ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠬᠡᠳᠦᠭᠡᠷ ᠬᠤᠭᠤᠴᠠᠭᠠᠨ ᠤ ᠬᠤᠷᠢᠶ᠎ᠠ | ᠶᠢᠨ ᠭᠤᠷᠪᠠᠳᠤᠭᠠᠷ ᠬᠤᠷᠠᠯᠳᠤᠭᠠᠨ ᠤ ᠮᠠᠲ᠋ᠧᠷᠢᠶᠠᠯ ︵3︶ | | ᠲᠣᠮᠲᠠᠲᠣ ᠣᠯᠣᠰ ᠤᠨ ᠠᠷᠡᠳ ᠤᠨ ᠣᠯᠣᠰ ᠲᠥᠷᠥ ᠶᠢᠨ ᠵᠥᠪᠯᠡᠯᠭᠡᠨ ᠤ ᠲᠠᠶᠢᠹᠣᠰᠧ ᠬᠤᠰᠢᠭᠤᠨ ᠤ ᠠᠷᠪᠠᠨ | ᠨᠢᠬᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠨᠢᠬᠡᠳᠦᠭᠡᠷ ᠬᠤᠭᠤᠴᠠᠭᠠᠨ | ᠤ ᠬᠤᠶᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠣᠷᠠᠳᠣᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ | ᠮᠡᠳᠡᠬᠦᠯᠦᠯᠳᠡ | | | ᠣᠯᠣᠰ ᠲᠥᠷᠤ ᠶᠢᠨ ᠵᠥᠪᠯᠡᠯᠭᠡᠨ ᠤ ᠲᠠᠶᠢᠹᠣᠰᠧ ᠬᠤᠰᠢᠭᠤᠨ ᠤ ᠠᠷᠪᠠᠨ ᠨᠢᠬᠡᠳᠦᠬᠡᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠲᠡᠬᠡᠷ᠎ᠠ | | ︵2024 ᠣᠨ ᠤ 1 ᠰᠠᠷ᠎ᠠ ᠶᠢᠨ 22 ᠤᠨ ᠡᠳᠦᠷ︶ | ᠢᠤᠢ ᠴᠧᠩ ᠬᠦᠸᠧ | ᠭᠡᠰᠢᠭᠦᠳ ᠡ᠂ ᠨᠦᠬᠦᠳ ᠡ ᠄ | ᠤᠳᠤ ᠪᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠬᠡᠳᠦᠭᠡᠷ ᠬᠤᠭᠤᠴᠠᠭᠠᠨ ᠤ ᠬᠤᠷᠢᠶ᠎ᠠ ᠶᠢᠨ | ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠠᠷᠪᠠᠨ ᠨᠢᠬᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ | ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠲᠤᠬᠠᠢ ᠮᠡᠳᠡᠬᠦᠯᠦᠯᠳᠡ ᠬᠢᠶ᠎ᠡ᠂ ᠬᠢᠨᠠᠨ ᠵᠦᠪᠯᠡᠬᠦ ᠪᠣᠯᠪᠠᠤ᠂ | ᠮᠦᠨᠴᠦ ᠬᠤᠷᠠᠯ ᠳᠤ ᠰᠤᠯᠠ ᠣᠷᠣᠯᠴᠠᠭᠰᠠᠨ ᠨᠥᠬᠦᠳ ᠤᠨ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠨᠠᠰᠢ᠂ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠰᠢᠭᠤ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ | ᠳᠣᠣᠷ᠎ᠠ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ᠂ ᠤᠯᠤᠰ ᠲᠥᠷᠥ ᠶᠢᠨ ᠵᠥᠪᠯᠡᠯᠭᠡᠨ ᠤ | ᠤᠷᠤᠯᠴᠠᠭᠴᠢ ᠡᠯ᠎ᠡ ᠨᠢᠭᠡᠴᠡ ᠪᠠ ᠡᠯ᠎ᠡ ᠲᠤᠰᠬᠠᠢ ᠵᠥᠪᠯᠡᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠭᠤᠣᠯ ᠰᠡᠳᠦᠪ ᠢ ᠪᠠᠷᠢᠮᠲᠠᠯᠠᠨ᠂ ᠪᠦᠭᠦ | ᠬᠤᠰᠢᠭᠤᠨ ᠤ ᠭᠤᠣᠯ ᠠᠵᠢᠯ ᠪᠠ ᠠᠷᠠᠳ ᠤᠯᠠᠨ ᠤ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠤᠨ ᠲᠣᠭᠤᠷᠢᠨ ᠳᠤ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠭᠦᠨᠵᠡᠭᠡᠢ ᠪᠠᠶᠢᠴᠠᠭᠠᠨ | ᠰᠤᠳᠤᠯᠤᠯᠲᠠ ᠬᠢᠬᠦ ᠪᠠᠷ ᠲᠠᠮᠵᠢᠭᠠᠳ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠤᠶᠢᠯᠠᠭᠠᠵᠤ᠂ ᠰᠠᠨᠠᠯ | ᠳᠤᠷᠠᠳᠤᠯᠭ᠎ᠠ ᠶᠢᠨ ᠪᠦᠲᠦᠮᠵᠢᠲᠡᠶ ᠬᠡᠯᠪᠡᠷᠢ ᠶᠢ ᠭᠦᠢᠴᠡᠳ ᠠᠰᠢᠭᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ | ᠴᠢᠳᠠᠯ ᠢᠶᠠᠨ ᠡᠷᠬᠦᠭᠰᠡᠨ ᠪᠠᠶᠢᠨ᠎ᠠ᠃ | ᠨᠢᠭᠡ᠂ ᠰᠠᠨᠠᠯ ᠲᠤᠷᠠᠳᠤᠯᠭ᠎ᠠ ᠶᠢ ᠬᠤᠷᠢᠶᠠᠭᠰᠠᠨ ᠪᠠ ᠬᠦᠢᠴᠡᠳᠭᠡᠭᠰᠡᠨ ᠪᠠᠶᠢᠳᠠᠯ | ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠠᠴᠠ ᠨᠠᠰᠢ᠂ ᠭᠡᠰᠢᠭᠦᠳ ᠤᠨ ᠰᠠᠨᠠᠯ | ᠲᠤᠷᠠᠳᠤᠯᠭ᠎ᠠ ᠶᠢ ᠨᠡᠶᠢᠳᠡ 106 ᠬᠤᠪᠢ ᠬᠦᠯᠢᠶᠡᠨ ᠠᠪᠴᠤ᠂ ︽ᠰᠠᠨᠠᠯ ᠲᠤᠷᠠᠳᠤᠯᠭ᠎ᠠ ᠶᠢᠨ ᠠᠵᠢᠯ ᠤᠨ ᠳᠦᠷᠢᠮ︾ | ᠂ ︽ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠬᠤ ᠠᠵᠢᠯ ᠤᠨ ᠨᠠᠷᠢᠨ ᠳᠦᠷᠢᠮ︾ ᠢ ᠦᠨᠳᠦᠰᠦᠯᠡᠨ᠂ ᠬᠤᠷᠢᠶᠠᠨ | ᠠᠪᠤᠭᠰᠠᠨ ᠰᠠᠨᠠᠯ ᠲᠤᠷᠠᠳᠤᠯᠭ᠎ᠠ ᠶᠢ ᠨᠠᠷᠢᠨ ᠨᠢᠮᠪᠠᠢ ᠬᠢᠨᠠᠨ ᠪᠠᠶᠢᠴᠠᠭᠠᠵᠤ᠂ 96 ᠬᠤᠪᠢ ᠶᠢ ᠨᠢ ᠬᠡᠷᠡᠭ ᠪᠣᠯᠭᠠᠨ | ᠳᠠᠩᠰᠠᠯᠠᠵᠤ᠂ 10 ᠬᠤᠪᠢ ᠶᠢ ᠨᠢ ᠬᠡᠷᠡᠭ ᠪᠣᠯᠭᠠᠨ ᠳᠠᠩᠰᠠᠯᠠᠬᠤ ᠦᠭᠡᠢ ᠪᠠᠷ ᠲᠣᠭᠲᠠᠭᠠᠪᠠ᠃ ᠬᠡᠷᠡᠭ ᠪᠣᠯᠭᠠᠨ | ᠳᠠᠩᠰᠠᠯᠠᠭᠰᠠᠨ ᠰᠠᠨᠠᠯ ᠲᠤᠷᠠᠳᠤᠯᠭ᠎ᠠ ᠶᠢᠨ ᠳᠣᠲᠣᠷ᠎ᠠ ᠭᠡᠰᠢᠭᠦᠳ ᠤᠨ ᠬᠤᠪᠢ ᠬᠥᠮᠥᠨ ᠤ ᠰᠠᠨᠠᠯ ᠲᠤᠷᠠᠳᠤᠯᠭ᠎ᠠ 94 | ᠬᠤᠪᠢ᠂ ᠨᠡᠷ᠎ᠡ ᠬᠤᠯᠪᠣᠭᠰᠠᠨ ᠰᠠᠨᠠᠯ ᠲᠤᠷᠠᠳᠤᠯᠭ᠎ᠠ 2 ᠬᠤᠪᠢ ᠪᠠᠶᠢᠵᠤ ᠂ ᠡᠬᠦᠨ ᠤ ᠲᠤᠳᠤᠷ᠎ᠠ ᠠᠵᠤ ᠠᠬᠤᠢ ᠶᠢᠨ | ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠲᠤᠷᠠᠳᠤᠯᠭ᠎ᠠ 20 ᠪᠠᠶᠢᠵᠤ᠂ 20.8% ᠶᠢ ᠡᠵᠡᠯᠡᠨ᠂ ᠨᠡᠶᠢᠭᠡᠮ ᠤᠨ | ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠲᠤᠷᠠᠳᠤᠯᠭ᠎ᠠ 46 ᠪᠠᠶᠢᠵᠤ᠂ 47.9 % ᠶᠢ ᠡᠵᠡᠯᠡᠨ᠂ ᠰᠣᠶᠣᠯ | ᠰᠤᠷᠭᠠᠨ ᠬᠥᠮᠦᠵᠢᠯ ᠡᠷᠡᠭᠦᠯ ᠬᠠᠮᠠᠭᠠᠯᠠᠯ ᠤᠨ ᠲᠠᠯ᠎ᠠ ᠪᠠᠷ ᠬᠢ ᠰᠠᠨᠠᠯ ᠲᠤᠷᠠᠳᠤᠯᠭ᠎ᠠ 25 ᠪᠠᠶᠢᠵᠤ᠂ 26% ᠶᠢ | ᠡᠵᠡᠯᠡᠨ᠂ ᠠᠮᠢ ᠠᠬᠤᠢ ᠣᠷᠴᠢᠨ ᠲᠤᠭᠤᠷᠢᠨ ᠤ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠲᠤᠷᠠᠳᠤᠯᠭ᠎ᠠ 5 | ᠪᠠᠶᠢᠵᠤ᠂ 5.2% ᠶᠢ ᠡᠵᠡᠯᠡᠪᠡ᠃ ᠡᠳᠡᠭᠡᠷ ᠰᠠᠨᠠᠯ ᠳᠤᠷᠠᠳᠤᠯᠭ᠎ᠠ ᠶᠢ ︽ᠱᠠᠲᠤ ᠬᠤᠪᠢᠶᠠᠨ ᠬᠠᠷᠢᠭᠤᠴᠠᠵᠤ᠂ | ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠰᠢᠶᠠᠨ ᠬᠦᠢᠴᠡᠳᠭᠡᠯᠬᠡᠬᠦ︾ ᠵᠠᠷᠴᠢᠮ ᠶᠣᠰᠣᠭᠠᠷ ᠬᠠᠷᠢᠭᠤᠴᠠᠨ | ᠬᠦᠢᠴᠡᠳᠭᠡᠬᠦ ᠨᠢᠭᠡᠴᠡ ᠳᠤ ᠲᠤᠰᠢᠶᠠᠨ ᠦᠭᠬᠦᠭᠡᠳ ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ ᠬᠠᠷᠢᠭᠤᠴᠠᠨ ᠬᠦᠢᠴᠡᠳᠭᠡᠬᠦ ᠨᠢᠭᠡᠴᠡ ᠤᠳ ᠨᠢ ᠨᠠᠷᠢᠨ ᠬᠢᠨᠠᠮᠠᠭᠠᠢ | ᠬᠦᠢᠴᠡᠳᠭᠡᠵᠦ᠂ ᠪᠤᠢ ᠪᠦᠬᠦᠢ ᠰᠠᠨᠠᠯ ᠳᠤᠷᠠᠳᠤᠯᠭ᠎ᠠ ᠶᠢ 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠬᠦᠨ ᠢ ᠬᠦᠢᠴᠡᠳᠭᠡᠵᠠᠢ᠃ | ᠶᠡᠷᠦᠩᠬᠡᠢ ᠳᠤᠨᠢ ᠠᠪᠴᠤ ᠦᠵᠡᠪᠡᠯ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠨᠢ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ | ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ᠂ ᠨᠡᠶᠢᠭᠡᠮ ᠤᠨ ᠬᠦᠴᠢᠷ | ᠠᠰᠠᠭᠤᠳᠠᠯ᠂ ᠠᠷᠠᠳ ᠤᠨ ᠠᠮᠢᠳᠤᠷᠠᠯ ᠤᠨ ᠴᠢᠬᠤᠯᠠ ᠠᠰᠠᠭᠤᠳᠠᠯ ᠠᠴᠠ ᠭᠠᠷᠳᠠᠨ᠂ ᠭᠦᠢᠴᠡᠳ ᠪᠠᠶᠢᠴᠠᠭᠠᠨ | ᠰᠤᠳᠤᠯᠵᠤ᠂ ᠭᠦᠨᠵᠡᠭᠡᠢ ᠰᠡᠳᠬᠢᠨ ᠪᠣᠳᠣᠯᠬᠢᠯᠠᠵᠤ᠂ ᠪᠠᠶᠢᠳᠠᠯ ᠢ ᠦᠨᠡᠨ ᠪᠣᠳᠠᠲᠠᠢ ᠲᠤᠰᠬᠠᠵᠤ᠂ ᠬᠡᠷᠡᠭᠵᠢᠭᠦᠯᠵᠦ | ᠪᠣᠯᠬᠤᠶᠢᠴᠠ ᠰᠠᠨᠠᠭᠤᠯᠭ᠎ᠠ ᠶᠢ ᠲᠤᠷᠠᠳᠤᠭᠠᠳ᠂ ᠥᠷᠭᠡᠨ ᠣᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠬᠦᠴᠦ ᠬᠥᠳᠡᠯᠮᠦᠷᠢ ᠪᠠ ᠤᠶᠤᠨ ᠤᠬᠠᠭᠠᠨ ᠢ ᠨᠢᠭᠲᠠᠷᠠᠭᠤᠯᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ | ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠵᠠᠢ᠃ ᠡᠨᠡ ᠨᠢ | ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄ | ︵ᠨᠢᠭᠡ︶ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠭᠰᠠᠨ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠮᠠᠨ ᠤ ᠬᠤᠰᠢᠭᠤᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠬᠠᠨᠳᠤᠭᠤᠯᠵᠤ᠂ | ᠲᠠᠶᠢᠹᠤᠰᠧ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠲᠦᠷᠭᠡᠳᠬᠡᠬᠦ ᠲᠠᠯ᠎ᠠ ᠪᠠᠷ | ᠪᠠᠷᠠᠭᠠᠯᠬᠢᠯᠠᠯ ᠤᠨ ᠴᠢᠨᠠᠷᠲᠠᠢ᠂ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ ᠡᠲᠡᠭᠡᠷ ᠰᠠᠨᠠᠯ | ᠰᠠᠨᠠᠭᠤᠯᠭ᠎ᠠ ᠨᠢ ᠬᠤᠰᠢᠭᠤ ᠨᠠᠮ ᠵᠠᠰᠠᠭ ᠤᠨ ᠲᠥᠷᠥ ᠶᠢᠨ ᠪᠣᠳᠣᠯᠭ᠎ᠠ ᠲᠣᠭᠲᠠᠭᠠᠬᠤ᠂ ᠠᠷᠭ᠎ᠠ ᠬᠡᠮᠵᠢᠶ᠎ᠡ | ᠨᠠᠶᠢᠳᠠᠪᠤᠷᠢᠵᠢᠭᠤᠯᠬᠤ ᠳᠤ ᠠᠬᠢᠭᠤᠯᠭ᠎ᠠ ᠶᠢᠨ ᠦᠢᠯᠡᠳᠦᠯ ᠦᠵᠡᠭᠦᠯᠵᠦ᠂ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠢ ᠣᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠤᠨ ᠰᠢᠩᠭᠡᠭᠡᠵᠦ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠤᠭᠳᠠᠭᠠᠨ ᠭᠡᠷᠡᠭᠵᠢᠬᠦᠯᠦᠭᠡᠳ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ | ᠬᠥᠳᠡᠯᠭᠡᠬᠦ ᠬᠦᠴᠦᠨ ᠢ ᠲᠠᠶᠢᠴᠢᠯᠠᠨ᠂ ᠪᠥᠬᠦ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠤᠯᠠᠮ | ᠰᠢᠯᠢᠳᠡᠭᠵᠢᠬᠦᠯᠦᠭᠰᠡᠨ ᠪᠠᠶᠢᠨ᠎ᠠ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠠᠬᠢᠭᠤᠯᠤᠭᠰᠠᠨ᠃ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠬᠦᠨᠵᠡᠬᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ︽ᠮᠠᠯ ᠲᠠᠷᠢᠶᠠᠯᠠᠩ | ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠢ ᠤᠯᠤᠰ ᠲᠦᠷᠦ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠶᠢᠨ ᠠᠵᠢᠯ ᠤᠨ ᠠᠩᠬᠠᠷᠬᠤ ᠭᠤᠣᠯᠳᠠᠯᠭ᠎ᠠ ᠪᠤᠯᠭᠠᠨ᠂ ᠮᠠᠰᠢ ᠤᠯᠠᠨ ᠪᠦᠲᠦᠭᠡᠯᠴᠢ ᠴᠢᠨᠠᠷᠲᠠᠢ | ᠰᠠᠨᠠᠭᠤᠯᠭ᠎ᠠ ᠶᠢ ᠳᠤᠷᠠᠳᠴᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠳᠤ ᠮᠠᠰᠢ ᠰᠠᠶᠢᠨ ᠰᠠᠨᠠᠯ ᠵᠦᠪᠯᠡᠯᠭᠡ ᠦᠭᠴᠡᠢ᠃ ᠡᠳᠡᠭᠡᠷ ᠰᠠᠨᠠᠯ ᠲᠤᠷᠠᠳᠤᠯᠭ᠎ᠠ ᠶᠢ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠭᠥᠯᠢᠶᠡᠨ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ ᠦᠷᠭᠡᠳᠭᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠤᠯᠭᠠᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ | ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠵᠦ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠬᠡᠷᠡᠭᠵᠢᠭᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃ | ︵ᠭᠤᠷᠪᠠ︶ ᠠᠷᠠᠳ ᠤᠨ ᠠᠮᠢᠳᠤᠷᠠᠯ ᠢ ᠠᠩᠬᠠᠷᠴᠤ᠂ ᠨᠡᠶᠢᠭᠡᠮ ᠳᠤ ᠦᠢᠯᠡᠴᠢᠯᠡᠨ᠂ ᠨᠡᠶᠢᠭᠡᠮ ᠤᠨ | ᠵᠣᠬᠢᠴᠠᠩᠭᠤᠢ ᠬᠥᠭᠵᠢᠯᠲᠡ ᠶᠢ ᠠᠬᠢᠭᠤᠯᠤᠭᠰᠠᠨ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠤᠶᠤᠯ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠪᠠ | ᠠᠷᠠᠳ ᠤᠨ ᠠᠮᠢᠳᠤᠷᠠᠯ ᠤᠨ ᠠᠵᠢᠯ ᠢ ᠢᠮᠠᠭᠲᠠ ᠠᠩᠬᠠᠷᠴᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ | ᠥᠪᠡᠷ ᠤᠨ ᠲᠠᠨᠢᠯ ᠳᠠᠰᠤᠯ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠵᠤ ᠂ ᠠᠷᠠᠳ ᠤᠨ ᠠᠮᠢᠳᠤᠷᠠᠯ ᠤᠨ | ᠠᠰᠠᠭᠤᠳᠠᠯ ᠤᠨ ᠲᠣᠭᠤᠷᠢᠨ ᠳᠤ ᠢᠳᠡᠪᠬᠢᠲᠡᠢ ᠪᠠᠷ ᠰᠠᠨᠠᠯ ᠳᠤᠷᠠᠳᠤᠯᠭ᠎ᠠ ᠲᠡᠪᠰᠢᠬᠦᠯᠦᠭᠡᠳ᠂ ᠪᠥᠬᠦ ᠬᠤᠰᠢᠭᠤᠨ ᠤ | ᠨᠡᠶᠢᠭᠡᠮ ᠤᠨ ᠦᠢᠯᠡᠰ ᠤᠨ ᠵᠣᠬᠢᠴᠠᠩᠭᠤᠢ ᠬᠥᠭᠵᠢᠯᠲᠡ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ | ︵ᠳᠥᠷᠪᠡ︶ ᠴᠢᠬᠤᠯᠠ ᠠᠰᠠᠭᠤᠳᠠᠯ ᠲᠠᠢ ᠤᠶᠠᠯᠳᠤᠭᠤᠯᠤᠨ᠂ ᠠᠷᠠᠳ ᠤᠨ ᠰᠠᠨᠠᠭ᠎ᠠ ᠶᠢ ᠲᠤᠰᠬᠠᠵᠤ᠂ | ᠨᠡᠶᠢᠭᠡᠮ ᠤᠨ ᠡᠶ᠎ᠡ ᠵᠤᠬᠢᠴᠠᠩᠭᠤᠢ ᠬᠥᠭᠵᠢᠯᠲᠡ ᠶᠢ ᠠᠬᠢᠭᠤᠯᠤᠭᠰᠠᠨ᠃ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠠᠷᠠᠳ ᠤᠯᠠᠨ ᠤ ᠦᠨᠳᠦᠰᠦᠨ | ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠠᠪᠤᠳᠠᠯ ᠢ ᠢᠮᠠᠭᠲᠠ | ᠤᠯᠤᠰ ᠲᠦᠷᠦ ᠶᠢᠨ ᠵᠥᠪᠯᠡᠯᠭᠡᠨ ᠤ ᠰᠠᠨᠠᠯ ᠲᠤᠷᠠᠳᠤᠯᠭ᠎ᠠ ᠶᠢᠨ ᠠᠵᠢᠯ ᠤᠨ ᠲᠤᠰᠤᠯᠲᠠ ᠪᠣᠯᠭᠠᠵᠤ᠂ ᠠᠷᠠᠳ ᠤᠨ | ᠠᠮᠢᠳᠤᠷᠠᠯ ᠳᠤ ᠣᠶᠢᠷᠠᠲᠤᠭᠰᠠᠨ᠂ ᠠᠷᠠᠳ ᠤᠨ ᠰᠠᠨᠠᠭ᠎ᠠ ᠶᠢ ᠲᠤᠰᠬᠠᠭᠰᠠᠨ ᠰᠠᠨᠠᠯ ᠲᠤᠷᠠᠳᠤᠯᠭ᠎ᠠ ᠲᠡᠪᠰᠢᠬᠦᠯᠬᠦ ᠨᠢ | ᠢᠯᠡᠷᠬᠡᠢ ᠨᠡᠮᠡᠭᠳᠡᠭᠰᠡᠨ ᠪᠠᠶᠢᠨ᠎ᠠ᠃ ᠡᠯ᠎ᠡ ᠬᠠᠷᠢᠭᠤᠴᠠᠨ ᠬᠦᠢᠴᠡᠳᠭᠡᠬᠦ ᠨᠢᠬᠡᠴᠡ ᠨᠢ ᠡᠳᠡᠭᠡᠷ ᠰᠠᠨᠠᠯ ᠲᠤᠷᠠᠳᠤᠯᠭ᠎ᠠ | ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠭᠡᠰᠢᠭᠦᠳ ᠤᠨ ᠰᠠᠨᠠᠯ ᠰᠠᠨᠠᠭᠤᠯᠭ᠎ᠠ ᠶᠢ | ᠬᠢᠨᠠᠮᠠᠭᠠᠢ ᠰᠣᠨᠣᠰᠤᠨ᠂ ᠡᠬᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠵᠤ᠂ ᠡᠯ᠎ᠡ ᠲᠦᠷᠦᠯ ᠤᠨ ᠠᠵᠢᠯ ᠢ ᠦᠷ᠎ᠡ | ᠪᠦᠲᠦᠮᠵᠢ ᠲᠠᠢ ᠨᠠᠶᠢᠳᠠᠪᠤᠷᠢᠵᠢᠭᠤᠯᠪᠠ ᠃ | ᠬᠤᠶᠠᠷ᠂ ᠰᠠᠨᠠᠯ ᠲᠤᠷᠠᠳᠤᠯᠭ᠎ᠠ ᠶᠢᠨ ᠠᠵᠢᠯ ᠤᠨ ᠭᠤᠣᠯ ᠪᠤᠯᠬᠤ ᠠᠷᠭ᠎ᠠ ᠪᠠᠷᠢᠯ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠨᠠᠯ ᠲᠤᠷᠠᠳᠤᠯᠭ᠎ᠠ ᠶᠢᠨ | ᠠᠵᠢᠯ ᠳᠤ ᠰᠢᠨ᠎ᠡ ᠪᠠᠶᠢᠷᠢᠰᠢᠯ ᠢᠯᠡᠷᠡᠭᠰᠡᠨ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠬᠦᠢᠴᠡᠳᠭᠡᠬᠦ ᠠᠵᠢᠯ ᠢ ᠰᠠᠶᠢᠨ ᠬᠢᠬᠦ ᠶᠢ ᠥᠭᠡᠷᠡᠴᠢᠯᠡᠯᠲᠡ | ᠬᠥᠭᠵᠢᠯᠲᠡ ᠶᠢ ᠠᠬᠢᠭᠤᠯᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠴᠢᠬᠤᠯᠠ | ᠠᠷᠭ᠎ᠠ ᠵᠠᠮ ᠪᠣᠯᠭᠠᠵᠤ᠂ ᠰᠠᠨᠠᠯ ᠳᠤᠷᠠᠳᠤᠯᠭ᠎ᠠ ᠬᠦᠢᠴᠡᠳᠭᠡᠬᠦ ᠳᠤ ᠪᠠᠳᠤ ᠴᠢᠩᠭ᠎ᠠ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠬᠠᠩᠭᠠᠭᠰᠠᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠪᠠ | ᠲᠡᠷᠢᠭᠦᠯᠡᠭᠴᠢᠳ ᠤᠨ ᠬᠤᠷᠠᠯ ᠨᠢ ᠰᠠᠨᠠᠯ ᠲᠤᠷᠠᠳᠤᠯᠭ᠎ᠠ ᠶᠢᠨ ᠠᠵᠢᠯ ᠤᠨ ᠪᠦᠬᠦ ᠲᠠᠯ᠎ᠠ ᠶᠢᠨ ᠴᠢᠨᠠᠷᠲᠠᠢ ᠪᠠᠶᠢᠷᠢ | ᠲᠣᠭᠲᠠᠭᠠᠯᠲᠠ ᠶᠢ ᠪᠠᠲᠤ ᠡᠵᠡᠮᠳᠡᠨ᠂ ᠰᠠᠨᠠᠯ ᠲᠤᠷᠠᠳᠤᠯᠭ᠎ᠠ ᠶᠢᠨ ᠠᠵᠢᠯ ᠢ ᠢᠮᠠᠭᠲᠠ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠳᠦᠷ ᠲᠤᠳᠤᠮ ᠤᠨ ᠴᠢᠬᠤᠯᠠ ᠵᠥᠪᠯᠡᠬᠦ | ᠵᠦᠢᠯ ᠳᠡᠭᠡᠨ ᠤᠷᠤᠭᠤᠯᠤᠨ᠂ ᠰᠠᠨᠠᠯ ᠲᠤᠷᠠᠳᠤᠯᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠬᠦ ᠶᠢ ᠬᠦᠴᠦᠳᠡᠢ ᠠᠬᠢᠭᠤᠯᠪᠠ᠃ ᠡᠯ᠎ᠡ ᠬᠠᠷᠢᠭᠤᠴᠠᠨ ᠬᠦᠢᠴᠡᠳᠭᠡᠬᠦ ᠨᠢᠬᠡᠴᠡ ᠤᠳ ᠨᠢ ᠰᠠᠨᠠᠯ | ᠲᠤᠷᠠᠳᠤᠯᠭ᠎ᠠ ᠶᠢᠨ ︽ᠬᠠᠷᠢᠭᠤᠯᠤᠭᠴᠢ︾ ᠪᠣᠯᠤᠭᠰᠠᠨ ᠤ ᠬᠤᠪᠢ ᠳᠤ᠂ ᠰᠠᠨᠠᠯ ᠲᠤᠷᠠᠳᠤᠯᠭ᠎ᠠ ᠬᠦᠢᠴᠡᠳᠭᠡᠬᠦ | ᠶᠠᠪᠤᠳᠠᠯ ᠢ ᠰᠠᠨᠠᠭᠠᠴᠢᠯᠠᠭ᠎ᠠ ᠠᠴᠠ ᠪᠠᠨ ᠲᠤᠰ ᠰᠠᠯᠠᠭ᠎ᠠ ᠮᠥᠴᠢᠷ ᠤᠨ ᠢᠶᠠᠨ ᠪᠦᠬᠦᠯᠢ ᠴᠣᠭᠴᠠ ᠶᠢᠨ ᠠᠵᠢᠯ ᠳᠤ | ᠤᠷᠤᠭᠤᠯᠵᠠᠢ᠃ | ︵ᠬᠤᠶᠠᠷ︶ ᠦᠢᠯᠡᠴᠢᠯᠡᠭᠡ ᠵᠢᠯᠤᠭᠤᠳᠤᠯᠭ᠎ᠠ ᠪᠠᠨ ᠴᠢᠩᠭᠠᠳᠬᠠᠵᠤ᠂ ᠰᠠᠨᠠᠯ ᠲᠤᠷᠠᠳᠤᠯᠭ᠎ᠠ ᠶᠢᠨ ᠴᠢᠨᠠᠷ | ᠴᠢᠨᠰᠠᠭ᠎ᠠ ᠰᠢᠨ᠎ᠡ ᠳᠡᠭᠡᠭᠰᠢᠯᠡᠯᠲᠡ ᠲᠠᠢ ᠪᠤᠯᠤᠭᠰᠠᠨ᠃ ᠬᠤᠰᠢᠭᠤ ᠨᠠᠮ ᠵᠠᠰᠠᠭ ᠤᠨ ᠭᠤᠣᠯ ᠠᠵᠢᠯ ᠪᠠ | ᠴᠤᠭᠯᠠᠭᠤᠯᠤᠭᠰᠠᠨ ᠰᠠᠨᠠᠯ ᠳᠤᠷᠠᠳᠤᠯᠭ᠎ᠠ ᠶᠢᠨ ᠰᠦᠪᠡᠭᠴᠢ ᠶᠢ ᠦᠨᠳᠦᠰᠦᠯᠡᠨ᠂ ᠰᠠᠨᠠᠯ ᠳᠤᠷᠠᠳᠤᠯᠭ᠎ᠠ ᠶᠢᠨ ᠰᠡᠳᠦᠪ | ᠰᠣᠩᠭᠤᠬᠤ ᠯᠠᠪᠯᠠᠯᠲᠠ ᠶᠢᠨ ᠭᠠᠷᠴᠠᠭ ᠢ ᠨᠠᠶᠢᠷᠠᠭᠤᠯᠵᠦ᠂ ᠰᠠᠨᠠᠯ ᠳᠤᠷᠠᠳᠤᠯᠭ᠎ᠠ ᠲᠡᠪᠰᠢᠬᠦᠯᠦᠭᠴᠢᠳ ᠢ ᠵᠢᠯᠤᠭᠤᠳᠤᠨ | ᠨᠠᠮ ᠵᠠᠰᠠᠭ ᠤᠨ ᠱᠠᠭᠠᠷᠳᠠᠯᠭ᠎ᠠ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ ᠠᠰᠠᠭᠤᠳᠠᠯ ᠢ | ᠰᠤᠩᠭᠤᠭᠤᠯᠵᠤ᠂ ᠪᠠᠶᠢᠴᠠᠭᠠᠨ ᠰᠤᠳᠤᠯᠤᠯᠲᠠ ᠦᠷᠨᠢᠬᠦᠯᠦᠨ᠂ ᠠᠷᠭ᠎ᠠ ᠪᠣᠳᠣᠯᠭ᠎ᠠ ᠲᠤᠷᠠᠳᠤᠭᠤᠯᠵᠠᠢ᠃ ᠰᠠᠨᠠᠯ | ᠳᠤᠷᠠᠳᠤᠯᠭ᠎ᠠ ᠶᠢᠨ ᠰᠡᠳᠦᠪ ᠰᠣᠩᠭᠤᠬᠤ ᠭᠤᠣᠯᠳᠠᠯᠭ᠎ᠠ ᠶᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠭᠤᠣᠯᠳᠠᠯᠭ᠎ᠠ ᠲᠠᠢ ᠠᠵᠢᠯ ᠪᠠ ᠣᠯᠠᠨ ᠲᠦᠮᠡᠨ ᠤ ᠲᠤᠰᠬᠠᠯ ᠶᠡᠬᠡᠲᠡᠢ ᠠᠷᠠᠳ ᠤᠨ ᠠᠮᠢᠳᠤᠷᠠᠯ ᠤᠨ ᠴᠢᠬᠤᠯᠠ | ᠠᠰᠠᠭᠤᠳᠠᠯ ᠳᠡᠭᠡᠷ᠎ᠡ ᠲᠠᠯᠪᠢᠵᠤ᠂ ᠴᠢᠨᠠᠷ ᠴᠢᠨᠰᠠᠭ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠰᠢᠯᠢᠳᠡᠭ | ᠰᠤᠳᠤᠨ ᠰᠠᠨᠠᠯ ᠲᠤᠷᠠᠳᠤᠯᠭ᠎ᠠ ᠶᠢᠨ ᠦᠵᠡᠯ ᠤᠬᠠᠮᠰᠠᠷ ᠢ ᠪᠣᠶ ᠪᠤᠯᠭᠠᠭᠰᠠᠨ ᠪᠠᠶᠢᠨ᠎ᠠ᠃ | ︵ᠭᠤᠷᠪᠠ︶ ᠵᠥᠪᠯᠡᠬᠦ ᠠᠷᠭ᠎ᠠ ᠮᠠᠶ᠋ᠢᠭ ᠢᠶᠠᠨ ᠪᠠᠶᠠᠯᠢᠭᠵᠢᠭᠤᠯᠵᠤ᠂ ᠰᠠᠨᠠᠯ ᠲᠤᠷᠠᠳᠤᠯᠭ᠎ᠠ ᠶᠢᠨ ᠵᠥᠪᠯᠡᠯᠭᠡ ᠰᠢᠨ᠎ᠡ | ᠦᠷ᠎ᠡ ᠪᠦᠲᠦᠮᠵᠢ ᠤᠯᠤᠭᠰᠠᠨ᠃ ᠭᠤᠣᠯᠳᠠᠯᠭ᠎ᠠ ᠲᠠᠢ ᠰᠠᠨᠠᠯ ᠲᠤᠷᠠᠳᠤᠯᠭ᠎ᠠ ᠶᠢ ᠭᠤᠣᠯᠳᠠᠯᠭ᠎ᠠ ᠲᠠᠢ ᠪᠠᠷ ᠵᠥᠪᠯᠡᠬᠦ᠂ | ᠠᠩᠬᠠᠷᠤᠯ ᠲᠥᠪᠯᠡᠷᠡᠭᠰᠡᠨ ᠰᠠᠨᠠᠯ ᠲᠤᠷᠠᠳᠤᠯᠭ᠎ᠠ ᠶᠢ ᠲᠤᠰᠬᠠᠶᠢᠯᠠᠨ ᠵᠥᠪᠯᠡᠬᠦ᠂ ᠣᠨᠴᠠ ᠵᠠᠷᠢᠮ ᠰᠠᠨᠠᠯ ᠲᠤᠷᠠᠳᠤᠯᠭ᠎ᠠ ᠶᠢ | ︽ᠬᠤᠶᠠᠳᠠᠭᠢ ᠤᠳᠠᠭ᠎ᠠ︾ ᠵᠥᠪᠯᠡᠬᠦ ᠵᠡᠷᠭᠡ ᠠᠷᠭ᠎ᠠ ᠪᠠᠷᠢᠯ ᠢᠶᠠᠷ ᠰᠠᠨᠠᠯ ᠲᠤᠷᠠᠳᠤᠯᠭ᠎ᠠ ᠶᠢ ᠤᠯᠠᠨ ᠲᠦᠮᠡᠨ ᠤ ︽ | ᠨᠢᠳᠦᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ᠂ ᠰᠡᠳᠬᠢᠯ ᠳᠤ ᠲᠦᠷᠦᠭᠳᠡᠮᠡ︾ ᠰᠠᠶᠢᠨ ᠶᠠᠪᠤᠳᠠᠯ ᠪᠣᠳᠠᠲᠤ | ᠶᠠᠪᠤᠳᠠᠯ ᠪᠣᠯᠭᠠᠨ ᠬᠦᠢᠴᠡᠳᠭᠡᠪᠡ᠃ ᠰᠢᠯᠢᠳᠡᠭ ᠰᠠᠶᠢᠨ ᠰᠠᠨᠠᠯ ᠲᠤᠷᠠᠳᠤᠯᠭ᠎ᠠ ᠶᠢ ᠬᠥᠬᠢᠭᠦᠯᠦᠨ ᠱᠠᠩᠨᠠᠬᠤ ᠠᠵᠢᠯ ᠤᠨ | ᠡᠷᠴᠢᠮ ᠢ ᠴᠢᠩᠭᠠᠷᠠᠭᠤᠯᠵᠤ᠂ ᠰᠢᠯᠢᠳᠡᠭ ᠰᠠᠶᠢᠨ ᠰᠠᠨᠠᠯ ᠲᠤᠷᠠᠳᠤᠯᠭ᠎ᠠ ᠶᠢᠨ ᠲᠠᠭᠤᠷᠢᠶᠠᠯ ᠲᠠᠭᠠᠭᠤᠯᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠨᠠᠯ ᠲᠤᠷᠠᠳᠤᠯᠭ᠎ᠠ ᠶᠢᠨ ᠶᠠᠰᠤ ᠴᠢᠨᠠᠷ ᠪᠠ ᠬᠦᠢᠴᠡᠳᠭᠡᠬᠦ ᠶᠠᠰᠤ | ᠴᠢᠨᠠᠷ ᠤᠨ ᠲᠠᠰᠤᠷᠠᠯᠳᠠ ᠦᠭᠡᠢ ᠳᠡᠭᠡᠭᠰᠢᠯᠡᠬᠦ ᠶᠢ ᠠᠬᠢᠭᠤᠯᠤᠭᠰᠠᠨ ᠪᠠᠶᠢᠨ᠎ᠠ᠃ | ᠭᠤᠷᠪᠠ᠂ 2024 ᠣᠨ ᠤ ᠠᠵᠢᠯ ᠤᠨ ᠰᠡᠳᠬᠢᠴᠡ | 2024 ᠣᠨ ᠳᠤ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠥᠬᠦ | ᠬᠤᠰᠢᠭᠤᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠤᠨ ᠰᠡᠳᠬᠢᠯ ᠢ ᠨᠢᠭᠡᠳᠭᠡᠨ | ᠬᠦᠴᠦᠨ ᠢ ᠨᠢᠭᠲᠠᠷᠠᠭᠤᠯᠵᠤ᠂ ᠰᠠᠨᠠᠯ ᠳᠤᠷᠠᠳᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠲᠠᠢ ᠨᠢᠭᠲᠠ ᠤᠶᠠᠯᠳᠤᠭᠤᠯᠤᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠦᠨᠡᠨᠴᠢ | ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠯᠬᠦᠮᠳᠡᠨ ᠲᠡᠮᠡᠴᠡᠬᠦ︾ ᠠᠵᠢᠯ ᠤᠨ | ᠣᠨᠣᠯᠵᠢᠬᠤᠨ ᠢ ᠦᠢᠯᠡᠳᠦᠯᠭᠡᠵᠢᠭᠦᠯᠦᠨ᠂ ᠰᠠᠨᠠᠯ ᠳᠤᠷᠠᠳᠤᠯᠭ᠎ᠠ ᠶᠢᠨ ᠠᠵᠢᠯ ᠤᠨ ᠶᠠᠰᠤ ᠴᠢᠨᠠᠷ ᠤᠨ ᠤᠳᠤᠷᠢᠳᠤᠮᠵᠢ ᠶᠢ | ᠴᠢᠩᠭᠠᠳᠬᠠᠵᠤ᠂ ᠰᠠᠨᠠᠯ ᠳᠤᠷᠠᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠰᠠᠨᠠᠯ ᠳᠤᠷᠠᠳᠤᠯᠭ᠎ᠠ ᠶᠢᠨ ᠠᠵᠤ | ᠠᠬᠤᠢ ᠨᠡᠶᠢᠭᠡᠮ ᠤᠨ ᠬᠥᠭᠵᠢᠯᠲᠡ ᠳᠤ ᠦᠵᠡᠬᠦᠯᠬᠦ ᠦᠢᠯᠡᠳᠦᠯ ᠢ ᠨᠠᠩ ᠰᠠᠶᠢᠨ ᠪᠠᠳᠠᠷᠠᠭᠤᠯᠬᠤ ᠭᠡᠷᠡᠭᠳᠡᠢ᠃ | ︵ᠨᠢᠭᠡ︶ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢᠨ ᠨᠢᠬᠳᠠᠷᠠᠯ | ᠢ ᠭᠦᠨᠵᠡᠭᠡᠶᠢᠷᠡᠭᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠴᠠᠭ | ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠬᠦᠢᠴᠡᠳᠭᠡᠬᠦ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠳᠤᠳᠬᠠᠵᠤ᠂ ︽ᠬᠤᠶᠠᠷ ᠢ ᠬᠠᠮᠠᠭᠠᠯᠠᠬᠤ | ︾ ᠶᠢ ᠡᠷᠡᠰ ᠪᠡᠶᠡᠯᠡᠬᠦᠯᠦᠨ᠂ ᠰᠠᠨᠠᠯ ᠳᠤᠷᠠᠳᠤᠯᠭ᠎ᠠ ᠶᠢᠨ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ | ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠦᠵᠡᠵᠦ ᠪᠠᠶᠢᠴᠠᠭᠠᠨ | ᠰᠤᠳᠤᠯᠤᠯᠲᠠ ᠬᠢᠬᠦ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠵᠡᠷᠭᠡ ᠠᠵᠢᠯᠯᠠᠭ᠎ᠠ ᠳᠤ ᠠᠭᠤᠰᠬᠠᠨ | ᠣᠷᠣᠭᠤᠯᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ᠂ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠦᠴᠢᠷ ᠠᠰᠠᠭᠤᠳᠠᠯ᠂ ᠰᠢᠨ᠎ᠡ ᠶᠢ ᠡᠭᠦᠳᠴᠦ ᠡᠭᠦᠳᠦᠨ | ᠪᠦᠲᠦᠭᠡᠬᠦ ᠶᠢ ᠠᠬᠢᠭᠤᠯᠬᠤ ᠵᠠᠩᠭᠢᠯᠠᠭ᠎ᠠ ᠶᠢᠨ ᠠᠰᠠᠭᠤᠳᠠᠯ᠂ ᠠᠷᠠᠳ ᠤᠯᠠᠨ ᠤ ᠠᠰᠢᠭ ᠲᠤᠰᠠ ᠳᠤ ᠬᠤᠯᠪᠣᠭᠳᠠᠬᠤ | ᠭᠤᠤᠯᠳᠠᠯᠭᠠᠳᠠᠢ ᠠᠰᠠᠭᠤᠳᠠᠯ ᠤᠨ ᠲᠣᠭᠤᠷᠢᠨ ᠳᠤ ᠵᠠᠰᠠᠭ ᠤᠨ ᠶᠠᠪᠤᠳᠠᠯ ᠢ ᠵᠥᠪᠯᠡᠨ ᠰᠠᠨᠠᠯ ᠲᠤᠷᠠᠳᠤᠯᠭ᠎ᠠ | ᠳᠤᠷᠠᠳᠬᠤ ᠶᠢᠨ ᠭᠠᠷᠳᠠᠬᠤ ᠴᠡᠭ ᠢ ᠣᠨᠣᠪᠴᠢᠲᠠᠶ ᠡᠷᠢᠵᠦ ᠤᠯᠬᠤ ᠭᠡᠷᠡᠭᠳᠡᠢ᠃ | ︵ᠬᠤᠶᠠᠷ︶ ᠶᠠᠰᠤ ᠴᠢᠨᠠᠷ ᠢ ᠳᠡᠭᠡᠳᠦᠯᠡᠬᠦ ᠶᠢ ᠪᠠᠷᠢᠮᠲᠠᠯᠠᠵᠤ᠂ ᠰᠠᠨᠠᠯ ᠳᠤᠷᠠᠳᠤᠯᠭ᠎ᠠ ᠶᠢᠨ ᠦᠷ᠎ᠡ ᠪᠦᠲᠦᠮᠵᠢ ᠶᠢ | ᠰᠢᠯᠢᠳᠡᠭᠵᠢᠭᠦᠯᠦᠨ᠎ᠡ᠃ ᠰᠠᠨᠠᠯ ᠳᠤᠷᠠᠳᠤᠯᠭ᠎ᠠ ᠶᠢᠨ ᠶᠠᠰᠤ ᠴᠢᠨᠠᠷ ᠨᠢ ᠰᠠᠨᠠᠯ ᠳᠤᠷᠠᠳᠤᠯᠭ᠎ᠠ ᠶᠢᠨ ᠲᠤᠰ ᠪᠡᠶ᠎ᠡ ᠶᠢᠨ | ᠬᠢᠨᠢ ᠦᠨ᠎ᠡ ᠦᠷᠳᠡᠭ ᠢ ᠲᠤᠭᠳᠠᠭᠠᠳᠠᠭ ᠪᠤᠯᠬᠤᠷ᠂ ᠡᠷᠭᠡᠪᠰᠢ ᠰᠠᠨᠠᠯ ᠲᠤᠷᠠᠳᠤᠯᠭ᠎ᠠ ᠶᠢᠨ ᠶᠠᠰᠤ ᠴᠢᠨᠠᠷ ᠢ | ᠰᠠᠶᠢᠵᠢᠷᠠᠭᠤᠯᠵᠤ᠂ ᠭᠡᠰᠢᠭᠦᠳ ᠤᠨ ᠪᠤᠯᠪᠠᠰᠤᠷᠠᠯ ᠢ ᠰᠠᠶᠢᠳᠤᠷ ᠠᠳᠬᠤᠨ᠂ ᠰᠠᠨᠠᠯ ᠳᠤᠷᠠᠳᠤᠯᠭ᠎ᠠ ᠶᠢᠨ ᠢᠷᠡᠬᠦ ᠠᠷᠭ᠎ᠠ | ᠵᠠᠮ ᠢ ᠥᠷᠭᠡᠳᠬᠡᠵᠦ᠂ ᠰᠡᠳᠦᠪ ᠰᠣᠩᠭᠤᠬᠤ ᠵᠢᠯᠣᠭᠤᠳᠤᠯᠭ᠎ᠠ ᠶᠢ ᠬᠠᠩᠭᠠᠬᠤ ᠬᠡᠷᠡᠭᠲᠡᠢ᠃ ᠬᠡᠷᠡᠭ ᠪᠣᠯᠭᠠᠨ | ᠳᠠᠩᠰᠠᠯᠠᠬᠤ ᠪᠠᠷᠢᠮᠵᠢᠶ᠎ᠠ ᠶᠢ ᠴᠢᠩᠳᠠᠯᠠᠵᠤ᠂ ᠰᠠᠨᠠᠯ ᠳᠤᠷᠠᠳᠤᠯᠭ᠎ᠠ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ | ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠨ᠂ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠰᠠᠨᠠᠯ | ᠳᠤᠷᠠᠳᠤᠯᠭ᠎ᠠ ᠶᠢ ᠭᠡᠷᠡᠭ ᠪᠤᠯᠭᠠᠨ ᠲᠠᠩᠰᠠᠯᠠᠬᠤ ᠶᠣᠰᠣᠲᠠᠢ ᠪᠤᠯ ᠪᠦᠬᠦᠨ ᠢ ᠲᠠᠩᠰᠠᠯᠠᠵᠤ᠂ ᠳᠠᠩᠰᠠᠯᠠᠬᠤ | ᠱᠠᠭᠠᠷᠳᠠᠯᠭ᠎ᠠ ᠳᠤ ᠨᠡᠶᠢᠴᠡᠬᠦ ᠦᠭᠡᠢ ᠪᠤᠯ ᠰᠠᠨᠠᠯ ᠰᠠᠨᠠᠭᠤᠯᠭ᠎ᠠ ᠪᠣᠯᠭᠠᠨ ᠬᠤᠪᠢᠷᠠᠭᠤᠯᠬᠤ ᠪᠤᠶᠤ ᠰᠠᠨᠠᠯ ᠳᠤᠷᠠᠳᠤᠯᠭ᠎ᠠ | ᠲᠡᠪᠰᠢᠬᠦᠯᠦᠭᠰᠡᠳ ᠲᠤ ᠪᠤᠴᠠᠭᠠᠨ ᠥᠭᠴᠦ ᠵᠠᠰᠠᠭᠤᠯᠬᠤ ᠬᠡᠷᠡᠭᠲᠡᠢ᠃ ᠡᠯ᠎ᠡ ᠡᠲᠡᠭᠡᠳ ᠤᠨ ᠭᠡᠰᠢᠬᠦᠨ ᠂ ᠲᠤᠰᠬᠠᠢ | ᠵᠥᠪᠯᠡᠯ ᠵᠢᠴᠢ ᠡᠯ᠎ᠡ ᠠᠵᠢᠯᠯᠠᠬᠤ ᠳᠤᠭᠤᠶᠢᠯᠠᠩ ᠤᠨ ᠳᠠᠪᠠᠭᠤᠯᠢᠭ ᠢ ᠪᠠᠳᠠᠷᠠᠭᠤᠯᠤᠨ᠂ ᠤᠯᠠᠨ ᠤ ᠤᠶᠤᠨ ᠤᠬᠠᠭᠠᠨ ᠢ | ᠲᠥᠪᠯᠡᠷᠡᠭᠦᠯᠵᠦ᠂ ᠬᠠᠮᠲᠤ ᠶᠢᠨ ᠰᠠᠨᠠᠯ ᠳᠤᠷᠠᠳᠤᠯᠭ᠎ᠠ ᠶᠢᠨ ᠬᠤᠪᠢ ᠶᠢᠨ ᠵᠢᠩ ᠢ ᠲᠡᠭᠡᠭᠰᠢᠯᠡᠬᠦᠯᠦᠨ᠂ ᠰᠠᠨᠠᠯ | ᠳᠤᠷᠠᠳᠤᠯᠭ᠎ᠠ ᠶᠢᠨ ᠶᠠᠰᠤ ᠴᠢᠨᠠᠷ ᠢ ᠪᠠᠲᠤᠳᠬᠠᠬᠤ ᠬᠡᠷᠡᠭᠲᠡᠢ᠃ | ︵ᠭᠤᠷᠪᠠ︶ ᠰᠠᠨᠠᠯ ᠳᠤᠷᠠᠳᠤᠯᠭ᠎ᠠ ᠳᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠤᠯᠤᠰ | ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠬᠤ ᠦᠢᠯᠡᠳᠦᠯ ᠴᠢᠳᠠᠮᠵᠢ ᠶᠢ ᠴᠢᠩᠭᠠᠳᠬᠠᠨ᠎ᠠ᠃ ᠭᠡᠰᠢᠭᠦᠳ ᠢ | ᠵᠢᠯᠤᠭᠤᠳᠴᠤ ᠪᠠᠶᠢᠭᠠᠳ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠤᠯᠠᠨ ᠲᠦᠮᠡᠨ ᠤ ᠠᠰᠢᠭ | ᠲᠤᠰᠠ ᠳᠤ ᠬᠤᠯᠪᠣᠭᠳᠠᠭᠰᠠᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ | ᠢᠯᠡᠬᠦᠦ ᠠᠵᠢᠭᠯᠠᠭᠤᠯᠵᠤ᠂ ᠠᠷᠭ᠎ᠠ ᠪᠣᠳᠣᠯᠭ᠎ᠠ ᠰᠠᠨᠠᠯ ᠰᠠᠨᠠᠭᠤᠯᠭ᠎ᠠ ᠲᠤᠷᠠᠳᠤᠭᠤᠯᠤᠨ᠂ ᠨᠢᠭᠡ ᠪᠦᠯᠦᠭ ᠴᠢᠨᠠᠷ | ᠰᠠᠶᠢᠲᠠᠢ ᠬᠢᠨᠠᠯᠲᠠ ᠶᠢᠨ ᠴᠢᠨᠠᠷᠲᠠᠢ ᠰᠠᠨᠠᠯ ᠲᠤᠷᠠᠳᠤᠯᠭ᠎ᠠ ᠶᠢ ᠪᠤᠢ ᠪᠣᠯᠭᠠᠬᠤ ᠬᠡᠷᠡᠭᠲᠡᠢ᠃ ᠠᠷᠠᠳᠴᠢᠯᠠᠭᠰᠠᠨ | ᠬᠢᠨᠠᠯᠳᠠ ᠶᠢᠨ ᠴᠢᠨᠠᠷᠲᠠᠢ ᠰᠠᠨᠠᠯ ᠳᠤᠷᠠᠳᠤᠯᠭ᠎ᠠ ᠶᠢ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠪᠠᠷ ᠱᠠᠭᠠᠷᠳᠠᠨ | ᠬᠦᠢᠴᠡᠳᠭᠡᠵᠦ᠂ ᠨᠢᠭᠡ ᠪᠦᠯᠦᠭ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠠᠷᠠᠳ ᠤᠨ ᠠᠮᠢᠳᠤᠷᠠᠯ ᠤᠨ | ᠢᠨᠵᠧᠨᠧᠷᠢᠩ ᠤᠨ ᠪᠣᠳᠠᠲᠠᠢ ᠳᠤ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ᠃ | ᠭᠡᠰᠢᠭᠦᠳ ᠠ᠋᠂ ᠰᠢᠨ᠎ᠡ ᠴᠠᠭ ᠦᠶ᠎ᠡ ᠳᠤ ᠰᠢᠨ᠎ᠡ ᠡᠭᠦᠷᠭᠡ ᠪᠠ ᠰᠢᠨ᠎ᠡ ᠱᠠᠭᠠᠷᠳᠠᠯᠭ᠎ᠠ ᠮᠠᠨ ᠤ ᠡᠮᠦᠨ᠎ᠡ | ᠲᠠᠯᠪᠢᠭᠳᠠᠵᠤ ᠪᠠᠶᠢᠨ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠲᠤᠷᠠᠳᠤᠯᠭ᠎ᠠ ᠶᠢᠨ ᠠᠵᠢᠯ ᠨᠢ | ᠭᠡᠰᠢᠭᠦᠳ ᠤᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠠᠷᠭ᠎ᠠ ᠵᠠᠮ ᠪᠣᠯᠤᠭᠰᠠᠨ ᠤ ᠬᠤᠪᠢ ᠳᠤ᠂ | ᠡᠬᠦᠷᠭᠡ ᠬᠠᠷᠢᠭᠤᠴᠠᠯᠭ᠎ᠠ ᠬᠦᠨᠳᠦ ᠨᠦᠰᠡᠷ ᠮᠦᠷᠳᠡᠭᠡᠨ ᠦᠩᠭᠡ ᠭᠡᠷᠡᠯ ᠲᠠᠢ ᠪᠠᠶᠢᠭ᠎ᠠ ᠶᠤᠮ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ | ᠳᠣᠣᠷ᠎ᠠ᠂ ᠡᠭᠦᠷᠭᠡ ᠲᠤᠰᠢᠶᠠᠯ ᠢᠶᠠᠨ ᠦᠨᠡᠨᠴᠢ ᠰᠢᠳᠤᠷᠭᠤ ᠪᠠᠷ ᠬᠦᠢᠴᠡᠳᠭᠡᠨ᠂ ᠰᠡᠳᠬᠢᠯ ᠨᠢᠬᠡᠳᠡᠢ ᠪᠦᠯᠬᠦᠮᠳᠡᠨ | ᠲᠡᠮᠡᠴᠡᠵᠦ᠂ ᠰᠠᠨᠠᠯ ᠳᠤᠷᠠᠳᠤᠯᠭ᠎ᠠ ᠪᠠᠷ ᠳᠡᠮᠵᠢᠨ ᠵᠠᠰᠠᠭ ᠲᠦᠷᠦ ᠳᠤ ᠲᠤᠰᠠᠯᠠᠵᠤ᠂ ᠬᠠᠮᠲᠤ ᠶᠢᠨ ᠲᠠᠨᠢᠯᠲᠠ ᠶᠢ | ᠨᠢᠬᠳᠠᠷᠠᠭᠤᠯᠤᠨ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ | ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠦᠶ᠎ᠡ︕ |