ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠬᠡᠳᠦᠭᠡᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠤ ᠮᠠᠲ᠋ᠧᠷᠢᠶᠠᠯ ︵2︶ | | ᠲᠣᠮᠲᠠᠲᠣ ᠣᠯᠣᠰ ᠤᠨ ᠠᠷᠡᠳ ᠤᠨ ᠣᠯᠣᠰ ᠲᠥᠷᠥ ᠶᠢᠨ ᠵᠥᠪᠯᠡᠯᠭᠡᠨ ᠤ ᠲᠠᠶᠢᠹᠣᠰᠧ ᠬᠤᠰᠢᠭᠤᠨ ᠤ | ᠠᠷᠪᠠᠨ ᠨᠢᠬᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠡᠨ ᠤ ᠠᠵᠢᠯ ᠤᠨ ᠮᠡᠳᠡᠬᠦᠯᠦᠯᠳᠡ | ᠣᠯᠣᠰ ᠲᠥᠷᠤ ᠶᠢᠨ ᠵᠥᠪᠯᠡᠯᠭᠡᠨ ᠤ ᠲᠠᠶᠢᠹᠣᠰᠧ ᠬᠤᠰᠢᠭᠤᠨ ᠤ ᠬᠤᠷᠢᠶᠠᠨ ᠤ | ᠠᠷᠪᠠᠨ ᠨᠢᠬᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠲᠡᠬᠡᠷ᠎ᠠ | ︵2024 ᠣᠨ ᠤ 1 ᠰᠠᠷ᠎ᠠ ᠶᠢᠨ 22 ᠤᠨ ᠡᠳᠦᠷ︶ | ᠶᠠᠩ ᠶᠢᠨ ᠮᠢᠩ | ᠭᠡᠰᠢᠭᠦᠳ ᠡ᠂ ᠨᠥᠬᠦᠳ ᠡ᠄ | ᠤᠳᠤ ᠪᠢ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠬᠡᠳᠦᠭᠡᠷ | ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ | ᠮᠡᠳᠡᠬᠦᠯᠦᠯᠳᠡ ᠬᠢᠶ᠎ᠠ᠂ ᠬᠢᠨᠠᠨ ᠵᠦᠪᠯᠡᠬᠦ ᠪᠤᠯᠪᠠᠤ᠂ ᠮᠦᠨᠴᠦ ᠬᠤᠷᠠᠯ ᠳᠤ ᠰᠤᠯᠠ ᠣᠷᠣᠯᠴᠠᠭᠰᠠᠨ ᠨᠥᠬᠦᠳ ᠤᠨ | ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | 2023 ᠤᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ | ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯᠳᠠᠯᠭ᠎ᠠ ᠶᠢᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠵᠡᠢ᠃ | | ᠨᠢᠭᠡ᠂ ᠴᠢᠭᠯᠡᠯ ᠢ ᠡᠵᠡᠮᠳᠡᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠵᠡᠯ ᠰᠠᠨᠠᠭ᠎ᠠ | ᠤᠯᠤᠰ ᠲᠦᠷᠦ ᠶᠢᠨ ᠬᠠᠮᠳᠤ ᠶᠢᠨ ᠰᠠᠭᠤᠷᠢ ᠶᠢ ᠪᠠᠳᠤᠳᠬᠠᠪᠠ᠃ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠬᠠᠮᠳᠤ ᠶᠢᠨ ᠰᠠᠭᠤᠷᠢ ᠶᠢ | ᠪᠠᠳᠤᠳᠬᠠᠨ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ | ᠪᠠᠳᠤᠯᠠᠭᠰᠠᠨ ᠪᠠᠶᠢᠨ᠎ᠠ᠃ | ︵ᠨᠢᠭᠡ︶ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠳᠠᠯᠠᠭᠰᠠᠨ᠃ ᠤᠯᠤᠰ ᠲᠥᠷᠥ | ᠶᠢᠨ ᠵᠥᠪᠯᠡᠯᠭᠡᠨ ᠤ ᠠᠵᠢᠯ ᠢ ᠪᠥᠬᠦ ᠬᠤᠰᠢᠭᠤᠨ ᠤ ᠶᠡᠭᠡ ᠲᠠᠯ᠎ᠠ ᠳᠤ ᠲᠠᠯᠪᠢᠵᠤ ᠪᠠᠶᠢᠷᠢ ᠲᠣᠭᠲᠠᠭᠠᠯᠲᠠ ᠪᠠᠨ | ᠲᠥᠯᠥᠪᠯᠡᠨ᠂ ᠴᠢᠬᠤᠯᠠ ᠶᠡᠭᠡ ᠠᠵᠢᠯ ᠶᠠᠪᠤᠳᠠᠯ ᠢ ᠬᠤᠰᠢᠭᠤ ᠨᠠᠮ ᠤᠨ ᠬᠤᠷᠢᠶ᠎ᠠ ᠳᠤ ᠴᠠᠭ ᠲᠤᠬᠠᠢ ᠳᠤᠨᠢ | ᠬᠠᠷᠢᠭᠤ ᠮᠡᠳᠡᠬᠦᠯᠦᠨ ᠵᠢᠭᠠᠪᠤᠷᠢ ᠠᠪᠴᠤ᠂ ᠠᠯᠢᠪᠠ ᠴᠢᠬᠤᠯᠠ ᠠᠵᠢᠯ ᠪᠠ ᠵᠥᠪᠯᠡᠯᠭᠡᠨ ᠤ ᠠᠵᠢᠯᠯᠠᠭ᠎ᠠ ᠶᠢ | ᠬᠤᠰᠢᠭᠤ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ ᠶᠠᠪᠤᠭᠳᠠᠭᠤᠯᠵᠤ᠂ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠳᠤ ᠲᠡᠷᠡ | ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠳᠤᠯᠠᠪᠠ᠃ ᠤᠯᠤᠰ ᠲᠦᠷᠦ ᠶᠢᠨ ᠵᠥᠪᠯᠡᠯᠭᠡᠨ ᠤ | ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠤᠯᠠᠮ ᠪᠦᠷᠢᠨᠰᠢᠭᠦᠯᠵᠦ᠂ ︽ ᠨᠠᠮ ᠤᠨ | ᠤᠳᠤᠷᠢᠳᠬᠤ ᠳᠤᠭᠤᠶᠢᠯᠠᠩ — ᠪᠠᠶᠢᠭᠤᠯᠭ᠎ᠠ ᠶᠢᠨ ᠨᠠᠮ ᠤᠨ ᠡᠭᠦᠷ — ᠨᠠᠮ ᠤᠨ ᠭᠡᠰᠢᠭᠦᠨ ᠭᠠᠷᠤᠯ ᠲᠠᠢ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ — ᠨᠠᠮ ᠤᠨ ᠭᠠᠳᠠᠨᠠᠬᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ — | ᠡᠯ᠎ᠡ ᠡᠲᠡᠭᠡᠳ ᠤᠨ ᠤᠯᠠᠨ ᠲᠦᠮᠡᠨ︾ ᠬᠡᠮᠡᠬᠦ ᠠᠵᠢᠯ ᠤᠨ ᠬᠡᠯᠬᠢᠶ᠎ᠡ ᠶᠢ ᠪᠠᠶᠢᠭᠤᠯᠤᠨ᠂ ︽ᠨᠠᠮ ᠤᠨ | ᠪᠠᠶᠢᠭᠤᠯᠤᠯᠲᠠ ᠶᠢ ᠠᠳᠬᠤᠬᠤ᠂ ᠵᠥᠪᠯᠡᠯᠭᠡ ᠶᠢ ᠠᠬᠢᠭᠤᠯᠬᠤ᠂ ᠭᠡᠰᠢᠭᠦᠨ ᠢ ᠳᠠᠭᠠᠭᠤᠯᠬᠤ︾ ᠴᠢᠬᠤᠯᠠ ᠦᠢᠯᠡᠳᠦᠯ ᠢ | ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠭᠠᠷᠤᠯ ᠲᠠᠢ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠢ ᠪᠦᠬᠦᠨ ᠢ ᠬᠠᠮᠤᠷᠬᠤ᠂ ᠨᠠᠮ ᠤᠨ ᠠᠵᠢᠯ ᠨᠢ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠢ ᠪᠦᠬᠦᠨ ᠢ ᠬᠠᠮᠤᠷᠬᠤ ᠶᠢ ᠪᠡᠶᠡᠯᠡᠬᠦᠯᠦᠭᠰᠡᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠢ ᠵᠢᠯᠤᠭᠤᠳᠤᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠭᠤᠯᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ | ᠮᠡᠳᠡᠷᠡᠮᠵᠢ᠂ ᠤᠨᠤᠯ ᠤᠨ ᠮᠡᠳᠡᠷᠡᠮᠵᠢ᠂ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠳᠠ ᠦᠭᠡᠢ ᠨᠡᠮᠡᠭᠳᠡᠬᠦᠯᠵᠡᠢ᠃ | ︵ᠬᠤᠶᠠᠷ︶ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠦᠷᠨᠢᠬᠦᠯᠦᠭᠰᠡᠨ᠃ ᠡᠯ᠎ᠡ ᠵᠦᠢᠯ ᠤᠨ | ᠲᠣᠭᠲᠠᠭᠰᠠᠨ ᠬᠥᠳᠡᠯᠭᠡᠭᠡᠨ ᠢ ᠲᠡᠷᠡ ᠶᠣᠰᠣᠭᠠᠷ ᠨᠢ ᠴᠢᠩᠭ᠎ᠠ ᠠᠳᠬᠤᠨ ᠪᠣᠳᠠᠲᠠᠢ ᠪᠠᠷ ᠠᠳᠬᠤᠵᠤ᠂ ᠤᠯᠤᠰ | ᠲᠦᠷᠦ ᠶᠢᠨ ᠵᠥᠪᠯᠡᠯᠭᠡᠨ ᠤ ᠣᠨᠴᠠᠯᠢᠭ ᠢ ᠬᠠᠷᠠᠭᠤᠯᠤᠭᠰᠠᠨ ︽ᠭᠤᠣᠯ ᠰᠡᠳᠦᠪᠲᠦ ᠬᠥᠮᠦᠵᠢᠯ ᠤᠨ ᠠᠵᠢᠯ ᠤᠨ | ᠲᠥᠯᠥᠪᠯᠡᠭᠡ︾ ᠶᠢ ᠰᠤᠳᠤᠯᠤᠨ ᠲᠣᠭᠲᠠᠭᠠᠵᠤ᠂ ᠭᠤᠣᠯ ᠰᠡᠳᠦᠪᠲᠦ ᠬᠥᠮᠦᠵᠢᠯ ᠤᠨ ᠴᠠᠭ ᠬᠤᠭᠤᠴᠠᠭ᠎ᠠ᠂ | ᠠᠯᠬᠤᠮ ᠶᠠᠪᠤᠴᠠ᠂ ᠡᠭᠦᠷᠭᠡ ᠬᠠᠷᠠᠯᠳᠠ ᠶᠢ ᠲᠤᠳᠤᠷᠬᠠᠶᠢᠯᠠᠪᠠ᠃ ᠣᠨᠣᠯ ᠤᠨ ᠰᠤᠷᠤᠯᠴᠠᠯᠭ᠎ᠠ ᠶᠢᠨ ᠲᠠᠯ᠎ᠠ ᠪᠠᠷ᠄ | ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠭᠡᠰᠢᠬᠦᠳ ᠬᠤᠰᠢᠭᠤ ᠨᠠᠮ ᠤᠨ ᠬᠤᠷᠢᠶᠠᠨ ᠤ ᠨᠣᠮ | ᠤᠩᠰᠢᠬᠤ ᠠᠩᠭᠢ ᠳᠤ 3 ᠬᠤᠭᠤᠴᠠᠭ᠎ᠠ ᠣᠷᠣᠯᠴᠠᠵᠤ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ ᠳᠤ 16 ᠤᠳᠠᠭ᠎ᠠ ᠤᠷᠤᠯᠴᠠᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠬᠦᠳ᠂ ᠨᠠᠮ ᠤᠨ ᠡᠭᠦᠷ ᠤᠨ ᠱᠦᠵᠢ ᠨᠢ ᠲᠤᠰᠬᠠᠢ ᠰᠡᠳᠦᠪᠲᠦ ᠨᠠᠮ ᠤᠨ ᠬᠢᠴᠢᠶᠡᠯ ᠢ 6 | ᠤᠳᠠᠭ᠎ᠠ ᠤᠷᠤᠵᠤ᠂ ᠪᠠᠶᠢᠭᠤᠯᠭ᠎ᠠ ᠶᠢᠨ ᠨᠠᠮ ᠤᠨ ᠡᠭᠦᠷ ᠨᠢ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ 4 ᠤᠳᠠᠭ᠎ᠠ ᠦᠷᠨᠢᠬᠦᠯᠦᠨ᠂ ᠨᠠᠮ ᠤᠨ ᠡᠭᠦᠷ ᠤᠨ ᠬᠠᠮᠳᠤ ᠶᠢᠨ ᠰᠤᠷᠤᠯᠴᠠᠯᠭ᠎ᠠ ᠶᠢ 22 ᠤᠳᠠᠭ᠎ᠠ | ᠡᠷᠬᠢᠯᠡᠭᠰᠡᠨ ᠪᠦᠭᠡᠳ ᠬᠤᠪᠢ ᠬᠦᠮᠦᠨ ᠤ ᠥᠪᠡᠷᠲᠡᠭᠡᠨ ᠰᠤᠷᠤᠯᠴᠠᠬᠤ ᠠᠵᠢᠯᠯᠠᠭ᠎ᠠ ᠶᠢ 32 ᠡᠳᠦᠷ ᠢᠶᠠᠷ | ᠲᠤᠭᠳᠠᠭᠠᠵᠤ᠂ ᠰᠤᠷᠤᠯᠴᠠᠬᠤ ᠵᠤᠬᠢᠰᠳᠠᠢ ᠨᠣᠮ ᠵᠤᠬᠢᠶᠠᠯ᠂ ᠪᠢᠴᠢᠭ ᠮᠠᠲ᠋ᠧᠷᠢᠶᠠᠯ ᠢ ᠪᠦᠬᠦᠨ ᠢ ᠰᠤᠷᠤᠯᠴᠠᠬᠤ ᠶᠢ | ᠪᠠᠲᠤᠯᠠᠪᠠ᠃ ᠪᠠᠶᠢᠴᠠᠭᠠᠨ ᠰᠤᠳᠤᠯᠤᠯᠲᠠ ᠶᠢᠨ ᠲᠠᠯ᠎ᠠ ᠪᠠᠷ᠄ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ | ᠭᠡᠰᠢᠬᠦᠳ ᠪᠠᠶᠢᠴᠠᠭᠠᠨ ᠰᠤᠳᠤᠯᠤᠯᠲᠠ ᠶᠢᠨ ᠰᠡᠳᠦᠪ 4 ᠶᠢ ᠲᠣᠭᠲᠠᠭᠠᠵᠤ᠂ 4 ᠬᠤᠪᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠶᠢ ᠲᠤᠭᠤᠷᠪᠢᠭᠰᠠᠨ ᠪᠦᠭᠡᠳ ᠪᠠᠶᠢᠭᠤᠯᠭ᠎ᠠ ᠶᠢᠨ ᠺᠠᠳᠠᠷᠴᠤᠳ 7 ᠬᠤᠪᠢ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠲᠤᠭᠤᠷᠪᠢᠵᠠᠢ᠃ ᠲᠡᠯᠭᠡᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠠᠯ᠎ᠠ ᠪᠠᠷ᠄ ᠲᠣᠰ ᠪᠡᠶ᠎ᠡ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢᠶᠠᠨ ᠪᠥᠬᠦ | ᠲᠠᠯ᠎ᠠ ᠪᠠᠷ ᠪᠠᠶᠢᠴᠠᠭᠠᠨ ᠲᠡᠯᠬᠡᠵᠦ᠂ 14 ᠵᠦᠢᠯ ᠤᠨ ᠠᠰᠠᠭᠤᠳᠠᠯ ᠤᠨ ᠨᠠᠷᠢᠨ ᠲᠠᠩᠰᠠ ᠶᠢ ᠭᠠᠷᠭᠠᠭᠠᠳ᠂ ᠪᠦᠬᠦᠨ | ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ ᠃ ᠬᠥᠭᠵᠢᠯᠲᠡ ᠶᠢ ᠠᠬᠢᠭᠤᠯᠬᠤ ᠲᠠᠯ᠎ᠠ ᠪᠠᠷ᠄ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠤᠨ ᠠᠵᠢᠯ ᠤᠨ ᠦᠷᠳᠡᠭᠡ ᠵᠡᠷᠭᠡ ᠳᠤ ᠲᠦᠰᠢᠭᠯᠡᠨ᠂ ᠭᠡᠰᠢᠭᠦᠳ ᠪᠠ ᠪᠠᠶᠢᠭᠤᠯᠭ᠎ᠠ ᠶᠢᠨ | ᠺᠠᠳ᠋ᠷᠴᠤᠳ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠠᠬᠢᠭᠤᠯᠵᠤ᠂ ᠤᠯᠠᠨ ᠲᠦᠮᠡᠨ ᠲᠠᠢ | ᠬᠠᠷᠢᠯᠴᠠᠬᠤ ︽ᠡᠴᠦᠰ ᠤᠨ ᠨᠢᠭᠡ ᠺᠢᠯᠤᠮᠧᠲᠷ︾ ᠢ ᠨᠡᠪᠳᠡᠷᠡᠬᠦᠯᠦᠨ᠂ ᠡᠯ᠎ᠡ ᠡᠲᠡᠭᠡᠳ ᠤᠨ ᠤᠯᠠᠨ ᠲᠦᠮᠡᠨ ᠳᠤ | ᠬᠠᠨᠳᠤᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ︾ ᠶᠢ ᠪᠠᠶᠢᠩᠭᠤ ᠦᠷᠨᠢᠬᠦᠯᠵᠡᠢ᠃ | ︵ᠭᠤᠷᠪᠠ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷ᠎ᠡ ᠪᠦᠲᠦᠮᠵᠢᠲᠡᠶ | ᠪᠠᠳᠤᠳᠬᠠᠭᠰᠠᠨ᠃ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠢ ᠪᠦᠯᠬᠦᠮᠳᠡᠯ ᠪᠠ | ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠲᠣᠪᠤᠶᠢᠯᠭᠠᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ | ᠬᠠᠮᠳᠤᠷᠠᠯ ᠤᠨ ᠬᠦᠴᠦᠨ ᠢ ᠨᠢᠭᠲᠠᠷᠠᠭᠤᠯᠬᠤ ᠦᠢᠯᠡᠳᠦᠯ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠡᠯ᠎ᠡ | ᠲᠠᠯ᠎ᠠ ᠶᠢᠨ ᠡᠶ᠎ᠡ ᠵᠣᠬᠢᠴᠠᠯ ᠲᠠᠢ ᠬᠠᠷᠢᠴᠠᠭ᠎ᠠ ᠶᠢ ᠠᠬᠢᠭᠤᠯᠤᠨ᠂ ᠵᠥᠪᠯᠡᠬᠦ ᠠᠷᠠᠳᠴᠢᠯᠠᠯ ᠤᠨ ᠳᠦᠷᠢᠮ ᠤᠨ | ᠳᠠᠪᠠᠭᠤᠯᠢᠭ ᠢ ᠭᠦᠢᠴᠡᠳ ᠢᠯᠡᠷᠡᠬᠦᠯᠦᠭᠰᠡᠨ ᠪᠠᠶᠢᠨ᠎ᠠ᠃ ᠭᠡᠰᠢᠭᠦᠳ ᠤᠨ ᠠᠵᠢᠯ ᠤᠨ ᠥᠷᠲᠡᠭᠡ ᠵᠡᠷᠭᠡ ᠲᠠᠪᠴᠠᠩ ᠳᠤ | ᠲᠦᠰᠢᠭᠯᠡᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠶᠠᠩᠵᠤ ᠶᠢᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ ᠦᠷᠨᠢᠬᠦᠯᠦᠨ᠂ ᠥᠷᠭᠡᠨ ᠣᠯᠠᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠪᠠ ᠡᠯ᠎ᠡ ᠡᠲᠡᠭᠡᠳ ᠤᠨ ᠣᠯᠠᠨ ᠲᠦᠮᠡᠨ ᠢ ᠵᠢᠯᠤᠭᠤᠳᠴᠤ᠂ ᠨᠠᠮ ᠤᠨ ᠢᠶᠠᠨ ᠠᠴᠢ ᠳᠤ | ᠲᠠᠯᠠᠷᠬᠠᠬᠤ᠂ ᠨᠠᠮ ᠤᠨ ᠢᠶᠠᠨ ᠦᠭᠡ ᠶᠢ ᠰᠤᠨᠤᠰᠬᠤ᠂ ᠨᠠᠮ ᠢᠶᠠᠨ ᠡᠬᠦᠷᠢᠳᠡ ᠳᠠᠭᠠᠬᠤ ᠶᠢ ᠪᠡᠶᠡᠯᠡᠬᠦᠯᠵᠡᠢ᠃ | ᠲᠤᠰ ᠵᠢᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠲᠦᠪᠯᠡᠷᠡᠭᠰᠡᠨ ᠪᠤᠯᠪᠠᠰᠤᠷᠠᠯ ᠢ 2 ᠤᠳᠠᠭ᠎ᠠ᠂ ᠶᠠᠷᠢᠯᠴᠠᠬᠤ ᠠᠵᠢᠯᠯᠠᠭ᠎ᠠ ᠶᠢ 3 ᠤᠳᠠᠭ᠎ᠠ ᠵᠣᠬᠢᠶᠠᠨ ᠪᠠᠶᠢᠭᠤᠯᠵᠤ | ᠥᠷᠨᠢᠭᠦᠯᠪᠡ᠃ ᠤᠯᠤᠰ ᠲᠦᠷᠦ ᠶᠢᠨ ᠵᠥᠪᠯᠡᠯᠭᠡᠨ ᠤ ︽ᠬᠤᠶᠠᠷ ᠲᠠᠢ ᠬᠠᠷᠢᠯᠴᠠᠬᠤ︾ ᠠᠷᠭ᠎ᠠ ᠶᠢ ᠬᠡᠷᠡᠭᠵᠢᠭᠦᠯᠵᠦ᠂ | ᠬᠠᠷᠢᠯᠴᠠᠵᠤ ᠬᠤᠯᠪᠤᠭᠠᠯᠠᠬᠤ ᠪᠠ ᠬᠠᠮᠲᠤᠷᠠᠨ ᠠᠵᠢᠯᠯᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ | ᠨᠠᠮ ᠤᠨ ᠭᠠᠳᠠᠨᠠᠬᠢ ᠬᠥᠮᠥᠰ ᠤᠨ ᠲᠥᠯᠥᠭᠡᠯᠡᠭᠴᠢ᠂ ᠡᠯ᠎ᠡ ᠡᠲᠡᠭᠡᠳ ᠤᠨ ᠴᠢᠳᠠᠪᠤᠷᠢᠲᠠᠨ ᠪᠠ ᠡᠯ᠎ᠡ ᠡᠲᠡᠭᠡᠳ ᠤᠨ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠯᠦᠭᠡ ᠶᠢᠨ ᠬᠠᠷᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠨ ᠂ | ᠲᠡᠳᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ | ᠪᠦᠯᠦᠭ ᠤᠨ ᠪᠤᠰᠤ ᠬᠥᠮᠥᠰ ᠤᠨ ᠦᠢᠯᠡᠳᠦᠯ ᠢᠶᠠᠨ ᠪᠠᠳᠠᠷᠠᠭᠤᠯᠬᠤ ᠶᠢ ᠴᠢᠬᠤᠯᠠᠴᠢᠯᠠᠨ᠂ ᠲᠡᠳᠡᠨ ᠤ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠨ ᠲᠤᠰᠬᠠᠵᠤ᠂ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ | ᠬᠤᠷᠠᠯᠳᠤᠭᠠᠨ ᠠᠴᠠ ᠨᠠᠰᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠥᠰ ᠨᠢ | ᠨᠡᠶᠢᠳᠡ 57 ᠬᠤᠪᠢ ᠰᠠᠨᠠᠯ ᠲᠤᠷᠠᠳᠤᠯᠭ᠎ᠠ᠂ 9 ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠭᠰᠠᠨ ᠮᠡᠳᠡᠭᠡ ᠵᠠᠩᠭᠢ ᠶᠢ ᠳᠡᠪᠰᠢᠭᠦᠯᠵᠦ᠂ ᠪᠠᠶᠢᠴᠠᠭᠠᠨ ᠰᠤᠳᠤᠯᠬᠤ ᠠᠵᠢᠯᠯᠠᠭ᠎ᠠ ᠳᠤ 20 ᠭᠠᠷᠤᠢ ᠬᠥᠮᠥᠨ | ᠤᠳᠠᠭ᠎ᠠ ᠤᠷᠤᠯᠴᠠᠭᠰᠠᠨ ᠪᠠᠶᠢᠨ᠎ᠠ᠃ | ᠬᠤᠶᠠᠷ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠪᠥᠬᠦ ᠬᠤᠰᠢᠭᠤᠨ ᠤ | ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃ | ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠨᠢ ᠬᠦᠭᠵᠢᠯᠳᠡ ᠶᠢᠨ ᠲᠡᠷᠢᠭᠦᠨ ᠴᠢᠬᠤᠯᠠ | ᠡᠭᠦᠷᠭᠡ ᠯᠦᠭᠡ ᠨᠢᠬᠳᠠ ᠤᠶᠠᠯᠳᠤᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠨ᠂ ᠤᠯᠤᠰ | ᠲᠦᠷᠦ ᠶᠢᠨ ᠵᠦᠪᠯᠡᠯᠭᠡᠨ ᠤ ᠪᠠᠨ ᠴᠢᠳᠠᠪᠤᠷᠢᠲᠠᠨ ᠴᠤᠭᠯᠠᠷᠠᠭᠰᠠᠨ᠂ ᠣᠶᠣᠠ ᠤᠬᠠᠭᠠᠨ ᠲᠥᠪᠯᠡᠷᠡᠭᠰᠡᠨ ᠳᠠᠪᠠᠭᠤᠯᠢᠭ ᠢ | ᠬᠦᠢᠴᠡᠳ ᠪᠠᠳᠠᠷᠠᠭᠤᠯᠵᠤ᠂ 1 ᠤᠳᠠᠭᠠᠨ ᠤ ᠪᠥᠬᠦᠳᠡ ᠬᠤᠷᠠᠯ ᠂ 4 ᠤᠳᠠᠭᠠᠨ ᠤ ᠪᠠᠶᠢᠩᠭᠤ ᠶᠢᠨ ᠭᠡᠰᠢᠭᠦᠳ ᠤᠨ | ᠬᠤᠷᠠᠯ ᠂ 10 ᠤᠳᠠᠭᠠᠨ ᠤ ᠲᠡᠷᠢᠬᠦᠯᠡᠭᠴᠢᠳ ᠤᠨ ᠬᠤᠷᠠᠯ ᠢ ᠬᠤᠷᠠᠯᠳᠤᠭᠤᠯᠤᠨ᠂ ᠡᠯ᠎ᠡ ᠲᠦᠷᠦᠯ ᠤᠨ | ᠵᠥᠪᠯᠡᠯᠭᠡ ᠶᠢ 5 ᠤᠳᠠᠭ᠎ᠠ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ 5 ᠬᠤᠪᠢ | ᠲᠡᠪᠰᠢᠬᠦᠯᠦᠭᠡᠳ᠂ ᠬᠤᠰᠢᠭᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠴᠣᠬᠤᠯᠠᠪᠤᠷᠢ ᠶᠢ ᠤᠯᠤᠭᠰᠠᠨ | ᠪᠠᠶᠢᠨ᠎ᠠ᠃ | ᠨᠢᠭᠡ ᠳᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠪᠤᠳᠤᠯᠭ᠎ᠠ ᠡᠷᠬᠦᠭᠰᠡᠨ᠃ ︽ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ︾ | ᠶᠢᠨ ᠲᠣᠭᠤᠷᠢᠨ ᠳᠤ ᠬᠢᠨᠠᠯᠲᠠ ᠲᠠᠯᠪᠢᠬᠤ ᠴᠢᠨᠠᠷᠲᠠᠢ ᠵᠥᠪᠯᠡᠯᠭᠡ ᠬᠢᠵᠦ᠂ ︽ᠣᠷᠭᠠᠨᠢᠭ ᠪᠣᠷᠳᠣᠭᠤᠷ ᠤᠨ ᠠᠵᠤ | ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠬᠦ︾ ︽ᠠᠮᠢ ᠠᠬᠤᠢ ᠶᠢᠨ ᠵᠢᠭᠤᠯᠴᠢᠯᠠᠯ ᠢ ᠬᠦᠭᠵᠢᠬᠦᠯᠵᠦ᠂ ᠣᠨᠴᠠᠯᠢᠭᠲᠤ | ᠪᠦᠳᠦᠭᠡᠭᠳᠡᠬᠦᠨ ᠤ ᠴᠢᠨᠰᠠᠭ᠎ᠠ ᠶᠢ ᠳᠡᠭᠡᠭᠰᠢᠯᠡᠭᠦᠯᠬᠦ︾ ᠶᠢᠨ ᠲᠣᠭᠤᠷᠢᠨ ᠳᠤ ᠪᠠᠶᠢᠩᠭᠤ ᠶᠢᠨ ᠭᠡᠰᠢᠭᠦᠳ ᠤᠨ | ᠵᠥᠪᠯᠡᠯᠭᠡ ᠪᠠ ᠲᠤᠰᠬᠠᠢ ᠰᠡᠳᠦᠪᠲᠦ ᠵᠥᠪᠯᠡᠯᠭᠡ ᠦᠷᠨᠢᠬᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ | ᠪᠣᠳᠣᠯᠭ᠎ᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ | ᠬᠠᠮᠢᠶ᠎ᠠ ᠪᠦᠬᠦᠢ ᠨᠢᠭᠡᠴᠡ ᠪᠠ ᠠᠵᠤ ᠠᠬᠤᠶᠢᠯᠠᠯ ᠳᠤ ᠭᠦᠨᠵᠡᠭᠡᠶᠢᠷᠡᠨ᠂ ᠶᠠᠷᠢᠯᠴᠠᠨ ᠰᠣᠯᠢᠯᠴᠠᠬᠤ᠂ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠨ ᠤᠶᠢᠯᠠᠭᠠᠬᠤ᠂ ᠵᠦᠪᠯᠡᠯᠭᠡᠨ ᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ | ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ | ᠲᠤᠭᠤᠷᠪᠢᠨ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠬᠦᠯᠵᠦ ᠠᠷᠭ᠎ᠠ ᠪᠣᠳᠣᠯᠭ᠎ᠠ ᠲᠤᠷᠠᠳᠤᠭᠰᠠᠨ ᠪᠠᠶᠢᠨ᠎ᠠ᠃ | ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠷᠭ᠎ᠠ ᠪᠤᠳᠤᠯᠭ᠎ᠠ ᠡᠷᠬᠦᠭᠰᠡᠨ᠃ ︽ | ᠲᠠᠷᠢᠮᠠᠯ ᠤᠨ ᠦᠢᠯᠡᠰ ᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ︾ ᠶᠢᠨ ᠲᠣᠭᠤᠷᠢᠨ ᠳᠤ ᠡᠯ᠎ᠡ ᠡᠲᠡᠭᠡᠳ ᠤᠨ ᠵᠦᠪᠯᠡᠯᠭᠡ ᠶᠢ ᠦᠷᠨᠢᠬᠦᠯᠵᠦ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ᠲᠠᠷᠢᠶ᠎ᠠ ᠪᠡᠯᠴᠢᠭᠡᠷ ᠢᠶᠠᠷ ᠬᠦᠨᠵᠡᠬᠡᠶᠢᠷᠡᠨ᠂ ᠪᠡᠶᠡᠴᠢᠯᠡᠨ | ᠣᠶᠢᠯᠠᠭᠠᠬᠤ ᠶᠢᠨ ᠳᠠᠭᠠᠤ ᠪᠠᠶᠢᠴᠠᠭᠠᠨ ᠰᠤᠳᠤᠯᠤᠯᠲᠠ ᠬᠢᠵᠦ᠂ ᠤᠯᠠᠨ ᠲᠦᠮᠡᠨ ᠲᠠᠢ ᠬᠠᠮᠳᠤ ᠰᠠᠭᠤᠵᠤ ᠵᠥᠪᠳᠡᠯᠴᠡᠨ᠂ | ᠪᠦᠲᠦᠴᠡ ᠶᠢᠨ ᠲᠣᠬᠢᠷᠠᠭᠤᠯᠤᠯᠲᠠ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠮᠠᠰᠢ ᠤᠯᠠᠨ ᠰᠠᠶᠢᠨ | ᠰᠠᠨᠠᠭᠤᠯᠭ᠎ᠠ ᠶᠢ ᠴᠤᠭᠯᠠᠭᠤᠯᠵᠤ᠂ ᠲᠠᠷᠢᠮᠠᠯ ᠤᠨ ᠦᠢᠯᠡᠰ ᠤᠨ ᠪᠦᠲᠦᠴᠡ ᠶᠢ ᠲᠤᠬᠢᠷᠠᠭᠤᠯᠬᠤ᠂ ᠬᠡᠪᠴᠢᠶᠡᠲᠦ | ᠲᠠᠷᠢᠮᠠᠯ ᠢ ᠦᠷᠭᠦᠯᠵᠢᠯᠡᠨ ᠥᠷᠭᠡᠳᠬᠡᠬᠦ᠂ ᠪᠣᠬᠢᠷᠲᠤᠯ ᠦᠭᠡᠢ ᠲᠠᠷᠢᠮᠠᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ | ᠵᠡᠷᠭᠡ ᠠᠷᠭ᠎ᠠ ᠪᠤᠳᠤᠯᠭ᠎ᠠ ᠶᠢ ᠰᠤᠳᠤᠯᠤᠨ ᠳᠤᠷᠠᠳᠴᠠᠢ᠃ | ᠭᠤᠷᠪᠠ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠷᠭ᠎ᠠ ᠪᠤᠳᠤᠯᠭ᠎ᠠ ᠡᠷᠬᠦᠭᠰᠡᠨ᠃ ᠤᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ᠪᠠᠶᠢᠴᠠᠭᠠᠨ ᠰᠤᠳᠤᠯᠬᠤ ᠪᠠ ᠲᠤᠭᠤᠷᠢᠨ | ᠰᠤᠷᠤᠯᠴᠠᠬᠤ ᠠᠵᠢᠯ ᠢ ᠦᠷᠨᠢᠬᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠢᠳᠡᠪᠬᠢᠲᠡᠢ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠤᠳᠤᠬᠢᠴᠢᠯᠠᠭᠰᠠᠨ ᠪᠠᠶᠢᠭᠤᠯᠤᠯᠲᠠ ᠶᠢ ᠠᠬᠢᠭᠤᠯᠬᠤ︾ ᠶᠢᠨ ᠲᠣᠭᠤᠷᠢᠨ ᠳᠤ ᠲᠤᠰᠬᠠᠢ ᠰᠡᠳᠦᠪᠲᠦ | ᠵᠥᠪᠯᠡᠯᠭᠡ ᠦᠷᠨᠢᠬᠦᠯᠦᠨ᠂ ᠵᠠᠷᠢᠮ ᠰᠠᠨᠠᠯ ᠰᠠᠨᠠᠭᠤᠯᠭ᠎ᠠ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ | ᠴᠢᠬᠤᠯᠠᠴᠢᠯᠠᠨ ᠬᠦᠨᠳᠦᠳᠬᠡᠵᠦ᠂ ᠨᠠᠰᠤᠳᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ | ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ | ᠦᠢᠯᠡᠳᠦᠯ ᠭᠠᠷᠭᠠᠭᠠᠳ᠂ ᠲᠤᠰ ᠵᠢᠯ ᠳᠤ ᠰᠢᠨ ᠬᠤᠸᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠪᠠᠶᠢᠭᠤᠯᠤᠭᠳᠠᠵᠤ ᠠᠰᠢᠭᠯᠠᠯᠲᠠ ᠳᠤ ᠤᠷᠤᠭᠰᠠᠨ ᠪᠠᠶᠢᠨ᠎ᠠ᠃ | ᠳᠥᠷᠪᠡ ᠳᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠬᠦᠳᠬᠦ ᠳᠤ ᠠᠷᠭ᠎ᠠ ᠪᠤᠳᠤᠯᠭ᠎ᠠ ᠡᠷᠬᠦᠭᠰᠡᠨ᠃ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠠᠷᠠᠳᠴᠢᠯᠠᠯ ᠢᠶᠠᠷ ᠬᠢᠨᠠᠯᠲᠠ ᠲᠠᠯᠪᠢᠭᠴᠢ ᠶᠢᠨ ᠲᠤᠰᠢᠶᠠᠯ | ᠡᠬᠦᠷᠭᠡᠯᠡᠬᠦᠯᠬᠦ ᠠᠵᠢᠯ ᠢ ᠴᠢᠩᠭᠠᠳᠬᠠᠵᠤ᠂ ᠭᠡᠷᠡᠴᠢᠯᠡᠭᠡ ᠰᠣᠨᠣᠰᠬᠤ ᠬᠤᠷᠠᠯ ᠵᠡᠷᠭᠡ ᠠᠵᠢᠯᠯᠠᠭ᠎ᠠ ᠳᠤ ᠭᠡᠰᠢᠭᠦᠳ ᠢ | ᠲᠤᠮᠢᠯᠠᠨ 20 ᠭᠠᠷᠤᠢ ᠤᠳᠠᠭ᠎ᠠ ᠣᠷᠣᠯᠴᠠᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠢᠭᠡᠳᠦᠯᠲᠡᠢ | ᠪᠠᠶᠢᠷᠢᠯᠠᠭᠤᠯᠤᠯᠳᠠ ᠶᠣᠰᠣᠭᠠᠷ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ | ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠭᠠᠨ ᠢ ᠣᠯᠠᠨ ᠲᠠᠯ᠎ᠠ ᠠᠴᠠ ᠰᠢᠢᠳᠪᠦᠷᠢᠯᠡᠬᠦ ᠠᠵᠢᠯ ᠤᠨ | ᠲᠠᠰᠤᠭ ᠢ ᠪᠠᠶᠢᠭᠤᠯᠤᠭᠠᠳ᠂ ᠣᠲᠣ ᠪᠣᠯᠲᠠᠯ᠎ᠠ ᠬᠠᠮᠲᠤᠷᠠᠭᠰᠠᠨ ᠬᠤᠷᠠᠯ ᠢ 2 ᠤᠳᠠᠭ᠎ᠠ ᠬᠤᠷᠠᠯᠳᠤᠭᠤᠯᠵᠤ᠂ 15 | ᠨᠡᠷ᠎ᠡ ᠣᠨᠴᠠ ᠤᠷᠢᠭᠰᠠᠨ ᠡᠶᠡᠳᠡᠭᠦᠯᠦᠭᠴᠢ ᠶᠢ ᠲᠤᠮᠢᠯᠠᠨ᠂ 18 ᠤᠳᠠᠭᠠᠨ ᠤ ᠵᠥᠷᠢᠴᠡᠯ ᠵᠢᠭᠤᠷᠠᠭᠠᠨ ᠢ | ᠠᠮᠵᠢᠯᠲᠠ ᠲᠠᠢ ᠡᠶᠡᠳᠡᠭᠦᠯᠵᠦ᠂ ᠪᠥᠬᠦ ᠬᠤᠰᠢᠭᠤᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ᠂ ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠬᠤ ᠳᠤ ᠬᠦᠴᠦᠨ | ᠴᠢᠳᠠᠯ ᠢᠶᠠᠨ ᠡᠷᠭᠦᠭᠰᠡᠨ ᠪᠠᠶᠢᠨ᠎ᠠ᠃ | ᠭᠤᠷᠪᠠ᠂ ᠪᠤᠳᠠᠳᠠᠢ ᠶᠢ ᠴᠢᠬᠤᠯᠠᠴᠢᠯᠠᠨ᠂ ᠰᠠᠭᠤᠷᠢ ᠶᠢ ᠪᠠᠲᠤᠳᠬᠠᠵᠤ᠂ ᠤᠯᠤᠰ ᠲᠦᠷᠦ ᠶᠢᠨ ᠵᠥᠪᠯᠡᠯᠭᠡᠨ ᠤ | ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠴᠢᠳᠠᠪᠤᠷᠢ ᠶᠢ ᠳᠡᠭᠡᠭᠰᠢᠯᠡᠭᠦᠯᠪᠡ ᠃ | ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠨᠢ ᠰᠢᠨ᠎ᠡ ᠶᠢ ᠡᠭᠦᠳᠬᠦ ᠪᠠᠷ ᠬᠥᠳᠡᠯᠭᠡᠬᠦ | ᠬᠦᠴᠦᠨ ᠪᠤᠯᠭᠠᠵᠤ ᠂ ᠠᠵᠢᠯ ᠤᠨ ᠰᠢᠨ᠎ᠡ ᠲᠣᠭᠲᠠᠴᠠ ᠪᠠ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ ᠡᠭᠦᠷᠭᠡ | ᠬᠠᠷᠢᠭᠤᠴᠠᠯᠭ᠎ᠠ ᠭᠦᠢᠴᠡᠳᠬᠡᠬᠦ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠬᠦᠯᠵᠦ᠂ ᠠᠵᠢᠯ ᠤᠨ ᠬᠢᠷᠢ ᠴᠢᠳᠠᠪᠤᠷᠢ | ᠪᠠᠨ ᠲᠡᠭᠡᠭᠰᠢᠯᠡᠬᠦᠯᠦᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠨᠠᠩ ᠢᠯᠡᠭᠦᠦ ᠠᠮᠢᠵᠢᠷᠠᠯ ᠤᠨ | ᠬᠦᠴᠦᠨ ᠲᠠᠢ᠂ ᠨᠠᠩ ᠢᠯᠡᠭᠦᠦ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠤᠭᠰᠠᠨ ᠪᠠᠶᠢᠨ᠎ᠠ᠃ | ᠨᠢᠭᠡ ᠳᠤ᠂ ᠰᠠᠨᠠᠯ ᠲᠤᠷᠠᠳᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ ᠦᠷ᠎ᠡ ᠪᠦᠳᠦᠮᠵᠢ ᠢ | ᠨᠡᠮᠡᠭᠳᠡᠭᠦᠯᠬᠦ ᠰᠢᠨ᠎ᠡ ᠠᠷᠭ᠎ᠠ ᠮᠠᠶ᠋ᠢᠭ ᠢ ᠢᠳᠡᠪᠬᠢᠲᠡᠢ ᠬᠠᠶᠢᠭᠰᠠᠨ᠃ ᠭᠤᠣᠯᠳᠠᠯᠭ᠎ᠠ ᠶᠢᠨ ᠲᠤᠭᠤᠷᠢᠨ ᠳᠤ᠂ ᠶᠡᠭᠡ | ᠲᠠᠯ᠎ᠠ ᠳᠤ ᠦᠢᠯᠡᠴᠢᠯᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠵᠢᠯᠤᠭᠤᠳᠤᠨ ᠨᠠᠮ ᠵᠠᠰᠠᠭ ᠤᠨ | ᠬᠡᠷᠡᠭᠴᠡᠭᠡ ᠪᠦᠬᠦᠢ᠂ ᠤᠯᠠᠨ ᠲᠦᠮᠡᠨ ᠤ ᠬᠦᠰᠡᠵᠦ ᠰᠠᠨᠠᠵᠤ ᠪᠦᠬᠦᠢ᠂ ᠤᠯᠤᠰ ᠲᠦᠷᠦ ᠶᠢᠨ ᠵᠥᠪᠯᠡᠯᠭᠡᠨ ᠤ ᠬᠢᠵᠦ | ᠳᠡᠶᠢᠯᠬᠦ ᠲᠤᠰᠤᠯᠳᠠ ᠶᠢᠨ ᠴᠡᠭ ᠢ ᠣᠨᠣᠪᠴᠢᠲᠠᠶ ᠡᠷᠢᠵᠦ᠂ ᠰᠠᠨᠠᠯ ᠲᠤᠷᠠᠳᠤᠯᠭ᠎ᠠ ᠶᠢᠨ ᠴᠢᠨᠠᠷ ᠴᠢᠨᠰᠠᠭ᠎ᠠ ᠶᠢ ᠤᠯᠠᠮ | ᠳᠡᠭᠡᠭᠰᠢᠯᠡᠭᠦᠯᠪᠡ᠃ ︽ᠳᠤᠷᠠᠳᠬᠤ︾ ︽ᠬᠦᠢᠴᠡᠳᠭᠡᠬᠦ︾ ᠬᠤᠶᠠᠷ ᠲᠠᠯ᠎ᠠ ᠶᠢᠨ ᠰᠣᠯᠢᠯᠴᠠᠭ᠎ᠠ ᠦᠢᠯᠡᠳᠦᠯᠴᠡᠯ ᠤᠨ | ᠲᠠᠪᠴᠠᠩ ᠢ ᠪᠠᠶᠢᠭᠤᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠴᠢᠬᠤᠯᠠ ᠦᠢᠯᠡᠳᠦᠯ ᠢ ᠪᠠᠳᠠᠷᠠᠭᠤᠯᠤᠨ᠂ ᠠᠮᠢ | ᠠᠬᠤᠢ ᠣᠷᠴᠢᠨ ᠲᠣᠭᠤᠷᠢᠨ ᠪᠠ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠭᠤᠣᠯᠳᠠᠯᠭ᠎ᠠ ᠲᠠᠢ ᠰᠠᠨᠠᠯ | ᠳᠤᠷᠠᠳᠤᠯᠭ᠎ᠠ ᠶᠢ ᠰᠤᠩᠭᠤᠨ ᠱᠠᠭᠠᠷᠳᠠᠨ ᠬᠦᠢᠴᠡᠳᠭᠡᠯᠬᠡᠵᠦ᠂ ᠰᠠᠨᠠᠯ ᠲᠤᠷᠠᠳᠤᠯᠭ᠎ᠠ ᠶᠢᠨ ᠦᠷ᠎ᠡ ᠪᠦᠲᠦᠭᠡᠯ ᠢ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠬᠤ | ᠪᠣᠳᠠᠲᠠᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠠᠢ᠃ ᠪᠦᠬᠦ ᠵᠢᠯ ᠳᠤ 106 | ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ 96 ᠬᠤᠪᠢ ᠶᠢ ᠨᠢ ᠬᠡᠷᠡᠭ ᠪᠣᠯᠭᠠᠨ ᠲᠠᠩᠰᠠᠯᠠᠭᠠᠳ᠂ ᠡᠯ᠎ᠡ | ᠬᠠᠷᠢᠭᠤᠴᠠᠨ ᠬᠦᠢᠴᠡᠳᠭᠡᠬᠦ ᠨᠢᠬᠡᠴᠡ ᠨᠢ ᠬᠦᠢᠴᠡᠳᠭᠡᠬᠦ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠬᠦᠢᠴᠡᠳᠭᠡᠬᠦ ᠲᠣᠭᠲᠠᠴᠠ ᠪᠠᠨ ᠲᠠᠰᠤᠷᠠᠯᠳᠠ ᠦᠭᠡᠢ ᠲᠡᠬᠦᠯᠳᠡᠷᠵᠢᠬᠦᠯᠵᠦ᠂ ᠬᠦᠢᠴᠡᠳᠭᠡᠬᠦ ᠠᠷᠭ᠎ᠠ ᠬᠡᠮᠵᠢᠶ᠎ᠡ ᠪᠠᠨ | ᠤᠯᠠᠮ ᠴᠢᠩᠭᠠᠳᠬᠠᠨ᠂ ᠬᠦᠢᠴᠡᠳᠭᠡᠬᠦ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠦᠭᠡᠳ᠂ ᠤᠯᠠᠨ ᠲᠦᠮᠡᠨ ᠤ | ᠠᠩᠬᠠᠷᠴᠤ ᠪᠠᠶᠢᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠩᠬᠠᠷᠴᠤ ᠪᠠᠶᠢᠭ᠎ᠠ ᠨᠢᠭᠡ ᠪᠦᠯᠦᠭ | ᠪᠣᠳᠠᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠪᠠᠶᠢᠨ᠎ᠠ᠃ | ᠬᠤᠶᠠᠷ ᠲᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ | ᠰᠢᠨ᠎ᠡ ᠠᠷᠭ᠎ᠠ ᠮᠠᠶ᠋ᠢᠭ ᠢᠳᠡᠪᠬᠢᠲᠡᠢ ᠬᠠᠶᠢᠭᠰᠠᠨ᠃ ︽ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ | ᠮᠡᠳᠡᠭᠡ ᠵᠠᠩᠭᠢ ᠶᠢᠨ ᠠᠵᠢᠯ ᠢ ᠴᠢᠩᠭᠠᠳᠬᠠᠵᠤ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾ | ᠢ ᠲᠤᠭᠳᠠᠭᠠᠨ᠂ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠵᠦ᠂ ᠤᠷᠮᠠᠰᠢᠭᠤᠯᠵᠤ ᠬᠢᠵᠠᠭᠠᠷᠯᠠᠬᠤ | ᠲᠣᠭᠲᠠᠴᠠ ᠶᠢ ᠲᠡᠬᠦᠯᠳᠡᠷᠵᠢᠬᠦᠯᠦᠨ᠂ ᠲᠡᠷᠢᠭᠦᠯᠡᠭᠴᠢᠳ ᠤᠨ ᠬᠤᠷᠠᠯ ᠤᠨ ᠭᠡᠰᠢᠬᠦᠳ ᠲᠦᠷᠦᠭᠦᠯᠡᠨ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠵᠤ᠂ ᠡᠯ᠎ᠡ ᠲᠤᠰᠬᠠᠢ ᠵᠥᠪᠯᠡᠯ ᠤᠨ ᠬᠢᠨ ᠠᠵᠢᠯ ᠤᠨ ᠬᠠᠮᠲᠤᠷᠠᠯ ᠤᠨ | ᠬᠦᠴᠦᠨ ᠢ ᠪᠦᠷᠢᠯᠳᠦᠬᠦᠯᠦᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ | ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠴᠢᠨᠠᠭᠰᠢᠳᠠ ᠠᠬᠢᠭᠤᠯᠵᠠᠢ᠃ ᠪᠥᠬᠦ | ᠵᠢᠯ ᠳᠤ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠬᠤᠰᠢᠭᠤ ᠨᠠᠮ ᠤᠨ | ᠬᠤᠷᠢᠶ᠎ᠠ ᠳᠤ 12 ᠬᠤᠪᠢ ᠲᠡᠪᠰᠢᠬᠦᠯᠵᠦ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠳᠤ 10 ᠬᠤᠪᠢ | ᠲᠡᠪᠰᠢᠬᠦᠯᠦᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠲᠤᠭ᠎ᠠ | ᠬᠡᠮᠵᠢᠶ᠎ᠡ ᠪᠠ ᠴᠢᠨᠠᠷ ᠴᠢᠨᠰᠠᠭ᠎ᠠ ᠵᠣᠬᠢᠬᠤ ᠬᠡᠮᠵᠢᠶ᠎ᠡ ᠪᠠᠷ ᠳᠡᠭᠡᠭᠰᠢᠯᠡᠪᠡ᠃ | ᠭᠤᠷᠪᠠ ᠳᠤ᠂ ᠵᠥᠪᠯᠡᠯᠭᠡᠨ ᠤ ᠠᠵᠢᠯ ᠢ ᠦᠨᠳᠦᠰᠦᠨ ᠱᠠᠲᠤ ᠲᠡᠰᠢ ᠰᠤᠨᠤᠭᠠᠬᠤ ᠰᠢᠨ᠎ᠡ ᠠᠷᠭ᠎ᠠ ᠵᠠᠮ ᠢ | ᠢᠳᠡᠪᠬᠢᠲᠡᠢ ᠬᠠᠶᠢᠭᠰᠠᠨ᠃ ᠭᠡᠰᠢᠭᠦᠳ ᠤᠨ ᠠᠵᠢᠯᠯᠠᠬᠤ ᠲᠠᠰᠤᠭ᠂ ᠬᠠᠷᠢᠯᠴᠠᠬᠤ ᠦᠷᠳᠡᠭᠡᠨ ᠤ ᠪᠠᠶᠢᠭᠤᠯᠤᠯᠲᠠ ᠶᠢ | ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠰᠠᠭᠤᠷᠢᠨ ᠰᠢᠨ᠎ᠡ ᠭᠠᠷᠳᠠᠴᠠ ᠪᠣᠯᠭᠠᠵᠤ᠂ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠦᠨᠳᠦᠰᠦᠨ ᠱᠠᠲᠤ ᠲᠡᠶᠢᠰᠢ ᠥᠷᠭᠡᠵᠢᠨ ᠲᠡᠯᠡᠬᠦ ᠶᠢ ᠠᠬᠢᠭᠤᠯᠵᠤ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠡᠬᠦᠷᠭᠡ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠬᠡᠬᠦ ᠳᠤ ᠦᠢᠯᠡᠴᠢᠯᠡᠬᠦᠯᠪᠡ᠃ | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ ᠵᠢᠴᠢ ᠠᠷᠠᠳ ᠤᠨ ᠰᠢᠭᠦᠬᠦ ᠬᠤᠷᠢᠶ᠎ᠠ᠂ ᠭᠠᠯ | ᠤᠨᠲᠠᠷᠠᠭᠠᠬᠤ ᠶᠡᠭᠡ ᠠᠩᠭᠢ ᠵᠡᠷᠭᠡ ᠪᠠᠶᠢᠭᠤᠯᠭ᠎ᠠ ᠨᠢᠭᠡᠴᠡ ᠳᠤ 7 ᠰᠠᠭᠤᠷᠢ ᠬᠦᠳᠡᠯᠪᠦᠷᠢ ᠠᠵᠢᠯᠯᠠᠭᠠᠨ ᠤ ᠰᠠᠭᠤᠷᠢᠨ | ᠭᠠᠵᠠᠷ ᠢ ᠰᠢᠨ᠎ᠡ ᠪᠠᠷ ᠪᠠᠶᠢᠭᠤᠯᠤᠭᠰᠠᠨ ᠤ ᠬᠠᠮᠲᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ︽ᠰᠡᠳᠬᠢᠯ ᠤᠨ ᠬᠤᠯᠪᠤᠭᠠᠰᠤ︾᠂ ᠠᠷᠠᠳ ᠤᠨ | ᠰᠠᠨᠠᠭ᠎ᠠ ᠶᠢ ᠤᠶᠢᠯᠠᠭᠠᠬᠤ ︽ᠰᠠᠶᠢᠨ ᠥᠷᠲᠡᠭᠡ︾ ᠪᠤᠯᠭᠠᠵᠠᠢ᠃ ᠤᠳᠤ ᠪᠥᠬᠦ ᠬᠤᠰᠢᠭᠤᠨ ᠳᠤ ︽ ᠭᠡᠰᠢᠬᠦᠳ | ᠤᠨ ᠭᠡᠷ︾ 2᠂ ᠭᠡᠰᠢᠭᠦᠳ ᠤᠨ ᠬᠠᠷᠢᠯᠴᠠᠬᠤ ᠥᠷᠲᠡᠭᠡ 2᠂ ᠭᠡᠰᠢᠭᠦᠳ ᠤᠨ ᠠᠵᠢᠯᠯᠠᠬᠤ ᠲᠠᠰᠤᠭ 5 | ᠪᠠᠶᠢᠭᠤᠯᠤᠭᠳᠠᠪᠠ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠨᠡᠮᠡᠵᠦ ᠨᠥᠬᠦᠪᠦᠷᠢᠯᠡᠬᠦ ᠱᠠᠭᠠᠷᠳᠠᠯᠭ᠎ᠠ ᠪᠠᠷ | 7 ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠶᠢ ᠭᠡᠰᠢᠭᠦᠳ ᠤᠨ ᠡᠩᠨᠡᠭᠡᠨ ᠳᠤ | ᠣᠷᠣᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠦᠨᠳᠦᠰᠦᠨ ᠱᠠᠲᠤᠨ ᠤ ᠠᠵᠢᠯ ᠤᠨ ᠴᠢᠳᠠᠪᠤᠷᠢ ᠶᠢ ᠤᠯᠠᠮ | ᠨᠢᠭᠡ ᠠᠯᠬᠤᠮ ᠴᠢᠩᠭᠠᠷᠠᠭᠤᠯᠤᠭᠰᠠᠨ ᠪᠠᠶᠢᠨ᠎ᠠ᠃ | ᠳᠥᠷᠪᠡ ᠳᠤ᠂ ᠭᠡᠰᠢᠭᠦᠳ ᠤᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠡᠬᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠶᠢ ᠲᠡᠭᠡᠭᠰᠢᠯᠡᠬᠦᠯᠦᠭᠰᠡᠨ᠃ ᠥᠪᠡᠷᠲᠡᠭᠡᠨ ᠵᠠᠰᠠᠬᠤ ᠣᠷᠣᠨ ᠤ | ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠶᠠᠷᠢᠯᠴᠠᠬᠤ ᠬᠤᠷᠠᠯ ᠳᠡᠭᠡᠷᠡᠬᠢ ᠰᠦᠨ ᠱᠤᠤ ᠴᠧᠩ ᠱᠦᠵᠢ | ᠶᠢᠨ ᠶᠠᠷᠢᠶᠠᠨ ᠤ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ︽ᠰᠢᠨ᠎ᠡ ᠴᠠᠭ ᠦᠶ᠎ᠡ ᠶᠢᠨ ᠤᠯᠤᠰ | ᠲᠦᠷᠦ ᠶᠢᠨ ᠵᠥᠪᠯᠡᠯᠭᠡᠨ ᠤ ᠭᠡᠰᠢᠬᠦᠳ ᠤᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠰᠠᠨᠠᠯ︾ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠭᠡᠰᠢᠭᠦᠳ ᠤᠨ ᠰᠤᠷᠤᠯᠴᠠᠬᠤ ᠪᠠ ᠬᠠᠷᠢᠯᠴᠠᠬᠤ ᠠᠵᠢᠯ ᠤᠨ ᠵᠥᠪᠯᠡᠯ ᠢ | ᠪᠠᠶᠢᠭᠤᠯᠤᠨ᠂ ᠭᠡᠰᠢᠭᠦᠳ ᠤᠨ ᠰᠤᠷᠤᠯᠴᠠᠯᠭ᠎ᠠ ᠬᠦᠮᠦᠵᠢᠯ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ | ᠡᠭᠦᠷᠭᠡ ᠲᠤᠰᠢᠶᠠᠯ ᠭᠦᠢᠴᠡᠳᠬᠡᠬᠦ ᠪᠣᠯᠪᠠᠰᠤᠷᠠᠯ ᠢ 2 ᠤᠳᠠᠭ᠎ᠠ ᠡᠷᠬᠢᠯᠡᠨ᠂ 240 ᠭᠠᠷᠤᠢ ᠬᠥᠮᠥᠨ ︵ᠤᠳᠠᠭ᠎ᠠ︶ | ᠪᠤᠯᠪᠠᠰᠤᠷᠠᠯ ᠳᠤ ᠤᠷᠤᠯᠴᠠᠵᠠᠢ᠃ ᠴᠢᠩᠭ᠎ᠠ ᠱᠠᠭᠠᠷᠳᠠᠬᠤ᠂ ᠴᠢᠩᠭ᠎ᠠ ᠬᠠᠮᠢᠶᠠᠷᠬᠤ ᠶᠢ ᠲᠣᠪᠤᠶᠢᠯᠭᠠᠨ᠂ ︽ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠬᠦᠷᠭᠡ ᠲᠤᠰᠢᠶᠠᠯ ᠭᠦᠢᠴᠡᠳᠬᠡᠬᠦ ᠬᠠᠮᠢᠶᠠᠷᠤᠯᠲᠠ ᠶᠢᠨ ᠨᠠᠷᠢᠨ ᠳᠦᠷᠢᠮ︾ | ᠢ ᠲᠣᠭᠲᠠᠭᠠᠨ ᠨᠡᠶᠢᠲᠡᠯᠡᠵᠦ᠂ ᠡᠳᠦᠷ ᠲᠤᠳᠤᠮ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ᠂ | ᠰᠢᠯᠢᠳᠡᠭ ᠢ ᠰᠢᠯᠭᠠᠷᠠᠭᠤᠯᠬᠤ ᠪᠠ ᠲᠤᠰᠢᠶᠠᠯ ᠠᠴᠠ ᠪᠠᠭᠤᠯᠭᠠᠬᠤ ᠲᠣᠭᠲᠠᠴᠠ ᠶᠢ ᠪᠠᠶᠢᠭᠤᠯᠪᠠ᠃ 2023 ᠣᠨ ᠳᠤ᠂ | 3 ᠨᠡᠷ᠎ᠡ ᠰᠢᠯᠢᠳᠡᠭ ᠭᠡᠰᠢᠭᠦᠨ᠂ 7 ᠬᠤᠪᠢ ᠰᠢᠯᠢᠳᠡᠭ ᠰᠠᠨᠠᠯ ᠳᠤᠷᠠᠳᠤᠯᠭ᠎ᠠ ᠪᠤᠶᠤ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠰᠢᠯᠭᠠᠷᠠᠭᠤᠯᠵᠤ᠂ ᠭᠡᠰᠢᠭᠦᠳ ᠤᠨ ︽ᠳᠠᠰᠬᠠᠯ ᠢᠶᠠᠨ | ᠰᠠᠶᠢᠨ ᠬᠢᠵᠦ︾ ᠂ ᠦᠢᠯᠡᠳᠦᠯ ᠢᠶᠠᠨ ᠰᠠᠶᠢᠳᠤᠷ ᠪᠠᠳᠠᠷᠭᠤᠯᠬᠤ ᠶᠢ ᠵᠤᠷᠢᠬᠵᠢᠭᠤᠯᠤᠭᠰᠠᠨ ᠪᠠᠶᠢᠨ᠎ᠠ᠃ | ᠭᠡᠰᠢᠭᠦᠳ ᠠ᠋᠂ ᠨᠥᠬᠦᠳ ᠠ᠋᠂ ᠥᠩᠭᠡᠷᠡᠭᠰᠡᠨ ᠨᠢᠭᠡ ᠵᠢᠯ ᠳᠤ ᠤᠯᠤᠰ ᠲᠦᠷᠦ ᠶᠢᠨ ᠵᠦᠪᠯᠡᠯᠭᠡᠨ ᠤ ᠡᠯ᠎ᠡ | ᠲᠦᠷᠦᠯ ᠤᠨ ᠠᠵᠢᠯ ᠤᠨ ᠰᠢᠨ᠎ᠡ ᠠᠬᠢᠴᠠ ᠲᠠᠢ ᠪᠣᠯᠤᠭᠰᠠᠨ ᠨᠢ ᠬᠤᠰᠢᠭᠤ ᠨᠠᠮ ᠤᠨ ᠬᠤᠷᠢᠶᠠᠨ ᠤ ᠵᠥᠪ | ᠣᠨᠣᠪᠴᠢᠲᠠᠶ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠦᠴᠦᠳᠡᠢ ᠳᠡᠮᠵᠢᠯᠭᠡ ᠪᠠ ᠨᠢᠭᠲᠠ ᠬᠠᠮᠵᠢᠯᠴᠠᠭ᠎ᠠ ᠂ | ᠤᠯᠤᠰ ᠲᠦᠷᠦ ᠶᠢᠨ ᠵᠦᠪᠯᠡᠯᠭᠡᠨ ᠤ ᠡᠯ᠎ᠡ ᠤᠷᠤᠯᠴᠠᠭᠴᠢ ᠨᠢᠭᠡᠴᠡ᠂ ᠪᠦᠬᠦ ᠭᠡᠰᠢᠭᠦᠳ ᠤᠨ ᠬᠠᠮᠲᠤ ᠶᠢᠨ | ᠴᠢᠷᠮᠠᠶᠢᠯᠭ᠎ᠠ ᠠᠴᠠ ᠰᠠᠯᠵᠤ ᠴᠢᠳᠠᠰᠢ ᠦᠬᠡᠢ ᠶᠤᠮ᠃ ᠠᠳᠡ ᠪᠢ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ | ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠮᠠᠨ ᠤ ᠠᠵᠢᠯ ᠢ | ᠬᠠᠯᠠᠮᠵᠢᠯᠠᠨ ᠳᠡᠮᠵᠢᠭᠰᠡᠨ ᠡᠷᠬᠢᠮ ᠬᠦᠨᠳᠦᠳᠦ ᠤᠳᠤᠷᠢᠳᠤᠯᠭ᠎ᠠ ᠪᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠪᠠ | ᠬᠦᠨᠳᠦᠳᠬᠡᠯ ᠳᠡᠪᠰᠢᠭᠦᠯᠵᠦ ᠪᠠᠶᠢᠨ᠎ᠠ︕ | ᠠᠮᠵᠢᠯᠲᠠ ᠪᠦᠳᠦᠮᠵᠢ ᠪᠠᠨ ᠳ᠋ᠦᠩᠨᠡᠬᠦ ᠶᠢᠨ ᠲᠠᠭᠠᠤ ᠪᠢᠳᠠ ᠪᠠᠰᠠ ᠤᠷᠤᠰᠢᠵᠤ ᠪᠠᠶᠢᠭ᠎ᠠ ᠵᠥᠷᠢᠶ᠎ᠡ ᠲᠤᠳᠠᠭᠳᠠᠯ | ᠢᠶᠠᠨ ᠰᠡᠷᠭᠡᠭ ᠢᠶᠠᠷ ᠲᠠᠨᠢᠭᠤᠰᠢᠳᠠᠢ᠃ ᠭᠤᠣᠯ ᠢᠯᠡᠷᠡᠯ ᠨᠢ᠄ ᠰᠠᠨᠠᠯ ᠵᠥᠪᠯᠡᠯᠭᠡ ᠳᠤᠷᠠᠳᠴᠤ ᠵᠠᠰᠠᠭ ᠲᠤ | ᠲᠤᠰᠠᠯᠠᠬᠤ ᠶᠢᠨ ᠬᠠᠨᠳᠤᠯᠭᠠᠲᠤ ᠴᠢᠨᠠᠷ ᠪᠠ ᠣᠨᠣᠴᠠ ᠶᠢᠨ ᠬᠡᠮᠵᠢᠶ᠎ᠡ ᠪᠠᠰᠠ ᠡᠷᠴᠢᠮ ᠲᠠᠢ ᠪᠦᠳᠦᠮᠵᠢᠳᠡᠢ ᠪᠤᠰᠤ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠥᠷᠭᠡᠴᠡ ᠪᠠ ᠭᠦᠨᠴᠡ ᠬᠦᠷᠦᠯᠴᠡᠬᠦ ᠦᠬᠡᠢ᠂ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢᠨ ᠬᠦᠴᠦᠯᠡᠬᠦ ᠴᠡᠭ ᠪᠠ ᠪᠦᠲᠦᠮᠵᠢᠲᠦ ᠴᠢᠨᠠᠷ ᠪᠠᠰᠠ ᠢᠯᠡᠷᠭᠡᠢ ᠪᠤᠰᠤ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠤᠨ ᠥᠪᠡᠷᠮᠢᠴᠡ ᠦᠢᠯᠡᠳᠦᠯ ᠢ ᠪᠠᠳᠠᠷᠠᠭᠤᠯᠬᠤ ᠨᠢ ᠰᠢᠨ᠎ᠡ ᠴᠠᠭ ᠦᠶ᠎ᠡ ᠶᠢᠨ ᠰᠢᠨ᠎ᠡ | ᠱᠠᠭᠠᠷᠳᠠᠯᠭ᠎ᠠ ᠲᠠᠢ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠵᠤ᠂ ᠭᠡᠰᠢᠭᠦᠳ ᠤᠨ ᠡᠬᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠬᠢᠷᠢ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠭ᠎ᠠ ᠃ ᠡᠳᠡᠭᠡᠷ ᠠᠰᠠᠭᠤᠳᠠᠯ ᠢ ᠪᠢᠳᠠ | ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠭᠡᠷᠡᠭᠳᠡᠢ ᠃ | 2024 ᠣᠨ ᠤ ᠠᠵᠢᠯ ᠡᠭᠦᠷᠭᠡ | 2024 ᠣᠨ ᠪᠣᠯ ᠰᠢᠨ᠎ᠡ ᠳᠤᠮᠳᠠᠳᠤ ᠤᠯᠤᠰ ᠪᠣᠯᠣᠨ ᠠᠷᠠᠳ ᠤᠨ ᠤᠯᠤᠰ ᠲᠥᠷᠥ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠶ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ | ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠂ ᠲᠠᠶᠢᠹᠤᠰᠧ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ︽ᠨᠢᠭᠡᠨ ᠭᠤᠣᠯ ᠱᠤᠭᠤᠮ︾ ᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ | ᠬᠦᠴᠦᠨ ᠢᠶᠠᠨ ᠲᠦᠪᠯᠡᠷᠡᠬᠦᠯᠦᠨ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ︽ᠭᠤᠷᠪᠠᠨ ᠶᠡᠭᠡ ᠡᠭᠦᠷᠭᠡ ᠴᠢᠳᠠᠪᠤᠷᠢ︾ | ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ | ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠷᠠᠳᠴᠢᠯᠠᠯ ᠢ ᠪᠠᠳᠠᠷᠠᠭᠤᠯᠬᠤ ᠪᠠ | ᠪᠦᠯᠬᠦᠮᠳᠡᠯ ᠢ ᠴᠢᠩᠭᠠᠳᠬᠠᠬᠤ ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠶᠢ ᠪᠠᠷᠢᠮᠲᠠᠯᠠᠵᠤ᠂ ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠰᠡᠳᠬᠢᠯ ᠰᠠᠨᠠᠭ᠎ᠠ ᠪᠠᠨ ᠨᠢᠬᠡᠳᠭᠡᠵᠦ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠠᠶᠢᠹᠤᠰᠧ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ | ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠬᠦᠨ᠎ᠡ᠃ ᠡᠨᠡ ᠵᠢᠯ ᠳᠣᠣᠷᠠᠬᠢ ᠮᠡᠳᠦ ᠶᠢᠨ ᠠᠵᠢᠯ | ᠢ ᠭᠤᠣᠯᠳᠠᠯᠭ᠎ᠠ ᠲᠠᠢ ᠰᠠᠶᠢᠨ ᠬᠢᠬᠦ ᠭᠡᠷᠡᠭᠳᠡᠢ ᠄ | ᠨᠢᠭᠡ᠂ ᠤᠨᠤᠯ ᠤᠨ ᠵᠡᠪᠰᠡᠭᠯᠡᠯ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠵᠢᠯᠤᠭᠤᠳᠬᠤ | ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠡᠳᠬᠢᠯ ᠢ | ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ︽ | ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠳᠠᠭᠠᠬᠤ︾ | ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠤᠯᠤᠰ | ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠳ ᠨᠠᠮ ᠤᠨ ᠭᠡᠰᠢᠭᠦᠨ ᠭᠠᠷᠤᠯ ᠲᠠᠢ ᠤᠯᠤᠰ | ᠲᠥᠷᠥ ᠶᠢᠨ ᠵᠥᠪᠯᠡᠯᠭᠡᠨ ᠤ ᠭᠡᠰᠢᠬᠦᠳ ᠲᠠᠢ ᠬᠠᠷᠢᠯᠴᠠᠬᠤ᠂ ᠨᠠᠮ ᠤᠨ ᠭᠡᠰᠢᠭᠦᠨ ᠭᠠᠷᠤᠯ ᠲᠠᠢ ᠤᠯᠤᠰ ᠲᠥᠷᠥ ᠶᠢᠨ | ᠵᠥᠪᠯᠡᠯᠭᠡᠨ ᠤ ᠭᠡᠰᠢᠬᠦᠳ ᠨᠠᠮ ᠤᠨ ᠭᠠᠳᠠᠨᠠᠬᠢ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ ᠲᠠᠢ ᠬᠠᠷᠢᠯᠴᠠᠬᠤ | ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠤᠳᠤᠷᠢᠳᠬᠤ ᠳᠤᠭᠤᠶᠢᠯᠠᠩ ᠨᠢ | ᠶᠡᠷᠦᠩᠬᠡᠢ ᠬᠠᠷᠢᠭᠤᠴᠠᠯᠭ᠎ᠠ ᠡᠬᠦᠷᠭᠡᠯᠡᠬᠦ᠂ ᠪᠠᠶᠢᠭᠤᠯᠭ᠎ᠠ ᠶᠢᠨ ᠨᠠᠮ ᠤᠨ ᠡᠭᠦᠷ ᠨᠢ ᠰᠠᠭᠤᠷᠢᠨ ᠭᠠᠵᠠᠷ ᠪᠠᠶᠢᠭᠤᠯᠬᠤ | ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠠᠬᠢᠵᠢᠭᠦᠯᠦᠨ᠎ᠡ᠃ ︽ᠨᠠᠮ ᠤᠨ ᠪᠠᠶᠢᠭᠤᠯᠤᠯᠲᠠ + | ᠲᠤᠰᠬᠠᠢ ᠰᠡᠳᠦᠪᠲᠦ ᠵᠥᠪᠯᠡᠯᠭᠡ︾᠂ ︽ᠨᠠᠮ ᠤᠨ ᠪᠠᠶᠢᠭᠤᠯᠤᠯᠲᠠ + ᠭᠡᠰᠢᠬᠦᠳ ᠲᠤ ᠬᠠᠨᠳᠤᠭᠰᠠᠨ ᠦᠢᠯᠡᠴᠢᠯᠡᠭᠡ | ︾᠂ ︽ᠨᠠᠮ ᠤᠨ ᠪᠠᠶᠢᠭᠤᠯᠤᠯᠲᠠ + ᠰᠠᠨᠠᠯ ᠳᠤᠷᠠᠳᠤᠯᠭ᠎ᠠ︾ ᠵᠡᠷᠭᠡ ᠠᠵᠢᠯ ᠤᠨ ᠵᠠᠬᠪᠤᠷ ᠢ ᠰᠦᠪᠡᠭᠴᠢᠯᠡᠨ | ᠬᠡᠷᠡᠭᠵᠢᠭᠦᠯᠵᠦ᠂ ᠰᠤᠷᠤᠯᠴᠠᠯᠭ᠎ᠠ ᠬᠦᠮᠦᠵᠢᠯ ᠢ ᠪᠠᠶᠢᠩᠭᠤ ᠦᠷᠨᠢᠬᠦᠯᠦᠨ᠂ ᠨᠠᠮ ᠤᠨ ᠤᠳᠤᠷᠢᠳᠬᠤ ᠳᠤᠭᠤᠶᠢᠯᠠᠩ | ᠳᠠᠭᠠᠭᠤᠯᠬᠤ᠂ ᠤᠳᠤᠷᠢᠳᠤᠯᠭ᠎ᠠ ᠲᠦᠷᠦᠬᠦᠯᠡᠬᠦ᠂ ᠨᠠᠮ ᠤᠨ ᠭᠡᠰᠢᠬᠦᠳ ᠳᠠᠶᠢᠴᠢᠯᠠᠬᠤ ᠪᠠᠷ ᠲᠠᠮᠵᠢᠨ ᠰᠤᠷᠤᠯᠴᠠᠯᠭ᠎ᠠ | ᠬᠦᠮᠦᠵᠢᠯ ᠤᠨ ᠪᠦᠷᠬᠦᠴᠡ ᠶᠢ ᠦᠷᠭᠡᠳᠭᠡᠨ᠎ᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ | ᠪᠣᠯᠣᠨ ᠶᠣᠰᠣ ᠤᠴᠢᠷ ᠢ ᠲᠣᠳᠣᠷᠬᠠᠢ ᠶᠠᠷᠢᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ | ᠬᠤᠷᠢᠶᠠᠨ ᠤ ᠬᠠᠯᠠᠮᠵᠢ ᠲᠡᠮᠵᠢᠯᠭᠡ ᠶᠢ ᠰᠡᠳᠬᠢᠯ ᠳᠤ ᠬᠠᠳᠠᠩᠰᠢᠳᠠᠯ᠎ᠠ ᠰᠠᠶᠢᠲᠤᠷ ᠶᠠᠷᠢᠵᠤ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ᠂ ᠪᠠᠶᠢᠭᠤᠯᠭ᠎ᠠ ᠶᠢᠨ ᠺᠠᠳ᠋ᠷ ᠠᠵᠢᠯᠳᠠᠨ ᠬᠢᠭᠡᠳ ᠦᠨᠳᠦᠰᠦᠲᠡᠨ ᠨᠦᠭᠦᠳ ᠤᠨ ᠤᠯᠠᠨ | ᠲᠦᠮᠡᠨ ᠢ ᠵᠢᠯᠤᠭᠤᠳᠤᠨ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠬᠦ ᠶᠢ | ᠪᠡᠶᠡᠯᠡᠬᠦᠯᠦᠨ᠎ᠡ᠃ | ᠬᠤᠶᠠᠷ᠂ ᠭᠤᠤᠯ ᠠᠵᠢᠯ ᠶᠡᠭᠡ ᠲᠠᠯ᠎ᠠ ᠳᠤ ᠦᠢᠯᠡᠴᠢᠯᠡᠵᠦ᠂ ᠤᠳᠤᠬᠢᠴᠢᠯᠠᠭᠰᠠᠨ ᠪᠠᠶᠢᠭᠤᠯᠤᠯᠲᠠ ᠶᠢᠨ | ᠰᠢᠨ᠎ᠡ ᠠᠶᠠᠨ ᠳᠤ ᠬᠦᠴᠦᠨ ᠨᠡᠮᠡᠷᠢᠯᠡᠨ᠎ᠡ ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ | ᠠᠵᠢᠯ ᠢ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠭᠤᠣᠯᠳᠠᠯᠭ᠎ᠠ ᠪᠣᠯᠭᠠᠵᠤ᠂ | ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠥᠷᠥ ᠶᠢᠨ | ᠵᠥᠪᠯᠡᠯᠭᠡᠨ ᠤ ᠠᠯᠪᠠᠨ ᠭᠡᠷ ᠵᠡᠷᠭᠡ ︽ᠭᠤᠷᠪᠠᠨ ᠠᠯᠪᠠᠨ ᠭᠡᠷ︾ ᠤᠨ ᠨᠡᠷ᠎ᠡ ᠪᠠᠷ ᠤᠯᠤᠰ ᠲᠥᠷᠥ ᠶᠢᠨ ᠵᠥᠪᠯᠡᠯᠭᠡ | ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠪᠠᠶᠢᠴᠠᠭᠠᠨ ᠰᠤᠳᠤᠯᠤᠯᠲᠠ ᠬᠢᠬᠦ ︽ᠭᠤᠷᠪᠠᠨ ᠲᠥᠯᠥᠪᠯᠡᠭᠡ︾ ᠶᠢ | ᠲᠣᠭᠲᠠᠭᠠᠨ ᠬᠡᠷᠡᠭᠵᠢᠭᠦᠯᠦᠨ᠎ᠡ᠃ ᠴᠢᠨᠠᠷ ᠰᠠᠶᠢᠲᠠᠢ ᠬᠥᠭᠵᠢᠯᠲᠡ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠤᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ᠂ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠵᠡᠷᠭᠡ ᠳᠤ ᠠᠩᠬᠠᠷᠤᠯ ᠢᠶᠠᠨ ᠲᠦᠪᠯᠡᠷᠡᠬᠦᠯᠵᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ ᠰᠠᠨᠠᠯ | ᠵᠥᠪᠯᠡᠯᠭᠡ ᠲᠤᠷᠠᠳᠤᠨ᠎ᠠ᠃ ᠠᠷᠠᠳ ᠤᠨ ᠠᠮᠢᠳᠤᠷᠠᠯ ᠤᠨ ᠲᠥᠪᠯᠡᠷᠡᠯ ᠤᠨ ᠴᠡᠭ ᠢ ᠠᠩᠬᠠᠷᠴᠤ᠂ ᠤᠯᠤᠰ ᠲᠥᠷᠥ ᠶᠢᠨ | ᠵᠥᠪᠯᠡᠯᠭᠡᠨ ᠤ ᠡᠯ᠎ᠡ ᠤᠷᠤᠯᠴᠠᠭᠴᠢ ᠨᠢᠭᠡᠴᠡ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ | ᠵᠣᠬᠢᠶᠠᠨ ᠪᠠᠶᠢᠭᠤᠯᠵᠤ ᠪᠠᠶᠢᠴᠠᠭᠠᠨ ᠰᠤᠳᠤᠯᠤᠯᠲᠠ ᠦᠷᠨᠢᠬᠦᠯᠦᠨ᠂ ᠠᠷᠬᠠᠭ ᠬᠡᠮ ᠢ ᠡᠷᠢᠵᠦ᠂ ᠠᠷᠭ᠎ᠠ ᠤᠬᠠᠭᠠᠨ | ᠭᠠᠷᠭᠠᠨ ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠶᠢᠨ ᠤᠨᠤᠴᠠ ᠶᠢᠨ ᠬᠡᠮᠵᠢᠶ᠎ᠡ ᠪᠠ ᠪᠦᠲᠦᠮᠵᠢᠲᠦ | ᠴᠢᠨᠠᠷ ᠢ ᠲᠠᠰᠤᠷᠠᠯᠲᠠ ᠦᠭᠡᠢ ᠲᠡᠭᠡᠭᠰᠢᠯᠡᠬᠦᠯᠵᠦ᠂ ᠬᠤᠰᠢᠭᠤ ᠨᠠᠮ ᠵᠠᠰᠠᠭ ᠤᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠨᠠᠩ ᠰᠢᠯᠢᠳᠡᠭ ᠲᠥᠷᠥ ᠶᠢᠨ ᠪᠣᠳᠣᠯᠭ᠎ᠠ ᠶᠢᠨ ᠰᠣᠩᠭᠤᠯᠲᠠ ᠶᠢ ᠬᠠᠩᠭᠠᠬᠤ ᠪᠠᠷ ᠴᠢᠷᠮᠠᠶᠢᠨ᠎ᠠ᠃ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠶᠢᠨ ᠳᠤᠮᠳᠠᠬᠢ | ᠰᠢᠨ᠎ᠡ ᠱᠠᠭᠠᠷᠳᠠᠯᠭ᠎ᠠ ᠰᠢᠨ᠎ᠡ ᠪᠠᠶᠢᠳᠠᠯ ᠲᠠᠢ ᠤᠶᠠᠯᠳᠤᠭᠤᠯᠤᠨ᠂ ᠴᠢᠨᠠᠷ ᠰᠠᠶᠢᠲᠠᠢ ᠰᠠᠨᠠᠯ ᠳᠤᠷᠠᠳᠤᠯᠭ᠎ᠠ ᠶᠢ | ᠳᠡᠪᠰᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ︽ᠰᠢᠭᠤᠳ ᠨᠡᠪᠲᠡᠷᠡᠬᠦ︾ | ᠦᠢᠯᠡᠳᠦᠯ ᠢ ᠪᠠᠳᠠᠷᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ ᠳᠤ ᠬᠦᠴᠦᠨ ᠨᠡᠮᠡᠷᠢᠯᠡᠨ᠎ᠡ᠃ | ᠭᠤᠷᠪᠠ ᠂ ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ | ᠪᠦᠬᠦ ᠲᠠᠯ᠎ᠠ ᠪᠠᠷ ᠠᠬᠢᠭᠤᠯᠤᠨ᠎ᠠ ᠃ ᠵᠥᠪᠯᠡᠬᠦ ᠠᠷᠠᠳᠴᠢᠯᠠᠯ ᠤᠨ ᠣᠶᠢᠯᠠᠭᠠᠭᠳᠠᠬᠤᠨ ᠢ ᠭᠦᠢᠴᠡᠳ ᠪᠠᠳᠠᠷᠠᠭᠤᠯᠵᠤ᠂ | ᠥᠷᠭᠡᠨ ᠳᠡᠯᠭᠡᠷᠡᠩᠭᠦᠢ ᠤᠯᠠᠨ ᠳᠠᠪᠬᠤᠷᠭᠠᠲᠤ ᠲᠦᠷᠢᠮᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠶᠢ ᠦᠨᠳᠦᠰᠦᠨ ᠱᠠᠲᠤᠨ ᠤ ᠵᠥᠪᠯᠡᠯᠭᠡ᠂ ᠠᠷᠠᠳ ᠤᠨ ᠪᠦᠯᠬᠦᠮ ᠤᠨ | ᠵᠥᠪᠯᠡᠯᠭᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠦᠪᠯᠡᠯᠭᠡ ᠯᠦᠭᠡ ᠪᠦᠲᠦᠮᠵᠢᠲᠡᠶ ᠵᠤᠯᠭᠠᠭᠤᠯᠬᠤ ᠶᠢ | ᠠᠬᠢᠭᠤᠯᠤᠨ᠎ᠠ᠃ ᠲᠤᠰᠬᠠᠢ ᠵᠥᠪᠯᠡᠯᠭᠡᠨ ᠤ ᠪᠠᠶᠢᠭᠤᠯᠤᠮᠵᠢ ᠶᠢᠨ ᠴᠤᠭᠴᠠᠯᠠᠯᠳᠠ ᠶᠢ ᠦᠷᠭᠦᠯᠵᠢᠯᠡᠨ ᠴᠢᠩᠭᠠᠳᠬᠠᠵᠤ᠂ | ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ᠂ ᠭᠡᠰᠢᠭᠦᠳ ᠤᠨ ᠠᠵᠢᠯᠯᠠᠬᠤ ᠲᠠᠰᠤᠭ᠂ ᠠᠷᠠᠳᠴᠢᠯᠠᠯ ᠢᠶᠠᠷ | ᠬᠢᠨᠠᠯᠲᠠ ᠲᠠᠯᠪᠢᠬᠤ ᠰᠠᠨᠠᠭᠤᠯᠭ᠎ᠠ ᠶᠢᠨ ᠪᠢᠴᠢᠭ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ | ᠵᠡᠷᠭᠡ ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠰᠠᠶᠢᠨ ᠬᠡᠷᠡᠭᠯᠡᠵᠦ᠂ ᠨᠡᠩ ᠪᠣᠳᠠᠲᠠᠢ ᠶᠢ ᠡᠷᠬᠢᠮᠯᠡᠭᠰᠡᠨ ᠥᠨᠳᠥᠷ | ᠪᠦᠲᠦᠮᠵᠢᠲᠡᠶ ᠵᠦᠪᠯᠡᠯᠭᠡᠨ ᠤ ᠲᠠᠪᠴᠠᠩ ᠢ ᠪᠠᠶᠢᠭᠤᠯᠤᠨ᠂ ᠤᠯᠠᠨ ᠲᠦᠮᠡᠨᠴᠢ ᠪᠦᠯᠬᠦᠮ᠂ ᠡᠯ᠎ᠡ ᠡᠲᠡᠭᠡᠳ ᠤᠨ | ᠭᠡᠰᠢᠭᠦᠨ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠰᠠᠨᠠᠯ ᠪᠤᠳᠤᠯ ᠢᠶᠠᠨ ᠶᠠᠷᠢᠵᠤ ᠠᠷᠭ᠎ᠠ | ᠤᠬᠠᠭᠠᠨ ᠭᠠᠷᠭᠠᠬᠤ ᠶᠢ ᠦᠨᠡᠨ ᠬᠦ ᠪᠠᠲᠤᠯᠠᠨ᠎ᠠ᠃ | ᠳᠥᠷᠪᠡ᠂ ᠠᠷᠠᠳᠴᠢᠯᠠᠯ ᠪᠦᠯᠬᠦᠮᠳᠡᠯ ᠢ ᠪᠠᠷᠢᠮᠲᠠᠯᠠᠵᠤ᠂ ᠬᠠᠷᠢᠯᠴᠠᠭ᠎ᠠ ᠬᠤᠯᠪᠤᠭᠠᠨ ᠤ ᠠᠵᠢᠯ ᠢ ᠦᠷᠭᠦᠯᠵᠢᠯᠡᠨ | ᠬᠦᠨᠵᠡᠬᠡᠶᠢᠷᠡᠬᠦᠯᠵᠦ ᠥᠷᠭᠡᠳᠬᠡᠨ᠎ᠡ᠃ ᠭᠤᠤᠯ ᠠᠵᠢᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ | ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠭᠡᠰᠢᠭᠦᠳ ᠤᠨ ᠠᠵᠢᠯ ᠤᠨ ᠲᠠᠰᠤᠭ ᠵᠡᠷᠭᠡ ᠡᠬᠦᠷᠭᠡ | ᠲᠤᠰᠢᠶᠠᠯ ᠢᠶᠠᠨ ᠬᠦᠢᠴᠡᠳᠭᠡᠬᠦ ᠲᠠᠪᠴᠠᠩ ᠳᠤ ᠲᠦᠰᠢᠭᠯᠡᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ | ︾ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠬᠦᠯᠦᠨ᠎ᠡ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ︾ ᠵᠡᠷᠭᠡ | ᠲᠤᠰᠬᠠᠢ ᠰᠡᠳᠦᠪ ᠤᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠦᠷᠨᠢᠬᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠵᠤ ︽ᠳᠡᠷᠭᠡᠳᠡᠬᠢ | ᠬᠤᠪᠢᠷᠠᠯᠲᠠ ᠪᠠᠨ ᠬᠠᠷᠠᠵᠤ᠂ ᠬᠥᠭᠵᠢᠯᠲᠡ ᠶᠢᠨ ᠦᠷ᠎ᠡ ᠪᠦᠲᠦᠮᠵᠢ ᠶᠢ ᠤᠶᠢᠯᠠᠭᠠᠬᠤ︾ ᠲᠤᠰᠬᠠᠢ ᠰᠡᠳᠦᠪᠲᠦ | ᠪᠠᠶᠢᠴᠠᠭᠠᠯᠲᠠ ᠶᠢᠨ ᠠᠵᠢᠯᠯᠠᠭ᠎ᠠ ᠶᠢ ᠦᠷᠨᠢᠬᠦᠯᠦᠨ᠂ ᠬᠤᠰᠢᠭᠤ ᠨᠠᠮ ᠵᠠᠰᠠᠭ ᠤᠨ ︽ᠬᠤᠶᠠᠷ ᠶᠡᠭᠡ ᠶᠠᠪᠤᠳᠠᠯ︾ ᠢ | ᠰᠠᠶᠢᠨ ᠬᠢᠬᠦ ᠳᠤ ᠰᠡᠳᠬᠢᠯ ᠬᠦᠴᠦᠨ ᠢ ᠨᠢᠬᠳᠠᠷᠠᠭᠤᠯᠤᠨ᠎ᠠ᠃ ᠤᠯᠠᠨ ᠲᠦᠮᠡᠨᠴᠢ ᠪᠦᠯᠬᠦᠮ ᠢ ᠲᠣᠭᠲᠠᠮᠠᠯ | ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠬᠥᠮᠥᠰ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ᠂ ᠦᠨᠳᠦᠰᠦᠲᠡᠨ ᠱᠠᠰᠢᠨ | ᠰᠤᠷᠲᠠᠬᠤᠨ ᠤ ᠡᠲᠡᠭᠡᠳ ᠤᠨ ᠬᠥᠮᠥᠰ ᠲᠠᠢ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠨ᠂ ᠦᠵᠡᠯ ᠰᠠᠨᠠᠭ᠎ᠠ ᠪᠠᠷ | ᠬᠥᠲᠥᠯᠥᠨ ᠳᠠᠭᠠᠭᠤᠯᠬᠤ᠂ ᠰᠡᠵᠢᠭᠯᠡᠯ ᠢ ᠠᠯᠳᠠᠷᠠᠭᠠᠨ ᠲᠥᠭᠡᠷᠢᠭᠳᠡᠯ ᠢ ᠲᠠᠶᠢᠯᠬᠤ ᠠᠵᠢᠯ ᠢ ᠭᠦᠨ ᠭᠦᠨᠵᠡᠭᠡᠢ ᠨᠠᠷᠢᠨ | ᠨᠢᠮᠪᠠᠢ ᠬᠢᠵᠦ᠂ ︽ᠬᠠᠮᠤᠭ ᠤᠨ ᠶᠡᠭᠡ ᠶᠡᠷᠦᠩᠬᠡᠢ ᠬᠤᠷᠢᠶᠠᠭᠴᠢ︾ ᠶᠢ ᠡᠷᠢᠯᠬᠢᠯᠡᠨ᠂ ︽ᠬᠠᠮᠤᠭ ᠤᠨ ᠶᠡᠭᠡ ᠢᠵᠢᠯ | ᠲᠥᠪᠲᠦ ᠲᠣᠭᠤᠷᠢᠭ︾ ᠢ ᠵᠢᠷᠤᠭᠯᠠᠨ᠎ᠠ᠃ ᠭᠡᠰᠢᠭᠦᠳ ᠤᠨ ᠠᠵᠢᠯ ᠤᠨ ᠲᠠᠰᠤᠭ ᠤᠨ ᠡᠬᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠠᠵᠢᠯᠯᠠᠭ᠎ᠠ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠲᠠᠢ ᠭᠦᠨᠵᠡᠭᠡᠢ ᠠᠭᠤᠰᠤᠯᠴᠠᠭᠤᠯᠵᠤ᠂ | ᠦᠨᠳᠦᠰᠦᠨ ᠱᠠᠲᠤᠨ ᠤ ᠵᠠᠰᠠᠯᠲᠠ ᠶᠢᠨ ᠳᠤᠮᠳᠠᠬᠢ ᠴᠢᠬᠤᠯᠠ ᠠᠰᠠᠭᠤᠳᠠᠯ ᠪᠠ ᠤᠯᠠᠨ ᠲᠦᠮᠡᠨ ᠤ ᠰᠠᠨᠠᠭᠠᠰᠢᠷᠠᠵᠤ | ᠵᠣᠪᠠᠵᠤ ᠬᠦᠰᠡᠵᠦ ᠰᠠᠨᠠᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠪᠠᠶᠢᠩᠭᠤ ᠶᠢᠨ ᠴᠢᠨᠠᠷᠲᠠᠢ ᠪᠠᠷ ᠵᠦᠪᠯᠡᠯᠭᠡ | ᠬᠢᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠤᠯᠠᠨ ᠲᠦᠮᠡᠨ ᠤ ᠰᠡᠳᠬᠢᠯ ᠵᠢᠷᠦᠬᠡᠨ ᠳᠤ | ᠬᠠᠳᠠᠩᠰᠢᠭᠤᠯᠤᠨ᠎ᠠ᠃ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠨᠳᠦᠰᠦᠨ | ᠱᠠᠲᠤ ᠳᠠᠰᠢ ᠤᠷᠲᠤᠳᠬᠠᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠰᠤᠮᠤ ᠰᠢᠶᠠᠩ ᠪᠠᠯᠭᠠᠰᠤᠨ ᠤ ᠨᠠᠮ ᠤᠨ | ᠬᠤᠷᠢᠶᠠᠨ ᠤ ᠳᠡᠳ᠋ ᠱᠦᠵᠢ ᠶᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠤᠯᠭᠠᠭᠰᠠᠨ ᠰᠠᠭᠤᠷᠢᠨ ᠳᠡᠭᠡᠷ᠎ᠡ᠂ | ᠨᠡᠶᠢᠭᠡᠮ ᠲᠣᠭᠤᠷᠢᠭ ᠤᠨ ᠲᠤᠰᠬᠠᠢ ᠲᠤᠰᠢᠶᠠᠯᠲᠤ ᠳᠡᠳ᠋ ᠱᠦᠵᠢ ᠶᠢ ᠤᠯᠤᠰ ᠲᠥᠷᠥ ᠶᠢᠨ ᠵᠥᠪᠯᠡᠯᠭᠡᠨ ᠳᠤ | ᠤᠷᠤᠭᠤᠯᠬᠤ ᠠᠵᠢᠯ ᠢ ᠰᠦᠪᠡᠭᠴᠢᠯᠡᠨ ᠬᠡᠷᠡᠭᠵᠢᠭᠦᠯᠦᠨ᠎ᠡ᠃ ᠭᠡᠰᠢᠭᠦᠳ ᠢ ᠲᠥᠯᠥᠪᠯᠡᠭᠡ ᠲᠠᠢ ᠪᠠᠷ ᠵᠣᠬᠢᠶᠠᠨ | ᠪᠠᠶᠢᠭᠤᠯᠵᠤ ᠭᠠᠳᠠᠭᠰᠢ ᠭᠠᠷᠭᠠᠨ ᠪᠠᠶᠢᠴᠠᠭᠠᠨ ᠰᠤᠳᠤᠯᠤᠯᠲᠠ ᠬᠢᠯᠭᠡᠵᠦ᠂ ᠲᠡᠷᠢᠭᠦᠨ ᠤ ᠭᠠᠵᠠᠷ ᠣᠷᠣᠨ ᠤ ᠠᠵᠤ | ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠵᠢᠯ ᠤᠨ ᠰᠠᠶᠢᠨ ᠠᠷᠭ᠎ᠠ ᠲᠤᠷᠰᠢᠯᠭ᠎ᠠ ᠶᠢ ᠰᠤᠷᠤᠯᠴᠠᠭᠤᠯᠤᠨ᠎ᠠ᠃ | ᠲᠠᠪᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠴᠢᠬᠤᠯᠠᠴᠢᠯᠠᠵᠤ᠂ ᠡᠭᠦᠷᠭᠡ | ᠲᠤᠰᠢᠶᠠᠯ ᠢᠶᠠᠨ ᠭᠦᠢᠴᠡᠳᠬᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠦᠨᠳᠦᠰᠦ | ᠰᠠᠭᠤᠷᠢ ᠪᠠᠨ ᠪᠠᠬᠢᠵᠢᠭᠦᠯᠬᠦ᠂ ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠦᠷᠢᠯᠡᠬᠦ᠂ ᠪᠠᠭᠤᠷᠠᠢ | ᠪᠠᠨ ᠴᠢᠩᠭᠠᠳᠬᠠᠬᠤ ᠶᠢ ᠪᠣᠳᠣᠯᠬᠢᠯᠠᠵᠤ᠂ ᠳᠦᠷᠢᠮ ᠤᠨ ᠪᠠᠶᠢᠭᠤᠯᠤᠯᠲᠠ ᠶᠢ ᠰᠠᠭᠤᠷᠢᠯᠠᠬᠤ ᠴᠢᠨᠠᠷᠲᠠᠢ ᠠᠵᠢᠯ ᠪᠤᠯᠭᠠᠵᠤ | ᠠᠳᠬᠤᠨ᠂ ᠪᠠᠶᠢᠴᠠᠭᠠᠨ ᠰᠤᠳᠤᠯᠤᠯᠳᠠ᠂ ᠵᠦᠪᠯᠡᠯᠭᠡᠨ ᠤ ᠬᠤᠷᠠᠯ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠵᠡᠷᠭᠡ ᠡᠬᠦᠷᠭᠡ ᠲᠤᠰᠢᠶᠠᠯ ᠭᠦᠢᠴᠡᠳᠬᠡᠬᠦ ᠳᠦᠷᠢᠮ ᠤᠨ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠡᠬᠦᠷᠭᠡ ᠲᠤᠰᠢᠶᠠᠯ ᠢᠶᠠᠨ | ᠭᠦᠢᠴᠡᠳᠬᠡᠬᠦ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ | ᠤᠯᠤᠰ ᠲᠦᠷᠦ ᠶᠢᠨ ᠵᠥᠪᠯᠡᠯᠭᠡᠨ ᠤ ᠭᠡᠰᠢᠬᠦᠳ ᠪᠠ ᠪᠠᠶᠢᠭᠤᠯᠭ᠎ᠠ ᠶᠢᠨ ᠺᠠᠳ᠋ᠷᠴᠤᠳ ᠤᠨ ᠬᠡᠪ ᠴᠢᠨᠠᠷ ᠬᠢᠷᠢ | ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠴᠢᠩᠭ᠎ᠠ ᠱᠠᠭᠠᠷᠳᠠᠬᠤ᠂ ᠴᠢᠩᠭ᠎ᠠ ᠬᠥᠮᠥᠵᠢᠭᠦᠯᠬᠦ᠂ ᠴᠢᠩᠭ᠎ᠠ | ᠬᠠᠮᠢᠶᠠᠷᠬᠤ᠂ ᠴᠢᠩᠭ᠎ᠠ ᠬᠢᠨᠠᠬᠤ ᠶᠢ ᠪᠠᠷᠢᠮᠳᠠᠯᠠᠨ᠂ ᠭᠡᠰᠢᠭᠦᠳ ᠪᠠ ᠺᠠᠳ᠋ᠷᠴᠤᠳ ᠤᠨ ᠡᠬᠦᠷᠭᠡ ᠲᠤᠰᠢᠶᠠᠯ ᠢᠶᠠᠨ | ᠭᠦᠢᠴᠡᠳᠬᠡᠬᠦ ᠬᠢᠷᠢ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠭᠡᠰᠢᠭᠦᠳ ᠤᠨ ᠦᠢᠯᠡᠴᠢᠯᠡᠭᠡ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠰᠢᠯᠭᠠᠯᠲᠠ ᠶᠢ ᠴᠢᠩᠭᠠᠳᠬᠠᠨ᠂ ᠭᠡᠰᠢᠭᠦᠳ ᠢ ᠬᠥᠮᠥᠵᠢᠭᠦᠯᠦᠨ | ᠵᠢᠯᠤᠭᠤᠳᠴᠤ ᠪᠠᠶᠢᠭᠠᠳ ᠦᠵᠡᠯ ᠤᠬᠠᠮᠰᠠᠷ ᠢ ᠨᠢ ᠤᠯᠠᠮ ᠲᠡᠭᠡᠭᠰᠢᠯᠡᠬᠦᠯᠦᠨ᠎ᠡ᠃ ᠲᠤᠰᠬᠠᠢ ᠵᠦᠪᠯᠡᠯ ᠤᠨ | ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠲᠤᠰᠬᠠᠢ ᠵᠦᠪᠯᠡᠯ ᠤᠨ ᠡᠯ᠎ᠡ ᠡᠲᠡᠭᠡᠳ ᠤᠨ ᠭᠡᠰᠢᠭᠦᠳ ᠲᠠᠢ | ᠬᠠᠷᠢᠯᠴᠠᠬᠤ ᠲᠣᠭᠲᠠᠴᠠ ᠶᠢ ᠰᠢᠯᠢᠳᠡᠭᠵᠢᠬᠦᠯᠦᠨ᠂ ᠨᠠᠮ ᠵᠠᠰᠠᠭ ᠤᠨ ᠰᠠᠯᠠᠭ᠎ᠠ ᠮᠥᠴᠢᠷ ᠯᠦᠭᠡ ᠵᠦᠪᠳᠡᠯᠴᠡᠭᠡ ᠪᠠ | ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰᠬᠠᠢ ᠵᠦᠪᠯᠡᠯ ᠤᠨ ᠲᠠᠪᠴᠠᠩ ᠪᠠᠶᠢᠭᠤᠯᠬᠤ᠂ ᠦᠢᠯᠡᠴᠢᠯᠡᠭᠡ ᠬᠢᠬᠦ | ᠠᠵᠢᠯ ᠤᠨ ᠪᠦᠲᠦᠮᠵᠢ ᠶᠢ ᠳᠡᠭᠡᠭᠰᠢᠯᠡᠭᠦᠯᠦᠨ᠎ᠡ᠃ ᠰᠤᠷᠲᠠᠯ ᠤᠨ ᠴᠡᠭᠴᠡᠯᠡᠯᠳᠡ ᠶᠢ ᠢᠮᠠᠭᠲᠠ ᠰᠠᠶᠢᠲᠤᠷ ᠠᠳᠬᠤᠵᠤ᠂ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠡᠬᠦᠷᠭᠡ ᠲᠤᠰᠢᠶᠠᠯ ᠢᠶᠠᠨ ᠭᠦᠢᠴᠡᠳᠬᠡᠬᠦ ᠳᠤ | ᠢᠳᠡᠪᠬᠢᠳᠡᠢ ᠬᠠᠮᠵᠢᠯᠴᠠᠨ᠂ ᠠᠷᠢᠭᠤᠨ ᠴᠢᠬᠡᠴᠢ ᠪᠠᠶᠢᠭᠤᠯᠭ᠎ᠠ ᠶᠢ ᠪᠠᠶᠢᠭᠤᠯᠤᠨ᠎ᠠ᠃ | ᠭᠡᠰᠢᠭᠦᠳ ᠠ᠋᠂ ᠨᠥᠬᠦᠳ ᠠ᠋᠂ ᠬᠦᠴᠦᠳᠦ ᠳᠠᠷᠪᠠᠭᠤᠯ ᠤᠨ ᠡᠷᠴᠢ ᠪᠠᠷ ᠬᠦᠯᠬᠡ ᠤᠩᠭᠤᠴᠠ ᠤᠷᠤᠭᠰᠢᠯᠠᠨ᠎ᠠ | ᠂ ᠬᠦᠴᠦᠨ ᠰᠡᠳᠬᠢᠯ ᠢᠶᠠᠨ ᠨᠢᠭᠡᠳᠬᠡᠵᠦ ᠰᠢᠨ᠎ᠡ ᠬᠠᠭᠤᠳᠠᠰᠤ ᠶᠢ ᠪᠢᠴᠢᠭᠯᠡᠨᠡᠮ︕ ᠰᠢᠨ᠎ᠡ ᠠᠶᠠᠨ ᠵᠠᠮ ᠳᠤ | ᠡᠷᠡᠯᠬᠡᠭᠯᠡᠨ ᠤᠷᠤᠭᠰᠢᠯᠠᠬᠤ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠶᠡᠭᠡ ᠦᠢᠯᠡᠰ ᠢ ᠪᠦᠳᠦᠬᠡᠨ᠎ᠡ᠂ | ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠪᠠᠶᠢᠭᠤᠯᠬᠤ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ | ᠲᠠᠷᠬᠠᠨ ᠬᠠᠷᠢᠭᠤᠴᠠᠯᠭ᠎ᠠ ᠶᠢ ᠡᠬᠦᠷᠭᠡᠯᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠠᠶᠢᠹᠤᠰᠧ ᠬᠤᠰᠢᠭᠤᠨ ᠤ ᠰᠢᠨ᠎ᠡ ᠦᠢᠯᠡᠳᠦᠯᠭᠡ ᠶᠢ | ᠠᠬᠢᠭᠤᠯᠤᠨ᠂ ᠲᠠᠶᠢᠹᠤᠰᠧ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠵᠠᠭᠠᠶ᠎ᠠ︕ | ᠨᠡᠷ᠎ᠡ ᠦᠭᠡ ᠶᠢᠨ ᠲᠠᠶᠢᠯᠪᠤᠷᠢ ᠄ | ︽ᠵᠢᠷᠭᠤᠭᠠᠨ ᠦᠬᠦᠯᠡᠪᠦᠷᠢ︾᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠶᠤᠮ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ ᠪᠣᠯ ᠨᠠᠮ ᠤᠨ | ᠲᠥᠪ ᠬᠤᠷᠢᠶᠠᠨ ᠤ ᠳᠡᠮᠵᠢᠯᠭᠡ ᠪᠠᠷ ᠬᠥᠭᠵᠢᠵᠦ ᠢᠷᠡᠭᠰᠡᠨ ᠶᠤᠮ᠃ ᠥᠪᠥᠷ ᠮᠣᠩᠭᠤᠯ ᠤᠨ ᠠᠵᠢᠯ ᠤᠨ ᠳᠤᠮᠳᠠ | ᠭᠠᠷᠤᠭᠰᠠᠨ ᠬᠦᠨᠳᠦ ᠶᠡᠭᠡ ᠠᠯᠳᠠᠭ᠎ᠠ ᠪᠤᠷᠤᠭᠤ ᠶᠢ ᠪᠦᠷ ᠨᠠᠮ ᠤᠨ ᠲᠥᠪ ᠬᠤᠷᠢᠶ᠎ᠠ ᠠᠴᠠ ᠬᠠᠪᠰᠤᠷᠤᠨ | ᠵᠠᠯᠠᠷᠠᠭᠤᠯᠤᠭᠰᠠᠨ ᠶᠤᠮ᠃ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ | ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠪᠠ ᠵᠢᠯᠣᠭᠤᠳᠤᠯᠭ᠎ᠠ ᠪᠠᠷ ᠣᠯᠣᠭᠰᠠᠨ ᠶᠤᠮ᠃ ᠥᠪᠥᠷ | ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠨᠢ ᠲᠠᠷᠤᠢ ᠨᠠᠮ ᠤᠨ ᠢᠶᠠᠨ ᠦᠭᠡ ᠶᠢ ᠰᠣᠨᠣᠰᠬᠤ | ᠲᠠᠯ᠎ᠠ ᠪᠠᠷ ᠵᠢᠱᠢᠶᠡᠴᠢ ᠪᠣᠯᠤᠭᠰᠠᠨ ᠶᠤᠮ᠃ | ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠄ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ | ᠪᠣᠳᠣᠯᠭ᠎ᠠ ᠶᠢ ᠦᠨᠳᠦᠰᠦᠨ ᠱᠠᠲᠤᠨ ᠳᠤ ᠤᠬᠠᠭᠤᠯᠬᠤ᠂ ᠪᠠᠶᠢᠴᠠᠭᠠᠨ ᠰᠤᠳᠤᠯᠤᠯᠲᠠ ᠶᠢ ᠦᠨᠳᠦᠰᠦᠨ ᠱᠠᠲᠤᠨ ᠳᠤ | ᠬᠢᠬᠦ᠂ ᠵᠠᠬᠢᠳᠠᠯ ᠰᠣᠷᠪᠤᠯᠵᠢᠯᠠᠭ᠎ᠠ ᠶᠢ ᠦᠨᠳᠦᠰᠦᠨ ᠱᠠᠳᠤᠨ ᠳᠤ ᠬᠦᠯᠢᠶᠡᠨ ᠠᠪᠬᠤ ᠂ ᠦᠨᠳᠦᠰᠦᠨ ᠱᠠᠲᠤᠨ ᠳᠤ | ᠬᠦᠨᠵᠡᠬᠡᠶᠢᠷᠡᠵᠦ ᠠᠬᠤᠢ ᠲᠠᠯᠠᠪᠠᠢ ᠳᠤ ᠠᠯᠪᠠᠯᠠᠬᠤ᠃ | ︽ᠬᠤᠶᠠᠷ ᠶᠡᠭᠡ ᠶᠠᠪᠤᠳᠠᠯ︾᠄ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ︵ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ᠂ | ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ᠂ | ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ | ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠤᠯᠭᠠᠵᠤ ᠪᠠᠶᠢᠭᠤᠯᠬᠤ︶ | ᠬᠢᠭᠡᠳ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ᠃ |