 ᠤᠳᠠᠭ᠎ᠠ ᠥᠷᠨᠢᠭᠦᠯᠵᠦ᠂ ᠰᠤᠷᠤᠯᠴᠠᠬᠤ ᠬᠠᠯᠠᠭᠤᠨ | ᠥᠷᠨᠢᠯᠲᠡ ᠶᠢ ᠪᠤᠢ ᠪᠤᠯᠭᠠᠭᠰᠠᠨ ᠪᠠᠶᠢᠨ᠎ᠠ᠃ ︽ᠠᠵᠢᠯᠯᠠᠬᠤ︾ ᠪᠠᠷ ᠭᠤᠣᠯᠳᠠᠯᠭ᠎ᠠ ᠪᠣᠯᠭᠠᠵᠤ᠂ ᠬᠤᠷᠢᠶᠠᠨ | ᠳᠠᠷᠤᠭ᠎ᠠ ᠪᠦᠯᠬᠦᠮ ᠳᠠᠭᠠᠭᠤᠯᠤᠨ 3 ᠭᠠᠴᠠᠭ᠎ᠠ ᠲᠣᠰᠬᠤᠨ᠂ 7 ᠨᠡᠶᠢᠭᠡᠮ ᠲᠣᠭᠤᠷᠢᠭ ᠪᠠ 2 ᠲᠣᠮᠢᠯᠠᠭᠰᠠᠨ ᠰᠠᠯᠪᠤᠷᠢ | ᠂ ᠵᠠᠮ ᠤᠨ ᠴᠠᠭᠳᠠᠭ᠎ᠠ ᠶᠢᠨ ᠶᠡᠭᠡ ᠠᠩᠭᠢ ᠳᠤ ᠭᠦᠨᠵᠡᠭᠡᠶᠢᠷᠡᠨ ᠪᠠᠶᠢᠴᠠᠭᠠᠯᠳᠠ ᠪᠠ ᠵᠢᠯᠤᠭᠤᠳᠤᠯᠭ᠎ᠠ ᠬᠢᠵᠦ ᠂ ᠲᠥᠪ | ᠭᠤᠣᠯᠴᠢ ᠪᠠᠷ ᠬᠠᠤᠯᠢ ᠭᠡᠷᠡᠭᠵᠢᠬᠦᠯᠬᠦ ᠲᠤᠬᠠᠢ ᠠᠷᠠᠳ ᠤᠯᠠᠨ ᠤ ᠬᠡᠷᠡᠭᠴᠡᠭᠡ ᠪᠠ ᠬᠦᠰᠡᠯ ᠡᠷᠡᠮᠡᠯᠵᠡᠯ ᠢ ᠣᠶᠢᠯᠠᠭᠠᠪᠠ᠃ | ︽ᠲᠠᠶᠢᠹᠤᠰᠧ ᠬᠤᠰᠢᠭᠤᠨ ᠤ ᠪᠠᠶᠢᠴᠠᠭᠠᠬᠤ ᠠᠵᠢᠯ ᠤᠨ ᠬᠤᠭᠤᠴᠠᠭᠠᠲᠤ ᠰᠡᠳᠬᠦᠯ︾ ᠢ ᠤᠯᠠᠷᠢᠯ ᠢᠶᠠᠷ ᠡᠷᠭᠢᠯᠡᠵᠦ | ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠲᠥᠷᠥ ᠬᠠᠤᠯᠢ | ᠴᠠᠭᠠᠵᠠ ᠶᠢᠨ ᠵᠦᠪᠯᠡᠯ ᠤᠨ ᠭᠤᠣᠯ ᠤᠳᠤᠷᠢᠳᠤᠯᠭ᠎ᠠ ᠳᠤ ᠲᠤᠰᠬᠠᠢ ᠰᠡᠳᠦᠪ ᠢᠶᠠᠷ ᠠᠵᠢᠯ ᠢᠶᠠᠨ ᠮᠡᠳᠡᠬᠦᠯᠦᠨ᠂ | ᠬᠤᠰᠢᠭᠤᠨ ᠤ ᠤᠳᠤᠷᠢᠳᠤᠯᠭ᠎ᠠ ᠬᠠᠯᠠᠮᠵᠢᠯᠠᠯ ᠲᠡᠮᠵᠢᠯᠭᠡ ᠶᠢ ᠤᠯᠤᠭᠰᠠᠨ ᠪᠠᠶᠢᠨ᠎ᠠ᠃ ᠬᠤᠷᠢᠶᠠᠨ ᠤ ᠨᠠᠮ ᠤᠨ ᠡᠭᠦᠷ | ᠨᠢ ᠬᠠᠩᠰᠢ ᠶᠢᠨ ᠡᠳᠦᠷ᠂ ᠵᠠᠯᠠᠭᠤᠴᠤᠳ ᠤᠨ ᠪᠠᠶᠠᠷ᠂ ᠨᠠᠮ ᠤᠨ ᠪᠠᠶᠠᠷ᠂ ᠤᠯᠤᠰ ᠤᠨ ᠪᠠᠶᠠᠷ ᠵᠡᠷᠭᠡ ᠪᠠᠶᠠᠷ | ᠲᠤᠷᠠᠰᠬᠠᠯ ᠤᠨ ᠡᠳᠦᠷ ᠢ ᠲᠤᠬᠢᠶᠠᠯᠳᠤᠭᠤᠯᠤᠨ ᠡᠯ᠎ᠡ ᠲᠦᠷᠦᠯ ᠤᠨ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ 7 ᠤᠳᠠᠭ᠎ᠠ ᠵᠣᠬᠢᠶᠠᠨ ᠪᠠᠶᠢᠭᠤᠯᠵᠤ᠂ ︽ᠰᠢᠨ᠎ᠡ ᠴᠠᠭ ᠦᠶ᠎ᠡ ᠳᠤ ᠬᠠᠷᠢᠭᠤᠴᠠᠯᠭ᠎ᠠ ᠡᠭᠦᠷᠭᠡᠯᠡᠨ | ᠪᠣᠳᠠᠲᠠᠢ ᠠᠵᠢᠯᠯᠠᠵᠤ ᠰᠢᠨ᠎ᠡ ᠬᠠᠭᠤᠳᠠᠰᠤ ᠶᠢ ᠪᠢᠴᠢᠭᠯᠡᠬᠦ︾ ᠶᠠᠷᠢᠶ᠎ᠠ ᠢᠯᠡᠳᠬᠡᠯ ᠤᠨ ᠤᠷᠤᠯᠳᠤᠭᠠᠨ ᠢ ᠡᠷᠬᠢᠯᠡᠨ᠂ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ ᠡᠩᠨᠡᠭᠡᠨ ᠤ | ᠲᠠᠶᠢᠴᠢᠨ ᠵᠣᠷᠢᠭ ᠰᠠᠨᠠᠭ᠎ᠠ ᠪᠣᠯᠣᠨ ᠰᠢᠯᠢᠳᠡᠭ ᠰᠤᠷᠲᠠᠯ ᠢ ᠬᠦᠮᠦᠵᠢᠬᠦᠯᠵᠡᠢ᠃ ᠡᠬᠦᠨ ᠤ ᠬᠠᠮᠳᠤ᠂ ᠪᠦᠬᠦ | ᠠᠵᠢᠯᠲᠠᠳ ᠢᠶᠠᠨ ᠵᠣᠬᠢᠶᠠᠨ ᠪᠠᠶᠢᠭᠤᠯᠵᠤ ᠪᠡᠭᠡᠵᠢᠩ ᠳᠤ ᠬᠦᠷᠴᠦ ᠪᠡᠶ᠎ᠡ ᠶᠢᠨ ᠪᠠᠶᠢᠴᠠᠭᠠᠯᠲᠠ ᠬᠢᠯᠭᠡᠨ᠂ ᠺᠠᠳ᠋ᠷ | ᠠᠵᠢᠯᠳᠠᠨ ᠢᠶᠠᠨ ᠬᠠᠯᠠᠮᠵᠢᠯᠠᠨ ᠬᠠᠷᠠᠭᠠᠯᠵᠠᠬᠤ ᠠᠷᠭ᠎ᠠ ᠪᠤᠳᠤᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠪᠠ᠃ | 2023 ᠣᠨ ᠳᠤ ᠮᠠᠨ ᠤ ᠬᠤᠷᠢᠶ᠎ᠠ ᠨᠢ ᠠᠷᠪᠠᠳᠤᠭᠠᠷ ᠬᠤᠭᠤᠴᠠᠭᠠᠨ ᠤ ︽ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠨᠢᠭᠡᠴᠡ︾ ᠶᠢᠨ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ | ︵ᠬᠤᠶᠠᠷ︶ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠪᠠᠳᠤ ᠰᠠᠬᠢᠵᠤ᠂ ᠦᠵᠡᠯ ᠰᠠᠨᠠᠭ᠎ᠠ ᠪᠠᠷ | ᠪᠠᠶᠢᠴᠠᠭᠠᠬᠤ ᠠᠵᠢᠯ ᠢᠶᠠᠨ ᠵᠢᠯᠤᠭᠤᠳᠤᠭᠤᠯᠤᠭᠰᠠᠨ᠃ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ︾ ᠶᠢ 2023 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠳᠤ ᠣᠷᠣᠭᠤᠯᠵᠤ᠂ ᠭᠤᠣᠯ ᠰᠡᠳᠦᠪᠲᠦ ᠨᠠᠮ ᠤᠨ ᠬᠢᠴᠢᠶᠡᠯ ᠪᠠ ᠲᠤᠰᠬᠠᠢ ᠰᠡᠳᠦᠪᠲᠦ ᠤᠬᠠᠭᠤᠯᠭ᠎ᠠ | ᠲᠠᠶᠢᠯᠤᠮᠵᠢ ᠶᠢ ᠦᠷᠨᠢᠬᠦᠯᠦᠨ᠂ ᠪᠠᠶᠢᠴᠠᠭᠠᠬᠤ ᠠᠵᠢᠯᠲᠠᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ | ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠶᠢ ᠲᠠᠰᠤᠷᠠᠯᠳᠠ ᠦᠭᠡᠢ ᠴᠢᠩᠭᠠᠳᠬᠠᠪᠠ᠃ ᠶᠣᠰᠣ ᠮᠣᠷᠠᠯ ᠤᠨ | ᠬᠢᠴᠢᠶᠡᠯ ᠤᠨ ᠲᠠᠩᠬᠢᠮ ᠨᠡᠭᠡᠭᠡᠵᠦ᠂ ᠲᠡᠷᠢᠭᠦᠨ ᠤ ᠬᠥᠮᠥᠰ ᠤᠨ ᠦᠢᠯᠡ ᠠᠵᠢᠯᠯᠠᠭ᠎ᠠ ᠶᠢ ᠰᠤᠷᠤᠯᠴᠠᠨ᠂ ᠦᠯᠢᠭᠡᠷ | ᠳᠠᠭᠤᠷᠢᠶᠠᠯ ᠤᠨ ᠬᠦᠴᠦᠨ ᠢ ᠪᠠᠳᠠᠷᠠᠭᠤᠯᠤᠭᠰᠠᠨ ᠤ ᠬᠠᠮᠳᠤ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ | ᠡᠷᠴᠢᠮ ᠢ ᠤᠯᠠᠮ ᠴᠢᠩᠭᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠲᠡᠬᠦᠯᠳᠡᠷᠵᠢᠬᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠰᠠᠨᠠᠭᠠᠴᠢᠯᠠᠭᠠᠲᠤ ᠡᠷᠬᠡ ᠶᠢ | ᠡᠵᠡᠮᠳᠡᠭᠰᠡᠨ ᠪᠠᠶᠢᠨ᠎ᠠ᠃ | ︵ᠭᠤᠷᠪᠠ︶ ︽ᠲᠣᠭᠠᠴᠢᠯᠠᠭᠰᠠᠨ ᠪᠠᠶᠢᠴᠠᠭᠠᠯᠲᠠ ᠶᠢ ᠳᠡᠭᠡᠭᠰᠢᠯᠡᠭᠦᠯᠬᠦ ᠢᠨᠵᠧᠨᠧᠷᠢᠩ︾ ᠢ ᠥᠷᠨᠢᠭᠦᠯᠵᠦ᠂ | ᠰᠢᠨᠵᠢᠯᠡᠭᠡ ᠮᠡᠷᠭᠡᠵᠢᠯ ᠢᠶᠠᠷ ᠪᠠᠶᠢᠴᠠᠭᠠᠬᠤ ᠬᠤᠷᠢᠶ᠎ᠠ ᠪᠠᠨ ᠬᠦᠭᠵᠢᠬᠦᠯᠦᠭᠰᠡᠨ᠃ ᠬᠠᠤᠯᠢ ᠴᠠᠭᠠᠵᠠ ᠶᠢᠨ ᠰᠠᠯᠠᠭ᠎ᠠ | ᠮᠥᠴᠢᠷ ᠤᠨ ᠭᠤᠣᠯᠳᠠᠯᠭ᠎ᠠ ᠲᠠᠢ ᠣᠷᠣᠨ ᠪᠦᠰᠡ ᠳᠤ ᠠᠷᠠᠳ ᠲᠤ ᠲᠦᠬᠦᠮ ᠦᠵᠡᠭᠦᠯᠬᠦ ︽12309︾ | ᠪᠠᠶᠢᠴᠠᠭᠠᠬᠤ ᠠᠵᠢᠯ ᠤᠨ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠬᠠᠩᠭᠠᠵᠤ᠂ ᠬᠢᠨᠠᠯᠲᠠ ᠲᠠᠯᠪᠢᠬᠤ | ᠰᠦᠪᠡᠭᠴᠢ ᠶᠢ ᠴᠤᠭᠯᠠᠭᠤᠯᠤᠨ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠴᠠᠭ ᠲᠤᠬᠠᠢ ᠳᠤᠨᠢ ᠢᠯᠡᠳᠬᠡᠬᠦ | ᠂ ᠵᠥᠷᠢᠴᠡᠯ ᠵᠢᠭᠤᠷᠠᠭᠠᠨ ᠢ ᠴᠠᠭ ᠲᠤᠬᠠᠢ ᠳᠤᠨᠢ ᠡᠵᠡᠮᠰᠢᠬᠦ ᠶᠢ ᠪᠡᠶᠡᠯᠡᠭᠦᠯᠵᠦ᠂ ᠬᠠᠤᠯᠢ ᠴᠠᠭᠠᠵᠠ ᠪᠠᠷ ᠠᠷᠠᠳ ᠲᠤ | ᠠᠰᠢᠭ ᠬᠦᠷᠲᠡᠭᠡᠬᠦ ᠶᠢ ᠨᠠᠶᠢᠳᠠᠪᠤᠷᠢᠵᠢᠭᠤᠯᠪᠠ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠠᠢ ᠬᠠᠮᠲᠤᠷᠠᠨ | ︽ᠪᠠᠶᠢᠴᠠᠭᠠᠬᠤ ᠲᠤᠰᠢᠶᠠᠯᠲᠠᠨ ᠬᠠᠤᠯᠢ ᠶᠠᠷᠢᠬᠤ︾ ᠪᠤᠯᠤᠩ ᠭᠠᠷᠭᠠᠵᠤ᠂ ᠪᠠᠶᠢᠴᠠᠭᠠᠬᠤ ᠠᠵᠢᠯ ᠤᠨ ᠲᠠᠭᠤᠨ ᠢ | ᠲᠠᠮᠵᠢᠭᠤᠯᠤᠨ᠂ ᠪᠠᠶᠢᠴᠠᠭᠠᠬᠤ ᠠᠵᠢᠯ ᠤᠨ ᠨᠥᠯᠥᠭᠡᠯᠡᠬᠦ ᠬᠦᠴᠦᠨ ᠢ ᠨᠡᠮᠡᠭᠳᠡᠬᠦᠯᠦᠭᠰᠡᠨ ᠪᠠᠶᠢᠨ᠎ᠠ᠃ ᠡᠭᠦᠨ ᠤ ᠬᠠᠮᠳᠤ᠂ | ᠡᠷᠡᠭᠦᠦ ᠶᠢᠨ ᠬᠡᠷᠡᠭ ᠤᠨ ᠵᠠᠭᠠᠯᠳᠤᠯᠭ᠎ᠠ ᠠᠴᠠ ᠡᠮᠦᠨᠡᠬᠢ ︽ᠬᠤᠶᠠᠷ ᠬᠢᠨᠠᠯᠲᠠ︾ ᠶᠢᠨ ᠲᠣᠮᠣ ᠳ᠋ᠠᠶᠢᠲ᠋ᠠ ᠶᠢᠨ | ᠵᠠᠭᠪᠤᠷ ᠢ ᠪᠠᠶᠢᠭᠤᠯᠵᠤ᠂ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶ᠎ᠠ ᠳᠤ ᠮᠡᠳᠡᠭᠦᠯᠦᠨ ᠂ ᠬᠠᠤᠯᠢ ᠴᠠᠭᠠᠵᠠ ᠶᠢᠨ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠲᠡᠭᠡᠭᠰᠢᠯᠡᠬᠦᠯᠵᠦ᠂ ︽ᠲᠣᠭᠠᠴᠢᠯᠠᠭᠰᠠᠨ ᠪᠠᠶᠢᠴᠠᠭᠠᠯᠲᠠ︾ ᠪᠠᠷ | ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠳᠤ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠶᠢ | ᠤᠯᠭᠤᠭᠰᠠᠨ ᠪᠠᠶᠢᠨ᠎ᠠ᠃ | ︵ᠳᠥᠷᠪᠡ︶ ᠬᠡᠪ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠴᠢᠳᠠᠪᠤᠷᠢᠲᠠᠨ ᠢᠶᠠᠷ ᠪᠠᠶᠢᠴᠠᠭᠠᠬᠤ | ᠬᠤᠷᠢᠶ᠎ᠠ ᠪᠠᠨ ᠬᠦᠴᠦᠷᠭᠡᠭᠵᠢᠬᠦᠯᠦᠭᠰᠡᠨ᠃ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠬᠢᠴᠢᠶᠡᠯ ᠵᠢᠭᠠᠯᠭᠠᠨ᠂ | ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ | ᠲᠤᠪᠴᠢᠶᠠᠨ ᠤ ᠠᠵᠢᠯᠳᠠᠳ ᠢ ᠨᠢᠭᠡ ᠲᠠᠩᠬᠢᠮ ᠳᠤ ᠪᠤᠯᠪᠠᠰᠤᠷᠠᠭᠤᠯᠵᠤ᠂ ᠪᠣᠯᠪᠠᠰᠤᠷᠠᠯ ᠳᠤ ᠣᠷᠣᠯᠴᠠᠭᠰᠠᠳ ᠤᠨ | ᠲᠤᠬᠠᠶᠢᠯᠠᠭᠰᠠᠨ ᠠᠵᠢᠯ ᠤᠨ ᠬᠡᠪ ᠴᠢᠳᠠᠪᠤᠷᠢ ᠶᠢ ᠲᠡᠭᠡᠭᠰᠢᠯᠡᠬᠦᠯᠦᠭᠰᠡᠨ ᠤ ᠬᠠᠮᠳᠤ᠂ ᠪᠠᠶᠢᠴᠠᠭᠠᠬᠤ ᠠᠵᠢᠯᠲᠠᠳ ᠢ | ᠵᠣᠬᠢᠶᠠᠨ ᠪᠠᠶᠢᠭᠤᠯᠵᠤ᠂ ᠪᠡᠭᠡᠵᠢᠩ᠂ ᠬᠥᠬᠡᠬᠤᠲᠠ᠂ ᠬᠠᠩᠵᠧᠦ᠂ ᠬᠠᠶᠢᠺᠧᠦ ᠵᠡᠷᠭᠡ ᠭᠠᠵᠠᠷ ᠲᠤ ᠤᠴᠢᠭᠤᠯᠤᠨ | ᠴᠢᠳᠠᠪᠤᠷᠢ ᠶᠢ ᠳᠡᠭᠡᠭᠰᠢᠯᠡᠭᠦᠯᠬᠦ ᠬᠥᠮᠦᠵᠢᠯ ᠬᠢᠯᠭᠡᠭᠰᠡᠨ ᠪᠠᠶᠢᠨ᠎ᠠ᠃ ︽ᠬᠠᠤᠯᠢ ᠶᠢᠨ ᠰᠢᠯᠭᠠᠯᠲᠠ︾ ᠶᠢᠨ ᠬᠠᠪᠰᠤᠷᠤᠨ | ᠰᠢᠯᠭᠠᠬᠤ ᠳᠦᠷᠢᠮ ᠢ ᠨᠡᠶᠢᠲᠡᠯᠡᠵᠦ᠂ ᠪᠠᠶᠢᠴᠠᠭᠠᠬᠤ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ | ᠰᠢᠯᠭᠠᠯᠲᠠ ᠳᠤ ᠢᠳᠡᠪᠬᠢᠲᠡᠢ ᠣᠷᠣᠯᠴᠠᠬᠤ ᠶᠢ ᠵᠤᠷᠢᠬᠵᠢᠭᠤᠯᠤᠨ᠂ 2023 ᠣᠨ ᠳᠤ 2 ᠬᠥᠮᠥᠨ A ᠦᠨᠡᠮᠯᠡᠯ | ᠣᠯᠵᠤ᠂ 3 ᠬᠥᠮᠥᠨ C ᠦᠨᠡᠮᠯᠡᠯ ᠤᠯᠵᠠᠢ᠃ ᠣᠲᠣ ᠪᠣᠯᠲᠠᠯ᠎ᠠ᠂ ᠮᠠᠨ ᠤ ᠬᠤᠷᠢᠶᠠᠨ ᠤ ᠣᠲᠣ ᠪᠠᠶᠢᠭ᠎ᠠ 30 | ᠪᠠᠶᠢᠴᠠᠭᠠᠬᠤ ᠠᠵᠢᠯᠲᠠᠨ ᠤ ᠳᠣᠲᠣᠷᠠᠬᠢ 22 ᠬᠥᠮᠥᠨ ᠨᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ | ᠬᠡᠮ ᠤᠨ ᠰᠢᠯᠭᠠᠯᠲᠠ ᠳᠤ ᠬᠢᠷᠢ ᠲᠡᠩᠴᠡᠵᠦ᠂ ᠡᠭᠦᠨ ᠤ ᠳᠣᠲᠣᠷ᠎ᠠ A ᠦᠨᠡᠮᠯᠡᠯ ᠤᠯᠤᠭᠰᠠᠨ ᠨᠢ 10 ᠬᠥᠮᠥᠨ | ᠪᠠᠶᠢᠵᠤ᠂ 45% ᠶᠢ ᠡᠵᠡᠯᠡᠨ᠂ 12 ᠪᠢᠴᠢᠭᠡᠴᠢ ᠠᠴᠠ ᠬᠠᠭᠠᠰ ᠨᠢ C ᠦᠨᠡᠮᠯᠡᠯ ᠭᠠᠷᠳᠠᠪᠠ᠃ ᠤᠨᠤᠯ ᠤᠨ | ᠪᠠᠶᠢᠴᠠᠭᠠᠨ ᠰᠤᠳᠤᠯᠤᠯᠲᠠ ᠶᠢᠨ ᠵᠣᠬᠢᠶᠠᠯ ᠨᠢ 2023 ᠣᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ ᠪᠣᠯᠣᠨ | ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢᠨ ᠭᠤᠣᠯ ᠰᠡᠳᠦᠪᠲᠦ | ᠡᠬᠡ ᠪᠢᠴᠢᠭ ᠡᠯᠰᠡᠬᠦ ᠳᠤ ᠬᠤᠶᠠᠳᠤᠭᠠᠷ ᠳᠡᠰ ᠤᠨ ᠱᠠᠩᠨᠠᠯ ᠵᠢᠴᠢ ᠰᠢᠯᠢ ᠶᠢᠨ ᠭᠤᠣᠯ ᠠᠶᠢᠮᠠᠭ ᠤᠨ 2023 | ᠣᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠬᠠᠤᠯᠢᠵᠢᠯ ᠤᠨ ᠶᠠᠷᠢᠶᠠᠨ ᠤ ᠲᠠᠪᠴᠠᠩ ᠤᠨ ᠬᠤᠶᠠᠳᠤᠭᠠᠷ | ᠳᠡᠰ ᠤᠨ ᠱᠠᠩᠨᠠᠯ ᠢ ᠬᠦᠷᠲᠡᠵᠡᠢ᠃ 1 ᠬᠦᠮᠦᠨ ᠰᠢᠯᠢ ᠶᠢᠨ ᠭᠤᠣᠯ ᠠᠶᠢᠮᠠᠭ ᠤᠨ 2023 ᠣᠨ ᠤ ᠤᠯᠤᠰ ᠲᠥᠷᠥ | ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠢᠶᠠᠷ ᠦᠨᠡᠯᠡᠭᠳᠡᠵᠦ᠂ 2 ᠬᠦᠮᠦᠨ ᠲᠤᠰᠪᠤᠷᠢ ᠪᠥᠬᠦ ᠠᠶᠢᠮᠠᠭ ᠤᠨ | ᠡᠷᠡᠭᠦᠦ ᠶᠢᠨ ᠬᠡᠷᠡᠭ ᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ᠤ ᠤᠷᠤᠯᠳᠤᠭᠠᠨ ᠤ ︽ᠰᠢᠯᠢᠳᠡᠭ | ᠠᠯᠪᠠᠨ ᠵᠠᠭᠠᠯᠳᠤᠭᠴᠢ︾ ᠂ ︽ᠰᠢᠯᠢᠳᠡᠭ ᠬᠡᠷᠡᠭ ᠰᠢᠳᠬᠡᠭᠴᠢ︾ ᠶᠢᠨ ᠴᠣᠯᠠ ᠵᠢᠴᠢ ᠪᠥᠬᠦ ᠠᠶᠢᠮᠠᠭ ᠤᠨ | ᠪᠠᠶᠢᠴᠠᠭᠠᠬᠤ ᠪᠠᠶᠢᠭᠤᠯᠭ᠎ᠠ ᠶᠢᠨ ︽ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ | ᠴᠢᠳᠠᠪᠤᠷᠢᠲᠠᠨ︾ ᠤ ᠴᠣᠯᠠ ᠶᠢ ᠭᠥᠷᠳᠡᠪᠡ᠃ | ︵ᠲᠠᠪᠤ︶ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠠᠶᠢᠴᠠᠭᠠᠬᠤ | ᠬᠤᠷᠢᠶ᠎ᠠ ᠪᠠᠨ ᠪᠦᠬᠦ ᠲᠠᠯ᠎ᠠ ᠪᠠᠷ ᠴᠢᠩᠭ᠎ᠠ ᠵᠠᠰᠠᠭᠰᠠᠨ᠃ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠢ 2 ᠤᠳᠠᠭ᠎ᠠ ᠬᠤᠷᠠᠯᠳᠤᠭᠤᠯᠵᠤ᠂ ᠠᠵᠢᠯ ᠤᠨ ᠲᠦᠰᠦᠪ ᠢ | ᠲᠤᠭᠳᠠᠭᠠᠨ᠂ ᠨᠠᠮ ᠤᠨ ᠰᠤᠷᠲᠠᠯ ᠪᠠ ᠰᠠᠬᠢᠯᠭ᠎ᠠ ᠪᠠᠲᠤ ᠶᠢᠨ ᠪᠠᠶᠢᠴᠠᠭᠠᠯᠲᠠ ᠶᠢ ᠴᠢᠩᠭᠠᠳᠬᠠᠪᠠ᠃ ᠤᠳᠤᠷᠢᠳᠬᠤ | ᠪᠠᠭ ᠤᠨ ᠭᠡᠰᠢᠬᠦᠳ ᠪᠤᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠭᠤᠣᠯ ᠴᠣᠭᠴᠠ ᠶᠢᠨ ᠬᠠᠷᠢᠭᠤᠴᠠᠯᠭ᠎ᠠ | ᠪᠠ ᠨᠢᠭᠡ ᠠᠵᠢᠯ ᠤᠨ ᠪᠠᠶᠢᠷᠢ ᠳᠠᠬᠢ ᠬᠤᠣᠰ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ | ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠭᠤᠭᠴᠤᠭ᠎ᠠ ᠶᠢ ᠠᠩᠬᠠᠷᠤᠨ᠂ | ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠤᠨ ᠨᠠᠷᠢᠯᠢᠬᠵᠢᠭᠤᠯᠤᠭᠰᠠᠨ ᠪᠠᠶᠢᠨ᠎ᠠ᠃ | ᠪᠠᠶᠢᠴᠠᠭᠠᠬᠤ ᠠᠵᠢᠯᠲᠠᠳ ᠤᠨ ᠢᠯᠵᠠᠷᠠᠯ ᠢ ᠡᠰᠡᠷᠬᠦᠴᠡᠬᠦ ᠦᠵᠡᠯ ᠰᠠᠨᠠᠭᠠᠨ ᠤ ᠬᠠᠰᠢᠯᠭ᠎ᠠ ᠶᠢ ᠪᠠᠬᠢᠵᠢᠬᠦᠯᠦᠨ᠂ | ᠰᠡᠷᠡᠮᠵᠢᠯᠡᠭᠦᠯᠬᠦ ᠬᠥᠮᠦᠵᠢᠯ ᠢ 3 ᠤᠳᠠᠭ᠎ᠠ ᠬᠢᠵᠦ᠂ ︽ᠳᠥᠷᠪᠡᠨ ᠰᠤᠷᠲᠠᠯ︾ ᠤᠨ ᠴᠡᠭᠴᠡᠯᠡᠯᠳᠡ ᠶᠢ ᠴᠠᠭ | ᠢᠮᠠᠭᠳᠠ ᠴᠢᠩᠭᠠᠳᠬᠠᠨ᠂ ᠪᠠᠶᠢᠴᠠᠭᠠᠬᠤ ᠬᠤᠷᠢᠶᠠᠨ ᠤ ᠠᠵᠢᠯᠲᠠᠳ ᠤᠨ ᠲᠤᠳᠤᠷ᠎ᠠ ᠬᠠᠤᠯᠢ ᠲᠦᠷᠢᠮ ᠵᠥᠷᠢᠴᠡᠭᠰᠡᠨ | ᠦᠶᠯᠡ ᠠᠵᠢᠯᠯᠠᠭ᠎ᠠ ᠭᠠᠷᠬᠤ ᠦᠬᠡᠢ ᠪᠠᠶᠢᠬᠤ ᠶᠢ ᠪᠠᠳᠤᠯᠠᠪᠠ᠃ ︽ᠴᠢᠬᠤᠯᠠ ᠶᠡᠭᠡ ᠬᠡᠷᠡᠭ ᠶᠠᠪᠤᠳᠠᠯ ᠤᠨ | ᠮᠡᠳᠡᠬᠦᠯᠦᠯᠳᠡ ᠶᠢᠨ ᠰᠢᠰᠲ᠋ᠧᠮ︾ ᠢ ᠬᠡᠷᠡᠭᠯᠡᠨ᠂ ︽ᠭᠤᠷᠪᠠᠨ ᠲᠣᠭᠲᠠᠭᠠᠯ︾ ᠤᠨ ᠬᠡᠷᠡᠭᠵᠢᠭᠦᠯᠦᠯᠲᠡ ᠶᠢ | ᠦᠷᠭᠦᠯᠵᠢᠯᠡᠨ ᠪᠣᠳᠠᠲᠠᠢ ᠠᠳᠬᠤᠵᠤ᠂ ᠮᠡᠳᠡᠬᠦᠯᠦᠯᠳᠡ ᠶᠢᠨ ᠪᠠᠶᠢᠳᠠᠯ ᠢ ᠵᠢᠯ ᠤᠨ ᠠᠵᠢᠯ ᠢ ᠰᠢᠯᠭᠠᠨ ᠦᠨᠡᠯᠡᠬᠦ | ᠠᠭᠤᠯᠭ᠎ᠠ ᠳᠤ ᠤᠷᠤᠭᠤᠯᠤᠨ᠂ ᠳᠦᠷᠢᠮ ᠢᠶᠠᠷ ᠬᠢᠵᠠᠭᠠᠷᠯᠠᠬᠤ ᠬᠠᠮᠳᠤᠷᠠᠯ ᠤᠨ ᠬᠦᠴᠦᠨ ᠢ ᠪᠤᠢ ᠪᠤᠯᠭᠠᠵᠠᠢ᠃ | ᠤᠳᠤ ᠪᠣᠯᠲᠠᠯ᠎ᠠ ᠪᠠᠶᠢᠴᠠᠭᠠᠬᠤ ᠠᠵᠢᠯ ᠪᠠ ᠬᠡᠷᠡᠭ ᠰᠢᠢᠳᠪᠦᠷᠢᠯᠡᠬᠦ ᠳᠤ ᠭᠠᠷ ᠳᠦᠷᠦᠭᠰᠡᠨ ᠵᠡᠷᠭᠡ 29 ᠬᠤᠪᠢ | ᠴᠢᠬᠤᠯᠠ ᠶᠡᠭᠡ ᠤᠴᠢᠷ ᠶᠠᠪᠤᠳᠠᠯ ᠢ ᠲᠠᠩᠰᠠᠯᠠᠨ ᠮᠡᠳᠡᠬᠦᠯᠵᠦ᠂ ᠡᠭᠦᠨ ᠤ ᠳᠣᠲᠣᠷ᠎ᠠ ᠬᠤᠷᠢᠶᠠᠨ ᠤ | ᠤᠳᠤᠷᠢᠳᠤᠯᠭ᠎ᠠ ᠶᠢᠨ ᠲᠠᠭᠯᠠᠨ ᠮᠡᠳᠡᠬᠦᠯᠦᠭᠰᠡᠨ ᠨᠢ 10 ᠬᠤᠪᠢ ᠪᠠᠶᠢᠨ᠎ᠠ᠃ ᠠᠷᠢᠭᠤᠨ ᠴᠢᠬᠡᠴᠢ ᠪᠠᠷ ᠵᠠᠰᠠᠭ | ᠪᠠᠷᠢᠬᠤ ᠲᠦᠭᠰᠢᠭᠦᠷᠢ ᠶᠢ ᠰᠡᠷᠭᠡᠶᠢᠯᠡᠬᠦ ᠬᠠᠮᠢᠶᠠᠷᠤᠯᠲᠠ ᠶᠢᠨ ᠴᠤᠪᠤᠷᠠᠯ ᠵᠢᠷᠤᠭ ᠢ ᠬᠠᠨᠠᠨ ᠳᠤ ᠨᠡᠶᠢᠳᠡᠯᠡᠵᠦ᠂ | ᠠᠵᠢᠯ ᠤᠨ ᠪᠠᠶᠢᠷᠢ ᠶᠢᠨ ᠡᠷᠬᠡ ᠲᠤᠰᠢᠶᠠᠯ ᠤᠨ ᠨᠠᠷᠢᠨ ᠲᠠᠩᠰᠠ 35 ᠶᠢ ᠲᠤᠭᠳᠠᠭᠠᠨ᠂ 69 ᠲᠦᠭᠰᠢᠭᠦᠷᠢ ᠶᠢᠨ | ᠴᠡᠭ ᠢ ᠪᠠᠶᠢᠴᠠᠭᠠᠵᠤ᠂ 75 ᠵᠤᠷᠪᠤᠰ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠤᠭᠳᠠᠭᠠᠵᠠᠢ᠃ | ᠲᠥᠯᠥᠭᠡᠯᠡᠭᠴᠢᠳ ᠠ᠋᠂ ᠨᠢᠭᠡ ᠵᠢᠯ ᠤᠨ ᠲᠤᠷᠰᠢ᠂ ᠮᠠᠨ ᠤ ᠬᠤᠷᠢᠶᠠᠨ ᠤ ᠡᠯ᠎ᠡ ᠲᠦᠷᠦᠯ ᠤᠨ ᠠᠵᠢᠯ ᠨᠢ | ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠮᠵᠢᠯᠴᠠᠭ᠎ᠠ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠡᠮᠵᠢᠯᠭᠡ ᠠᠴᠠ ᠰᠠᠯᠵᠤ ᠴᠢᠳᠠᠰᠢ ᠦᠭᠡᠢ ᠶᠤᠮ᠃ | ᠡ᠊ᠨᠳᠡ ᠪᠢ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠨ ᠲᠦᠯᠦᠭᠡᠯᠡᠵᠦ᠂ ᠡᠷᠬᠢᠮ | ᠬᠦᠨᠳᠦᠳᠦ ᠤᠳᠤᠷᠢᠳᠤᠯᠭ᠎ᠠ᠂ ᠲᠥᠯᠥᠭᠡᠯᠡᠭᠴᠢᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠦᠳᠦᠮᠵᠢ ᠪᠠᠨ ᠡᠷᠬᠢᠴᠡᠬᠦᠯᠦᠨ ᠳ᠋ᠦᠩᠨᠡᠬᠦ ᠶᠢᠨ ᠲᠠᠭᠠᠤ ᠪᠢᠳᠡ ᠪᠠᠰᠠ ᠵᠦᠷᠢᠶ᠎ᠡ ᠲᠤᠳᠠᠭᠳᠠᠯ ᠢᠶᠠᠨ | ᠤᠯᠵᠤ ᠬᠠᠷᠠᠭᠤᠰᠢᠳᠠᠢ ᠪᠠᠶᠢᠨ᠎ᠠ᠄ ᠨᠢᠭᠡ ᠳᠤᠨᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠲᠠᠯ᠎ᠠ ᠪᠠᠷ ᠪᠠᠰᠠ ᠨᠠᠷᠢᠯᠢᠭ ᠣᠨᠣᠴᠠᠲᠠᠢ ᠪᠢᠰᠢ᠂ ᠬᠠᠤᠯᠢᠵᠢᠯ ᠤᠨ ᠲᠠᠭᠠᠭᠤᠯᠭ᠎ᠠ ᠪᠠ ᠪᠠᠳᠤᠯᠠᠭ᠎ᠠ ᠶᠢᠨ | ᠦᠢᠯᠡᠳᠦᠯ ᠢ ᠪᠠᠰᠠ ᠭᠦᠢᠴᠡᠳ ᠪᠠᠳᠠᠷᠠᠭᠤᠯᠵᠤ ᠲᠡᠶᠢᠯᠦᠬᠡᠳᠦᠢ ᠪᠠᠶᠢᠭ᠎ᠠ᠃ ᠬᠤᠶᠠᠷ ᠲᠤᠨᠢ ᠲᠤᠭᠠᠴᠢᠯᠠᠭᠰᠠᠨ | ᠪᠠᠶᠢᠴᠠᠭᠠᠯᠲᠠ ᠳᠤ ᠪᠠᠰᠠ ᠪᠠᠷᠠᠭᠠᠯᠬᠢᠯᠠᠯ ᠤᠨ ᠴᠢᠨᠠᠷᠲᠠᠢ᠂ ᠰᠠᠭᠤᠷᠢᠯᠠᠯ ᠤᠨ ᠴᠢᠨᠠᠷᠲᠠᠢ ᠠᠵᠢᠯ ᠳᠤᠲᠠᠭᠳᠠᠵᠤ᠂ | ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠦᠢᠯᠡᠳᠦᠯ ᠢᠶᠠᠨ ᠪᠠᠳᠠᠷᠠᠭᠤᠯᠬᠤ ᠨᠢ ᠪᠠᠰᠠ ᠬᠢᠵᠠᠭᠠᠷᠲᠠᠢ ᠪᠠᠶᠢᠵᠤ᠂ | ᠲᠤᠰᠬᠠᠢ ᠮᠡᠷᠭᠡᠵᠢᠯ ᠤᠨ ᠠᠵᠢᠯᠲᠠᠨ ᠳᠤᠲᠠᠭᠳᠠᠵᠤ ᠪᠠᠶᠢᠭ᠎ᠠ᠃ ᠭᠤᠷᠪᠠ ᠳᠤᠨᠢ ᠪᠠᠶᠢᠴᠠᠭᠠᠬᠤ ᠲᠤᠬᠠᠶᠢᠯᠠᠭᠰᠠᠨ | ᠠᠵᠢᠯ ᠤᠨ ᠬᠥᠭᠵᠢᠯᠲᠡ ᠲᠡᠩᠴᠡᠭᠦᠷᠢ ᠦᠭᠡᠢ ᠪᠠᠶᠢᠵᠤ᠂ ᠬᠢᠨᠠᠯᠲᠠ ᠶᠢᠨ ᠮᠥᠨ ᠴᠢᠨᠠᠷᠵᠢᠬᠤ ᠢ ᠪᠠᠰᠠ ᠴᠢᠩᠭᠠᠳᠬᠠᠬᠤ | ᠴᠢᠬᠤᠯᠠᠲᠠᠢ ᠪᠠᠶᠢᠭ᠎ᠠ᠃ ᠡᠳᠡᠭᠡᠷ ᠠᠰᠠᠭᠤᠳᠠᠯ ᠢ ᠪᠢᠳᠡ ᠦᠷᠬᠦᠯᠵᠢᠯᠡᠨ ᠰᠢᠢᠳᠪᠦᠷᠢᠯᠡᠬᠦ ᠭᠡᠷᠡᠭᠳᠡᠢ᠃ | 2024 ᠣᠨ ᠤ ᠠᠵᠢᠯ ᠤᠨ ᠰᠡᠳᠬᠢᠴᠡ | 2024 ᠣᠨ ᠳᠤ᠂ ᠮᠠᠨ ᠤ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠡᠷᠡᠭᠦᠯ | ᠲᠣᠭᠲᠠᠭᠤᠨ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ | ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠬᠠᠮᠠᠭᠠᠯᠠᠬᠤ | ᠲᠠᠢ ᠨᠢᠭᠲᠠ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ︽ᠲᠦᠷᠪᠡᠨ ᠶᠡᠭᠡ ᠪᠠᠶᠢᠴᠠᠭᠠᠯᠳᠠ︾ ᠶᠢᠨ ᠡᠭᠦᠷᠭᠡ ᠴᠢᠳᠠᠪᠬᠢ ᠪᠠᠨ | ᠪᠦᠬᠦ ᠲᠠᠯ᠎ᠠ ᠪᠠᠷ ᠬᠦᠢᠴᠡᠳᠭᠡᠨ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ | ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ | ᠨᠢᠭᠡ ᠳᠤ᠂ ᠢᠯᠡ ᠲᠣᠳᠣ ᠤᠯᠤᠰ ᠲᠦᠷᠦ ᠶᠢᠨ ᠰᠠᠭᠤᠷᠢ ᠥᠩᠭᠡ ᠪᠠᠨ ᠡᠭᠦᠷᠢᠳᠡ ᠬᠠᠳᠠᠭᠠᠯᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ | ᠶᠡᠭᠡ ᠡᠭᠦᠷᠭᠡ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ︽ᠬᠤᠶᠠᠷ | ᠶᠡᠭᠡ ᠶᠠᠪᠤᠳᠠᠯ︾ ᠢᠶᠠᠷ ᠭᠠᠷᠳᠠᠴᠠ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ | ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠨᠡᠮᠡᠭᠳᠡᠬᠦᠯᠦᠨ᠂ ᠲᠥᠪ | ᠭᠤᠣᠯᠴᠢ ᠪᠠᠷ ᠬᠠᠤᠯᠢ ᠭᠡᠷᠡᠭᠵᠢᠬᠦᠯᠬᠦ ᠪᠣᠳᠠᠲᠤ ᠦᠷ᠎ᠡ ᠪᠦᠲᠦᠮᠵᠢ ᠪᠠᠷ ︽ᠲᠦᠷᠪᠡᠨ ᠤᠬᠠᠮᠰᠠᠷ︾᠂ ︽ᠲᠦᠷᠪᠡᠨ | ᠢᠲᠡᠭᠡᠯ︾᠂ ︽ᠬᠤᠶᠠᠷ ᠢ ᠬᠠᠮᠠᠭᠠᠯᠠᠬᠤ︾ ᠶᠢ ᠢᠯᠡᠷᠡᠭᠦᠯᠦᠨ᠎ᠡ᠃ ᠨᠡᠩ ᠴᠢᠩᠭ᠎ᠠ ᠤᠯᠤᠰ ᠲᠥᠷᠥ ᠶᠢᠨ | ᠡᠭᠦᠷᠭᠡᠯᠡᠯ ᠢᠶᠠᠷ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ︽ᠰᠢᠨ᠎ᠡ ᠴᠠᠭ ᠦᠶ᠎ᠡ ᠶᠢᠨ ᠪᠠᠶᠢᠴᠠᠭᠠᠬᠤ | ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ︽︿ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠠᠷᠭ᠎ᠠ ᠬᠡᠮᠵᠢᠶ᠎ᠡ︾ | ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠲᠤᠯᠠᠭᠰᠠᠨ ︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ | ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠲᠤᠭᠳᠠᠭᠠᠯ︾ ᠢ ᠨᠠᠶᠢᠳᠠᠪᠤᠷᠢᠵᠢᠭᠤᠯᠵᠤ᠂ ᠪᠦᠬᠦ ᠣᠷᠣᠨ ᠤ | ᠪᠠᠶᠢᠴᠠᠭᠠᠬᠤ ᠠᠵᠢᠯ ᠤᠨ ︽ᠠᠷᠪᠠᠨ ᠶᠡᠭᠡ ᠠᠷᠭ᠎ᠠ ᠪᠤᠳᠤᠯᠭ᠎ᠠ︾ ᠶᠢᠨ ᠲᠣᠭᠤᠷᠢᠨ ᠳᠤ᠂ ᠡᠬᠦᠷᠭᠡ | ᠬᠠᠷᠢᠭᠤᠴᠠᠯᠭ᠎ᠠ ᠪᠠᠨ ᠴᠢᠳᠠᠮᠠᠭᠠᠢ ᠭᠦᠢᠴᠡᠳᠬᠡᠬᠦ ᠶᠢᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠨ | ᠣᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠨᠠᠷᠢᠯᠢᠭ ᠣᠨᠣᠴᠠᠲᠠᠢ ᠪᠠᠷ | ᠬᠦᠢᠴᠡᠳᠭᠡᠨ᠎ᠡ᠃ | ᠬᠤᠶᠠᠷ ᠲᠤ᠂ ᠭᠤᠤᠯ ᠠᠵᠢᠯ ᠶᠡᠭᠡ ᠲᠠᠯ᠎ᠠ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ | ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ | ᠭᠡᠷᠡᠭᠳᠡᠢ᠃ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ | ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ᠂ ︽ᠴᠢᠩᠭ᠎ᠠ ᠰᠢᠳᠬᠡᠬᠦ︾ ᠶᠢᠨ | ᠰᠦᠷᠳᠡᠬᠦᠯᠦᠯ ᠤᠨ ᠡᠷᠴᠢᠮ ᠢ ᠪᠠᠷᠢᠮᠲᠠᠯᠠᠨ᠂ ᠤᠯᠤᠰ ᠣᠷᠣᠨ ᠤ ᠠᠮᠤᠷ ᠲᠦᠪᠰᠢᠨ ᠳᠤ ᠬᠤᠣᠷ ᠬᠥᠨᠥᠭᠡᠯ | ᠤᠴᠠᠷᠠᠭᠤᠯᠤᠭᠰᠠᠨ᠂ ᠨᠡᠶᠢᠭᠡᠮ ᠤᠨ ᠡᠮᠬᠢ ᠲᠢᠭᠯᠡᠮ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ | ᠶᠠᠯᠠᠲᠤ ᠠᠵᠢᠯᠯᠠᠭ᠎ᠠ ᠶᠢ ᠡᠷᠡᠰ ᠴᠢᠩᠭ᠎ᠠ ᠵᠠᠯᠬᠠᠭᠠᠨ ᠰᠢᠳᠬᠡᠬᠦ ᠶᠢᠨ ᠬᠠᠮᠳᠤ᠂ ︽ᠠᠭᠤᠴᠢᠯᠠᠨ ᠰᠢᠳᠬᠡᠬᠦ︾ ᠶᠢᠨ | ᠬᠦᠮᠦᠵᠢᠯ ᠤᠨ ᠦᠢᠯᠡᠳᠦᠯ ᠢ ᠪᠠᠳᠠᠷᠠᠭᠤᠯᠵᠤ᠂ ᠶᠠᠯ᠎ᠠ ᠪᠠᠨ ᠮᠡᠳᠡᠷᠡᠭᠰᠡᠳ ᠢ ᠠᠭᠤᠴᠢᠯᠠᠨ ᠰᠢᠳᠬᠡᠬᠦ ᠳᠦᠷᠢᠮ ᠤᠨ | ᠬᠡᠷᠡᠭᠯᠡᠯᠲᠡ ᠶᠢᠨ ᠴᠢᠨᠠᠷ ᠪᠠ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠤᠯᠤᠰ ᠣᠷᠣᠨ ᠤ ᠠᠮᠤᠷ ᠲᠦᠪᠰᠢᠨ᠂ | ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠦᠨᠡᠨ ᠬᠦ ᠬᠠᠮᠠᠭᠠᠯᠠᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠪᠠᠶᠢᠴᠠᠭᠠᠯᠳᠠ ᠶᠢᠨ ᠡᠬᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠭᠦᠨᠵᠡᠭᠡᠶᠢᠷᠡᠭᠦᠯᠵᠦ᠂ ︽ ᠠᠵᠤ ᠠᠬᠤᠶᠢᠯᠠᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ | ᠰᠠᠶᠢᠲᠤᠷ ᠦᠷᠨᠢᠬᠦᠯᠦᠨ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ | ᠰᠢᠯᠢᠳᠡᠭᠵᠢᠭᠦᠯᠦᠨ᠎ᠡ᠃ ᠢᠷᠭᠡᠨ ᠤ ᠬᠡᠷᠡᠭ ᠵᠠᠰᠠᠭ ᠵᠠᠬᠢᠷᠭᠠᠨ ᠤ ᠭᠡᠷᠡᠭ ᠤᠨ ᠪᠠᠶᠢᠴᠠᠭᠠᠯᠲᠠ ᠶᠢ ᠨᠠᠷᠢᠯᠢᠭ | ᠣᠨᠣᠴᠠᠲᠠᠢ ᠪᠠᠷ ᠥᠷᠨᠢᠭᠦᠯᠵᠦ᠂ ᠬᠡᠷᠡᠭ ᠵᠠᠷᠭᠤ ᠶᠢ ᠳᠠᠭᠤᠰᠬᠠᠨ ᠡᠪ ᠨᠠᠶᠢᠷ ᠢ ᠠᠬᠢᠭᠤᠯᠵᠤ᠂ ᠨᠡᠶᠢᠲᠡ ᠶᠢᠨ | ᠠᠰᠠᠷᠠᠮᠵᠢ ᠶᠢᠨ ᠭᠡᠷᠡᠭ ᠲᠤ ᠤᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠨᠡᠮᠡᠭᠳᠡᠬᠦᠯᠦᠨ᠂ ᠤᠯᠠᠨ ᠨᠡᠶᠢᠲᠡ ᠶᠢᠨ | ᠠᠮᠤᠷ ᠲᠦᠪᠰᠢᠨ ᠤ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠬᠡᠷᠡᠭ ᠤᠨ ᠰᠢᠢᠳᠪᠦᠷᠢᠯᠡᠬᠦ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ | | ᠭᠤᠷᠪᠠ ᠳᠤ᠂ ︽ᠴᠢᠨᠠᠷ ᠴᠢᠨᠰᠠᠭ᠎ᠠ ᠲᠠᠢ ᠦᠷ᠎ᠡ ᠪᠦᠲᠦᠮᠵᠢᠲᠡᠶ ᠪᠠᠷ ᠬᠡᠷᠡᠭ ᠨᠢᠭᠡᠪᠦᠷᠢ ᠶᠢ ᠰᠠᠶᠢᠲᠤᠷ | ᠰᠢᠢᠳᠪᠦᠷᠢᠯᠡᠬᠦ︾ ᠦᠨᠳᠦᠰᠦᠨ ᠦᠷᠳᠡᠭ ᠤᠨ ᠬᠥᠭᠡᠭᠡᠴᠡᠯᠳᠦᠯ ᠢ ᠪᠠᠲᠤ ᠰᠠᠬᠢᠵᠤ᠂ ᠠᠷᠠᠳ ᠤᠯᠠᠨ ᠤ ᠬᠠᠤᠯᠢ | ᠴᠠᠭᠠᠵᠠ ᠶᠢᠨ ᠲᠠᠯ᠎ᠠ ᠪᠠᠷ ᠬᠢ ᠤᠯᠤᠯᠳᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠨᠡᠮᠡᠭᠳᠡᠬᠦᠯᠬᠦ ᠭᠡᠷᠡᠭᠳᠡᠢ᠃ | ︽ᠬᠠᠤᠯᠢ ᠶᠢ ᠴᠢᠩᠭ᠎ᠠ ᠬᠡᠷᠡᠭᠵᠢᠭᠦᠯᠬᠦ︾ ᠡᠨᠡᠬᠦ ᠬᠥᠪᠴᠢ ᠶᠢ ᠢᠮᠠᠭᠲᠠ ᠴᠢᠩᠭᠠᠯᠠᠨ᠂ ᠬᠠᠤᠯᠢ ᠲᠦᠷᠢᠮ ᠢ ᠵᠦᠪ | ᠣᠨᠣᠪᠴᠢᠲᠠᠢ ᠬᠡᠷᠡᠭᠯᠡᠵᠦ᠂ ︽ᠭᠤᠷᠪᠠᠨ ᠦᠷ᠎ᠡ ᠪᠦᠲᠦᠮᠵᠢ︾ ᠶᠢ ᠣᠷᠭᠠᠨᠢᠭ ᠢᠶᠠᠷ ᠨᠢᠭᠡᠳᠭᠡᠨ᠂ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠠᠭᠤᠷᠠᠶᠢᠴᠤᠤᠯ ᠤᠨ ᠬᠠᠤᠯᠢ ᠴᠠᠭᠠᠵᠠ ᠶᠢᠨ ᠬᠡᠷᠡᠭᠴᠡᠭᠡ ᠶᠢ ᠨᠡᠩ | ᠶᠡᠭᠡ ᠬᠡᠮᠵᠢᠶ᠎ᠡ ᠪᠠᠷ ᠪᠠᠳᠤᠯᠠᠨ᠂ ᠰᠢᠨ᠎ᠡ ᠴᠠᠭ ᠦᠶ᠎ᠡ ᠶᠢᠨ ︽ ᠹᠧᠩᠴᠢᠶᠤᠤ ᠶᠢᠨ ᠲᠤᠷᠰᠢᠯᠭ᠎ᠠ︾ ᠶᠢ ᠦᠷᠬᠦᠯᠵᠢᠯᠡᠨ | ᠦᠢᠯᠡᠳᠦᠯᠭᠡᠵᠢᠭᠦᠯᠦᠨ᠎ᠡ᠃ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠵᠠᠭᠠᠯᠳᠤᠯᠭ᠎ᠠ ᠶᠢ ᠳᠡᠮᠵᠢᠬᠦ᠂ ᠬᠠᠤᠯᠢ ᠴᠠᠭᠠᠵᠠ ᠶᠢᠨ ᠲᠤᠰᠠᠯᠠᠮᠵᠢ ᠤᠯᠭᠤᠬᠤ ᠵᠡᠷᠭᠡ ᠠᠷᠠᠳ ᠤᠨ | ᠰᠡᠳᠬᠢᠯ ᠤᠨ ᠢᠨᠵᠧᠨᠧᠷᠢᠩ ᠢ ᠦᠷᠭᠦᠯᠵᠢᠯᠡᠨ ᠪᠤᠳᠠᠳᠠᠶᠢᠵᠢᠭᠤᠯᠤᠨ᠎ᠠ᠃ ᠬᠠᠤᠯᠢ ᠶᠢᠨ ᠦᠢᠯᠡᠴᠢᠯᠡᠭᠡᠨ ᠤ | ᠬᠠᠨᠳᠤᠯᠭᠠᠲᠤ ᠴᠢᠨᠠᠷ᠂ ᠨᠠᠷᠢᠯᠢᠭ ᠣᠨᠣᠴᠠᠳᠤ ᠴᠢᠨᠠᠷ ᠢ ᠲᠠᠰᠤᠷᠠᠯᠳᠠ ᠦᠭᠡᠢ ᠲᠡᠭᠡᠭᠰᠢᠯᠡᠬᠦᠯᠦᠨ᠂ ᠶᠠᠯ᠎ᠠ ᠬᠢᠭᠰᠡᠨ | ᠨᠠᠰᠤᠨ ᠳᠤ ᠦᠯᠤ ᠬᠥᠷᠦᠭᠰᠡᠳ ᠢ ᠬᠠᠪᠰᠤᠷᠤᠨ ᠰᠤᠷᠭᠠᠬᠤ ᠪᠠ ᠨᠠᠰᠤᠨ ᠳᠤ ᠦᠯᠤ ᠬᠥᠷᠦᠭᠰᠡᠳ ᠢ ᠶᠡᠷᠦᠩᠬᠡᠶᠢᠯᠡᠨ | ᠠᠪᠤᠷᠠᠨ ᠲᠤᠰᠠᠯᠠᠬᠤ ᠠᠵᠢᠯ ᠢ ᠲᠣᠪᠣᠶᠢᠮ᠎ᠠ ᠰᠠᠶᠢᠨ ᠠᠳᠬᠤᠵᠤ᠂ ᠬᠠᠤᠯᠢ ᠪᠠᠷ ᠵᠠᠰᠠᠬᠤ ᠳᠡᠳ᠋ ᠵᠠᠬᠢᠷᠤᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠰᠠᠶᠢᠳᠤᠷ ᠦᠢᠯᠡᠳᠦᠯᠭᠡᠵᠢᠬᠦᠯᠦᠨ᠂ ᠬᠠᠤᠯᠢ ᠪᠠᠷ ᠵᠠᠰᠠᠬᠤ | ᠤᠬᠠᠭᠤᠯᠭ᠎ᠠ ᠶᠢᠨ ᠠᠵᠢᠯ ᠢ ᠰᠠᠶᠢᠨ ᠬᠢᠨ᠎ᠡ᠃ ︽ᠨᠢᠭᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠶᠢ | ᠨᠠᠶᠢᠳᠠᠪᠤᠷᠢᠵᠢᠭᠤᠯᠬᠤ ᠠᠵᠢᠯ ᠳᠤ ᠦᠷᠭᠦᠯᠵᠢᠯᠡᠨ ᠬᠢᠨᠠᠯᠲᠠ ᠲᠠᠯᠪᠢᠵᠤ᠂ ᠨᠠᠰᠤᠨ ᠳᠤ ᠦᠯᠤ ᠬᠥᠷᠦᠭᠰᠡᠳ ᠲᠤ | ᠬᠠᠯᠳᠠᠭᠰᠠᠨ ᠬᠠᠤᠯᠢ ᠪᠤᠰᠤ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠨᠠᠰᠤᠨ ᠳᠤ | ᠦᠯᠤ ᠬᠥᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠪᠤᠶᠢᠵᠢᠯᠳᠠ ᠶᠢ ᠦᠨᠡᠨ ᠬᠦ ᠬᠠᠮᠠᠭᠠᠯᠠᠨ᠎ᠠ᠃ | ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠣᠨᠴᠠᠯᠢᠭ ᠢᠶᠠᠨ ᠲᠤᠪᠤᠶᠢᠯᠭᠠᠵᠤ᠂ ᠥᠨᠳᠥᠷ | ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠶᠢᠴᠠᠭᠠᠬᠤ ᠡᠩᠨᠡᠭᠡ ᠶᠢ ᠪᠠᠶᠢᠭᠤᠯᠬᠤ ᠭᠡᠷᠡᠭᠳᠡᠢ᠃ ᠨᠠᠮ ᠤᠨ ᠬᠠᠷᠢᠴᠠᠯᠠᠰᠢ | ᠦᠭᠡᠢ ᠤᠳᠤᠷᠢᠳᠤᠯᠭ᠎ᠠ ᠶᠢ ᠢᠮᠠᠭᠲᠠ ᠲᠤᠤᠱᠯᠠᠭᠤᠯᠵᠤ᠂ ᠨᠠᠮ ᠤᠨ ᠢᠶᠠᠨ ᠵᠢᠯᠣᠭᠤᠳᠤᠯᠭ᠎ᠠ ᠶᠢ ᠲᠠᠭᠠᠬᠤ᠂ ᠦᠨᠡᠨᠴᠢ | ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ ᠦᠵᠡᠯ ᠰᠠᠨᠠᠭᠠᠨ ᠤ ᠰᠠᠭᠤᠷᠢ ᠶᠢ ᠪᠠᠲᠤ ᠴᠤᠭᠴᠠᠯᠠᠨ᠂ ︽ᠭᠤᠷᠪᠠᠨ | ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ ᠬᠤᠭᠤᠰᠤᠨ︾ ᠵᠡᠷᠭᠡ | ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠪᠤᠳᠠᠳᠠᠢ ᠦᠷ᠎ᠡ ᠪᠦᠲᠦᠮᠵᠢ | ᠭᠠᠷᠭᠠᠨ᠎ᠠ᠃ ᠲᠡᠷᠢᠭᠦᠨ ᠤ ᠪᠠᠶᠢᠴᠠᠭᠠᠬᠤ ᠬᠤᠷᠢᠶ᠎ᠠ ᠯᠤᠭ᠎ᠠ ᠶᠢᠨ ᠰᠤᠷᠤᠯᠴᠠᠯᠭ᠎ᠠ ᠰᠣᠯᠢᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠬᠠᠤᠯᠢ ᠭᠡᠷᠡᠭᠵᠢᠬᠦᠯᠬᠦ ᠠᠷᠭ᠎ᠠ ᠲᠤᠷᠰᠢᠯᠭ᠎ᠠ ᠶᠢᠨ ᠰᠠᠶᠢᠨ ᠨᠥᠬᠦᠴᠡᠯᠳᠦᠯ ᠢ ᠪᠡᠶᠡᠯᠡᠬᠦᠯᠦᠨ᠂ | ᠪᠠᠶᠢᠴᠠᠭᠠᠬᠤ ᠠᠵᠢᠯᠲᠠᠨ ᠤ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠᠷᠢᠮᠵᠢᠶ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠰᠢᠨᠵᠢᠯᠡᠬᠦ ᠤᠬᠠᠭᠠᠨᠴᠢ ᠬᠠᠮᠢᠶᠠᠷᠤᠯᠲᠠ ᠠᠴᠠ ︽ᠦᠢᠯᠡᠳᠪᠦᠷᠢᠯᠡᠯ ᠤᠨ ᠬᠦᠴᠦᠨ︾ ︽ᠳᠠᠶᠢᠴᠢᠨ ᠬᠦᠴᠦᠨ︾ ᠢ | ᠣᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠠᠷ ᠠᠵᠢᠯ ᠤᠨ ᠤᠳᠤᠷᠢᠳᠤᠮᠵᠢ ᠪᠣᠯᠭᠠᠵᠤ᠂ | ᠥᠪᠡᠷ ᠤᠨ ᠪᠡᠶ᠎ᠡ ᠳᠡᠭᠡᠨ ᠡᠬᠦᠷᠭᠡ ᠬᠠᠷᠢᠭᠤᠴᠠᠨ᠂ ︽ᠭᠤᠷᠪᠠᠨ ᠲᠣᠭᠲᠠᠭᠠᠯ︾ ᠢ ᠦᠷᠭᠦᠯᠵᠢᠯᠡᠨ ᠰᠠᠶᠢᠲᠤᠷ | ᠠᠳᠬᠤᠵᠤ ᠂ ᠲᠥᠪ ᠭᠤᠣᠯᠴᠢ ᠠᠷᠢᠭᠤᠨ ᠴᠢᠬᠡᠴᠢ ᠪᠠᠷ ᠬᠠᠤᠯᠢ ᠭᠡᠷᠡᠭᠵᠢᠬᠦᠯᠬᠦ ᠶᠢ ᠦᠨᠡᠨ ᠬᠦ ᠪᠠᠲᠤᠯᠠᠨ᠎ᠠ᠃ | ᠲᠠᠪᠤ ᠳᠤ᠂ ︽ᠪᠦᠬᠦ ᠶᠠᠪᠤᠴᠠ ᠳᠤ ᠠᠷᠠᠳᠴᠢᠯᠠᠯ ᠢ ᠭᠡᠷᠡᠭᠵᠢᠬᠦᠯᠬᠦ︾ ᠱᠠᠭᠠᠷᠳᠠᠯᠭ᠎ᠠ ᠶᠢ ᠦᠢᠯᠡᠳᠦᠯᠭᠡᠵᠢᠬᠦᠯᠦᠨ | ᠂ ᠬᠢᠨᠠᠯᠲᠠ ᠬᠢᠵᠠᠭᠠᠷᠯᠠᠯ ᠢ ᠤᠬᠠᠮᠰᠠᠷ ᠠᠴᠠ ᠪᠠᠨ ᠬᠦᠯᠢᠶᠡᠨ ᠠᠪᠴᠤ᠂ ᠪᠠᠶᠢᠴᠠᠭᠠᠬᠤ ᠠᠵᠢᠯ ᠤᠨ ᠢᠲᠡᠭᠡᠭᠦᠯᠬᠦ | ᠬᠦᠴᠦᠨ ᠢ ᠴᠢᠩᠭᠠᠷᠠᠭᠤᠯᠬᠤ ᠭᠡᠷᠡᠭᠳᠡᠢ᠃ ᠬᠢᠨᠠᠯᠲᠠ ᠲᠠᠯᠪᠢᠭᠴᠢᠳ ᠨᠢ ᠨᠡᠩ ᠢᠯᠡᠭᠦᠦ ᠬᠢᠨᠠᠯᠳᠠ ᠶᠢ ᠬᠦᠯᠢᠶᠡᠬᠦ | ᠭᠡᠷᠡᠭᠳᠡᠢ ᠬᠡᠮᠡᠬᠦ ᠣᠶᠢᠯᠠᠭᠠᠭᠳᠠᠬᠤᠨ ᠢ ᠪᠠᠲᠤ ᠡᠵᠡᠮᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠤᠨ ᠰᠠᠨᠠᠯ ᠰᠠᠨᠠᠭᠤᠯᠭ᠎ᠠ ᠶᠢ | ᠪᠠᠶᠢᠴᠠᠭᠠᠬᠤ ᠰᠠᠨᠠᠭᠤᠯᠭ᠎ᠠ ᠪᠣᠯᠭᠠᠨ ᠨᠠᠶᠢᠳᠠᠪᠤᠷᠢᠵᠢᠭᠤᠯᠵᠤ᠂ ᠰᠤᠷᠪᠤᠯᠵᠢᠯᠠᠭ᠎ᠠ ᠶᠢᠨ ᠡᠷᠴᠢᠮ ᠢ ᠴᠢᠩᠭᠠᠷᠠᠭᠤᠯᠤᠨ᠂ | ᠠᠷᠠᠳ ᠤᠨ ᠲᠥᠯᠥᠭᠡᠯᠡᠭᠴᠢᠳ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠢ ᠢᠳᠡᠪᠬᠢᠲᠡᠢ ᠪᠠᠷ ᠤᠷᠢᠵᠤ | ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠵᠡᠷᠭᠡ ᠠᠵᠢᠯᠯᠠᠭ᠎ᠠ ᠳᠤ ᠤᠷᠤᠯᠴᠠᠭᠤᠯᠤᠨ᠂ ᠪᠠᠶᠢᠴᠠᠭᠠᠬᠤ ᠡᠷᠬᠡ ᠶᠢ | ᠢᠯᠡ ᠲᠤᠳᠤ ᠬᠡᠷᠡᠭᠵᠢᠭᠦᠯᠬᠦ ᠭᠡᠷᠡᠭᠳᠡᠢ᠃ | ᠲᠥᠯᠥᠭᠡᠯᠡᠭᠴᠢᠳ ᠠ᠋᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠲᠠᠶᠢᠹᠤᠰᠧ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠦᠨᠳᠦᠰᠦᠨ ᠬᠠᠤᠯᠢ ᠬᠠᠤᠯᠢ | ᠴᠠᠭᠠᠵᠠ ᠠᠴᠠ ᠣᠯᠭᠤᠭᠰᠠᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ | ᠬᠦᠢᠴᠡᠳᠭᠡᠨ᠂ ᠬᠤᠰᠢᠭᠤ ᠨᠠᠮ ᠤᠨ ᠬᠤᠷᠢᠶ᠎ᠠ ᠪᠣᠯᠣᠨ ᠳᠡᠭᠡᠳᠦ ᠱᠠᠲᠤᠨ ᠤ ᠪᠠᠶᠢᠴᠠᠭᠠᠬᠤ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠶᠢ ᠡᠬᠦᠳᠴᠦ ᠠᠵᠢᠯᠯᠠᠨ᠂ ᠵᠠᠮ ᠨᠡᠭᠡᠭᠡᠨ ᠤᠷᠤᠭᠰᠢᠯᠠᠵᠤ᠂ ᠰᠢᠨ᠎ᠡ | ᠴᠠᠭ ᠦᠶ᠎ᠡ ᠶᠢᠨ ᠲᠠᠶᠢᠹᠤᠰᠧ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ | ᠶᠡᠭᠡ ᠬᠤᠪᠢ ᠨᠡᠮᠡᠷᠢ ᠪᠠᠨ ᠦᠵᠡᠬᠦᠯᠬᠦ ᠪᠠᠷ ᠴᠢᠷᠮᠠᠶᠢᠨ᠎ᠠ︕ | | ᠨᠡᠷ᠎ᠡ ᠦᠭᠡ ᠶᠢᠨ ᠲᠠᠶᠢᠯᠪᠤᠷᠢ᠄ | 1 . ᠳᠥᠷᠪᠡᠨ ᠶᠡᠭᠡ ᠪᠠᠶᠢᠴᠠᠭᠠᠯᠲᠠ᠄ ᠡᠷᠡᠭᠦᠦ ᠶᠢᠨ ᠬᠡᠷᠡᠭ ᠤᠨ ᠪᠠᠶᠢᠴᠠᠭᠠᠯᠲᠠ᠂ ᠢᠷᠭᠡᠨ ᠤ ᠬᠡᠷᠡᠭ ᠤᠨ | ᠪᠠᠶᠢᠴᠠᠭᠠᠯᠲᠠ᠂ ᠵᠠᠰᠠᠭ ᠵᠠᠬᠢᠷᠭᠠᠨ ᠤ ᠭᠡᠷᠡᠭ ᠤᠨ ᠪᠠᠶᠢᠴᠠᠭᠠᠯᠲᠠ᠂ ᠨᠡᠶᠢᠲᠡ ᠶᠢᠨ ᠠᠰᠠᠷᠠᠮᠵᠢ ᠶᠢᠨ ᠭᠡᠷᠡᠭ ᠤᠨ | ᠪᠠᠶᠢᠴᠠᠭᠠᠯᠲᠠ᠃ | 2 . ᠨᠡᠶᠢᠲᠡ ᠶᠢᠨ ᠠᠰᠠᠷᠠᠮᠵᠢ ᠶᠢᠨ ᠭᠡᠷᠡᠭ ᠤᠨ ᠪᠠᠶᠢᠴᠠᠭᠠᠯᠲᠠ᠄ ᠪᠠᠶᠢᠴᠠᠭᠠᠬᠤ ᠪᠠᠶᠢᠭᠤᠯᠭ᠎ᠠ ᠨᠢ ᠪᠠᠶᠢᠴᠠᠭᠠᠬᠤ | ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠪᠠᠷ ᠳᠠᠮᠵᠢᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠱᠠᠭᠠᠷᠳᠠᠨ | ᠬᠢᠨᠠᠯᠳᠠ ᠬᠠᠮᠢᠶᠠᠷᠤᠯᠳᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠬᠦᠢᠴᠡᠳᠭᠡᠯᠬᠡᠵᠦ᠂ ᠤᠯᠤᠰ ᠬᠦᠷᠦᠨ | ᠤ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠨ᠎ᠠ᠃ | 3. ᠨᠢᠭᠡᠳᠦᠭᠡᠷ ᠲᠤᠭᠠᠳᠤ ᠪᠠᠶᠢᠴᠠᠭᠠᠬᠤ ᠰᠠᠨᠠᠭᠤᠯᠭ᠎ᠠ᠄ 2018 ᠣᠨ ᠤ 10 ᠰᠠᠷ᠎ᠠ ᠶᠢᠨ 19 ᠤ ᠡᠳᠦᠷ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ᠬᠡᠦᠬᠡᠳ ᠪᠠᠭᠠᠴᠤᠳ ᠪᠠ ᠰᠣᠷᠣᠭᠴᠢ ᠶᠢᠨ ᠬᠠᠤᠯᠢ ᠪᠠᠷ ᠵᠠᠰᠠᠬᠤ | ᠬᠥᠮᠦᠵᠢᠯ᠂ ᠪᠡᠯᠬᠡ ᠶᠢᠨ ᠬᠠᠯᠳᠠᠯᠭ᠎ᠠ ᠶᠢ ᠰᠡᠷᠭᠡᠶᠢᠯᠡᠬᠦ ᠬᠥᠮᠦᠵᠢᠯ ᠲᠤᠳᠠᠭᠳᠠᠵᠤ ᠪᠠᠶᠢᠭ᠎ᠠ ᠵᠡᠷᠭᠡ ᠠᠰᠠᠭᠤᠳᠠᠯ ᠳᠤ | ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠳᠤ ᠲᠡᠦᠬᠡᠨ ᠳᠡᠭᠡᠷᠡᠬᠢ ᠠᠩᠬᠠᠳᠠᠭᠴᠢ ᠪᠠᠶᠢᠴᠠᠭᠠᠬᠤ ᠰᠠᠨᠠᠭᠤᠯᠭ᠎ᠠ | ᠶᠢ ᠭᠠᠷᠭᠠᠵᠠᠢ᠂ ᠡᠬᠦᠨ ᠢ ᠳᠥᠭᠦᠮᠴᠢᠯᠡᠭᠡᠳ 《 ᠨᠢᠭᠡᠳᠦᠭᠡᠷ ᠨᠤᠮᠧᠷᠳᠤ ᠪᠠᠶᠢᠴᠠᠭᠠᠬᠤ ᠰᠠᠨᠠᠭᠤᠯᠭ᠎ᠠ 》 ᠭᠡᠳᠡᠭ᠃ | ᠲᠡᠭᠦᠨ ᠤ ᠭᠤᠣᠯ ᠠᠭᠤᠯᠭ᠎ᠠ ᠨᠢ᠄ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠳᠦᠷᠢᠮ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠦᠨ ᠲᠡᠬᠦᠯᠳᠡᠷᠵᠢᠬᠦᠯᠵᠦ᠂ ᠰᠤᠷᠭᠠᠭᠤᠯᠢ ᠶᠢᠨ ᠬᠦᠷᠢᠶᠡᠨ ᠤ ᠪᠡᠯᠬᠡ ᠶᠢᠨ ᠬᠠᠯᠳᠠᠯᠭ᠎ᠠ ᠶᠢ | ᠰᠡᠷᠭᠡᠶᠢᠯᠡᠬᠦ ᠬᠠᠮᠢᠶ᠎ᠠ ᠪᠥᠬᠦᠶ ᠲᠦᠷᠢᠮ ᠲᠤᠭᠳᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ | ᠪᠠᠨ ᠴᠢᠩᠭᠠᠳᠬᠠᠵᠤ᠂ ᠬᠠᠤᠯᠢ ᠰᠠᠬᠢᠯᠭ᠎ᠠ ᠵᠥᠷᠢᠴᠡᠭᠰᠡᠨ ᠬᠤᠯᠪᠣᠭᠳᠠᠯ ᠪᠦᠬᠦᠢ ᠬᠥᠮᠦᠰ ᠢ ᠬᠠᠤᠯᠢ ᠶᠣᠰᠣᠭᠠᠷ | ᠴᠢᠩᠭ᠎ᠠ ᠰᠢᠢᠳᠪᠦᠷᠢᠯᠡᠬᠦ ᠲᠤᠬᠠᠢ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ | 4 . ᠬᠡᠷᠡᠭ - ᠲᠤᠭᠠᠨ ᠤ ᠬᠠᠷᠢᠴᠠᠯ᠄ ᠠᠷᠠᠳ ᠣᠯᠠᠨ ᠤ ᠳᠡᠷᠭᠡᠳᠡ ᠡᠭᠦᠰᠦᠭᠰᠡᠨ ᠬᠡᠷᠡᠭ ᠢ ᠬᠠᠤᠯᠢ ᠴᠠᠭᠠᠵᠠ | ᠶᠢᠨ ᠵᠢᠷᠤᠮ ᠳᠤ ᠣᠷᠣᠭᠰᠠᠨ ᠤ ᠳᠠᠷᠠᠭ᠎ᠠ ᠥᠩᠭᠡᠷᠡᠭᠦᠯᠦᠭᠰᠡᠨ ᠬᠤᠯᠪᠣᠭᠳᠠᠯ ᠪᠦᠬᠦᠢ ᠵᠠᠷᠭᠤ ᠶᠢᠨ ᠭᠤᠭᠴᠣᠭᠠᠨ ᠳᠤ | ᠪᠦᠷᠢᠳᠬᠡᠵᠦ ᠭᠠᠷᠭᠠᠭᠰᠠᠨ ᠲᠤᠭ᠎ᠠ ᠲᠠᠢ ᠬᠠᠷᠢᠴᠠᠭᠤᠯᠤᠭᠰᠠᠨ ᠬᠠᠷᠢᠴᠠᠯ ᠪᠣᠯᠤᠨ᠎ᠠ᠃ 《 ᠬᠡᠷᠡᠭ - ᠲᠤᠭᠠᠨ ᠤ | ᠬᠠᠷᠢᠴᠠᠯ 》 ᠤᠨ ᠳᠣᠲᠣᠷᠠᠬᠢ ᠲᠤᠭ᠎ᠠ ᠨᠢ ᠬᠡᠳᠦᠢ ᠪᠠᠭ᠎ᠠ ᠪᠠᠶᠢᠪᠠᠯ᠂ 《 ᠬᠡᠷᠡᠭ 》 ᠤᠨ ᠥᠩᠭᠡᠷᠡᠯᠲᠡ ᠶᠢᠨ | ᠵᠠᠷᠭᠤ ᠶᠢᠨ ᠭᠤᠭᠴᠤᠭ᠎ᠠ ᠨᠢ ᠬᠡᠳᠦᠢ ᠪᠠᠭ᠎ᠠ᠂ ᠬᠡᠷᠡᠭ ᠰᠢᠢᠳᠪᠦᠷᠢᠯᠡᠬᠦ ᠴᠠᠭ ᠨᠢ ᠬᠡᠳᠦᠢ ᠣᠬᠤᠷ᠂ ᠲᠤᠬᠠᠢ ᠶᠢᠨ | ᠬᠥᠮᠦᠨ ᠤ ᠦᠨᠡᠯᠡᠯᠲᠡ ᠨᠢ ᠬᠡᠳᠦᠢ ᠥᠨᠳᠥᠷ᠂ ᠬᠡᠷᠡᠭ ᠰᠢᠢᠳᠪᠦᠷᠢᠯᠡᠬᠦ ᠨᠡᠶᠢᠭᠡᠮ ᠤᠨ ᠦᠷ᠎ᠡ ᠪᠦᠲᠦᠮᠵᠢ ᠨᠢ ᠲᠡᠳᠦᠢ | ᠰᠠᠶᠢᠨ ᠪᠠᠶᠢᠳᠠᠭ᠃ | 5. ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠄ ᠨᠡᠶᠢᠭᠡᠮ ᠤᠨ ᠵᠠᠰᠠᠯᠲᠠ ᠶᠢ ᠥᠷᠨᠢᠭᠦᠯᠬᠦ | ᠶᠠᠪᠤᠴᠠ ᠳᠤ ︽ᠲᠠᠪᠤ ᠶᠢ ᠪᠠᠷᠢᠮᠲᠠᠯᠠᠬᠤ︾ ᠶᠢ ᠬᠡᠷᠡᠭᠵᠢᠭᠦᠯᠦᠨ᠎ᠡ᠃ ᠲᠤᠬᠠᠶᠢᠯᠠᠪᠠᠯ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠶᠢ ᠪᠠᠷᠢᠮᠳᠠᠯᠠᠬᠤ ᠂ ᠠᠷᠠᠳ ᠲᠦᠮᠡᠨ ᠤ ᠭᠤᠤᠯ ᠴᠣᠭᠴᠠ ᠶᠢ ᠪᠠᠷᠢᠮᠳᠠᠯᠠᠬᠤ᠂ ᠥᠪᠡᠷᠲᠡᠭᠡᠨ | ᠵᠠᠰᠠᠬᠤ ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ︽ᠭᠤᠷᠪᠠᠨ ᠵᠠᠰᠠᠯᠲᠠ ᠶᠢᠨ ᠠᠭᠤᠰᠤᠯᠴᠠᠯ︾ ᠢ | ᠪᠠᠷᠢᠮᠳᠠᠯᠠᠬᠤ᠂ ᠬᠥᠮᠥᠨ ᠤ ᠰᠡᠷᠭᠡᠶᠢᠯᠡᠯᠳᠡ᠂ ᠪᠣᠳᠠᠰ ᠤᠨ ᠰᠡᠷᠭᠡᠶᠢᠯᠡᠯᠳᠡ᠂ ᠮᠡᠷᠭᠡᠵᠢᠯ ᠤᠨ ᠰᠡᠷᠭᠡᠶᠢᠯᠡᠯᠳᠡ᠂ ᠰᠡᠳᠬᠢᠯ | ᠤᠨ ᠰᠡᠷᠭᠡᠶᠢᠯᠡᠯᠳᠡ ᠵᠡᠷᠭᠡ ︽ᠲᠦᠷᠪᠡᠨ ᠰᠡᠷᠭᠡᠶᠢᠯᠡᠯᠲᠡ ᠶᠢ ᠵᠡᠷᠭᠡ ᠪᠠᠷ ᠠᠳᠬᠤᠬᠤ︾ ᠶᠢ ᠪᠠᠷᠢᠮᠳᠠᠯᠠᠬᠤ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠳᠠᠯᠠᠬᠤ ᠃ | 6. ︽ᠭᠤᠷᠪᠠᠨ ᠲᠣᠭᠲᠠᠭᠠᠯ︾᠄ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠤᠳᠤᠷᠢᠳᠬᠤ ᠺᠠᠳ᠋ᠷ ᠬᠠᠤᠯᠢ | ᠭᠡᠷᠡᠭᠵᠢᠬᠦᠯᠬᠦ ᠠᠵᠢᠯᠯᠠᠭ᠎ᠠ ᠳᠤ ᠭᠠᠷ ᠲᠥᠷᠥᠭᠰᠡᠨ᠂ ᠪᠣᠳᠠᠲᠠᠢ ᠬᠡᠷᠡᠭ ᠢ ᠰᠢᠢᠳᠪᠦᠷᠢᠯᠡᠬᠦ ᠳᠤ ᠭᠠᠷ ᠳᠦᠷᠦᠭᠰᠡᠨ | ᠠᠰᠠᠭᠤᠳᠠᠯ ᠢ ᠲᠡᠮᠳᠡᠭᠯᠡᠬᠦ᠂ ᠨᠡᠶᠢᠳᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ︾ ᠂ ᠲᠥᠪ ᠤᠨ ᠤᠯᠤᠰ | ᠲᠦᠷᠦ ᠬᠠᠤᠯᠢ ᠴᠠᠭᠠᠵᠠ ᠶᠢᠨ ᠵᠦᠪᠯᠡᠯ ᠤᠨ ᠳᠠᠷᠤᠮᠠᠯᠯᠠᠨ ᠲᠠᠷᠬᠠᠭᠠᠭᠰᠠᠨ ︽ᠬᠠᠤᠯᠢ ᠶᠢᠨ ᠪᠠᠶᠢᠭᠤᠯᠭ᠎ᠠ ᠶᠢᠨ | ᠠᠵᠢᠯᠲᠠᠨ ᠬᠡᠷᠡᠭ ᠰᠢᠢᠳᠪᠦᠷᠢᠯᠡᠬᠦ ᠳᠤ ᠭᠠᠷ ᠲᠦᠷᠦᠭᠰᠡᠨ ᠠᠰᠠᠭᠤᠳᠠᠯ ᠢ ᠲᠡᠮᠳᠡᠭᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ | ᠲᠣᠭᠲᠠᠭᠠᠯ︾᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠠᠮᠤᠷ ᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ | ᠶᠠᠮᠤᠨ ᠤ ᠳᠠᠷᠤᠮᠠᠯᠯᠠᠨ ᠲᠠᠷᠬᠠᠭᠠᠭᠰᠠᠨ ︽ᠬᠠᠤᠯᠢ ᠶᠢᠨ ᠠᠵᠢᠯᠲᠠᠨ ᠤ ᠲᠤᠬᠠᠢ ᠶᠢᠨ ᠬᠥᠮᠥᠨ᠂ ᠬᠠᠤᠯᠢᠴᠢ᠂ | ᠣᠨᠴᠠᠭᠠᠢ ᠬᠠᠷᠢᠴᠠᠭ᠎ᠠ ᠲᠠᠢ ᠬᠥᠮᠥᠨ᠂ ᠵᠠᠭᠤᠴᠢ ᠵᠣᠬᠢᠶᠠᠨ ᠪᠠᠶᠢᠭᠤᠯᠤᠯᠲᠠ ᠯᠤᠭ᠎ᠠ ᠬᠠᠷᠢᠯᠴᠠᠬᠤ ᠦᠢᠯᠡ | ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠬᠦᠯᠬᠦ ᠲᠤᠬᠠᠢ ᠲᠣᠭᠲᠠᠭᠠᠯ ᠤᠳ︾᠃ |