ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ ︵17︶ | | ᠵᠠᠰᠠᠭ ᠤᠨ ᠣᠷᠳᠣᠨ ᠤ ᠠᠵᠢᠯ ᠤᠨ ᠢᠯᠡᠳᠬᠡᠯ | 2024 ᠣᠨ ᠤ 1 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠴᠧᠨ ᠶᠠᠨ ᠪᠤᠤ | ᠲᠦᠯᠦᠭᠡᠯᠡᠭᠴᠢᠳ ᠡ ᠄ | ᠣᠳᠣ ᠪᠢ ᠬᠤᠰᠢᠭᠤ ᠵᠠᠰᠠᠭ ᠤᠨ ᠣᠷᠳᠣᠨ ᠢ ᠲᠦᠯᠦᠬᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ | ᠂ ᠬᠢᠨᠠᠨ ᠵᠥᠪᠯᠡᠬᠦ ᠪᠣᠯᠪᠠᠤ᠂ ᠮᠦᠨᠴᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ | ᠣᠷᠣᠯᠴᠠᠭᠰᠠᠨ ᠨᠥᠬᠦᠳ ᠤᠨ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2023 ᠤᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠤᠯᠭᠠᠨ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠠᠪᠤᠨ ᠶᠡᠭᠡ | ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ | ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠰᠡᠳᠬᠢᠯ ᠬᠦᠴᠦᠨ ᠢᠶᠠᠨ | ᠨᠢᠭᠡᠳᠬᠡᠨ᠂ ᠬᠦᠴᠢᠷ ᠢ ᠰᠥᠷᠦᠨ ᠤᠷᠤᠭᠰᠢᠯᠠᠭᠠᠳ᠂ ᠪᠥᠬᠦ ᠬᠤᠰᠢᠭᠤᠨ ᠤ ᠠᠵᠤ ᠠᠬᠤᠢ ᠶᠢᠨ ᠪᠠᠶᠢᠳᠠᠯ | ᠲᠣᠭᠲᠠᠭᠤᠨ ᠤ ᠲᠠᠭᠠᠤ ᠤᠷᠤᠭᠰᠢ ᠠᠬᠢᠵᠤ ᠂ ᠡᠯ᠎ᠡ ᠲᠦᠷᠦᠯ ᠤᠨ ᠠᠵᠢᠯ ᠦᠢᠯᠡᠰ ᠰᠢᠨ᠎ᠡ ᠠᠮᠵᠢᠯᠳᠠ | ᠪᠦᠲᠦᠮᠵᠢ ᠣᠯᠪᠠ᠃ ᠪᠥᠬᠦ ᠵᠢᠯ ᠳᠤ ᠵᠢᠱᠢᠯᠲᠡ ᠪᠠᠷ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 63.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7.5 % ᠪᠠᠷ ᠨᠡᠮᠡᠭᠳᠡᠨ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 17 ᠳ᠋ᠦᠩᠰᠢᠭᠤᠷ ᠲᠥᠭᠦᠷᠢᠭ ᠲᠤ ᠬᠦᠷᠴᠦ 13.3% ᠪᠠᠷ ᠨᠡᠮᠡᠭᠳᠡᠨ᠂ | ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ 3.53 ᠳ᠋ᠦᠩᠰᠢᠭᠤᠷ ᠲᠥᠭᠦᠷᠢᠭ ᠢ ᠪᠡᠶᠡᠯᠡᠬᠦᠯᠵᠦ᠂ 225.2 | % ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 6. | 45 ᠳ᠋ᠦᠩᠰᠢᠭᠤᠷ ᠲᠥᠭᠦᠷᠢᠭ ᠲᠤ ᠬᠦᠷᠴᠦ᠂ 4.2% ᠪᠠᠷ ᠨᠡᠮᠡᠭᠳᠡᠨ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠲᠤᠰᠪᠤᠷᠢ 44225 ᠲᠥᠭᠦᠷᠢᠭ ᠪᠠ 17852 | ᠲᠥᠭᠦᠷᠢᠭ ᠲᠤ ᠬᠦᠷᠴᠦ᠂ 6.5% ᠪᠠ 8 % ᠪᠠᠷ ᠨᠡᠮᠡᠭᠳᠡᠵᠡᠢ᠃ | ᠨᠢᠭᠡ ᠵᠢᠯ ᠤᠨ ᠲᠤᠷᠰᠢ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠬᠢᠪᠡ᠄ | ︵ᠨᠢᠭᠡ︶ ᠲᠣᠭᠲᠠᠭᠤᠨ ᠪᠠᠶᠢᠯᠭᠠᠬᠤ ᠶᠢᠨ ᠲᠠᠭᠠᠤ ᠤᠷᠤᠭᠰᠢ ᠠᠬᠢᠭᠤᠯᠬᠤ ᠶᠢ ᠪᠠᠷᠢᠮᠳᠠᠯᠠᠵᠤ ᠂ | ᠬᠥᠭᠵᠢᠯᠲᠡ ᠶᠢᠨ ᠰᠠᠭᠤᠷᠢ ᠶᠢ ᠤᠯᠠᠮ ᠪᠠᠬᠢᠵᠢᠬᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ | ᠲᠤᠭᠳᠠᠪᠤᠷᠢᠵᠢᠵᠤ ᠴᠢᠨᠠᠷ ᠰᠠᠶᠢᠵᠢᠷᠠᠭᠰᠠᠨ᠃ ᠲᠠᠷᠢᠶᠠᠨ ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ | ᠤᠨᠠᠯᠲᠠ ᠶᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠤᠭᠠᠳ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ 97.7 | ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠶᠡᠷᠦᠩᠬᠡᠢ ᠤᠨᠠᠯᠲᠠ 32 ᠲᠦᠮᠡᠨ ᠲᠣᠨ ᠳᠤ ᠬᠥᠷᠪᠡ᠃ ᠲᠠᠷᠢᠶᠠᠨ | ᠭᠠᠵᠠᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ 2 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠂ 5.4 ᠲᠦᠮᠡᠨ ᠮᠦ ᠲᠠᠷᠢᠶᠠᠨ ᠭᠠᠵᠠᠷ ᠢ ᠮᠠᠰᠢᠨ | ᠮᠧᠬᠠᠨᠢᠭ ᠢᠶᠠᠷ ᠰᠤᠯᠠᠯᠠᠨ ᠲᠡᠭᠰᠢᠯᠡᠪᠡ᠃ ᠴᠢᠨᠠᠷ ᠰᠠᠶᠢᠲᠠᠢ ᠠᠰᠢᠭ ᠶᠡᠬᠡᠳᠡᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ | ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ 2 ᠲᠣᠰᠬᠤᠨ ᠢ ᠥᠨᠳᠥᠷ ᠤᠨᠠᠯᠳᠠᠳᠤ ᠮᠡᠷᠭᠡᠵᠢᠯ ᠤᠨ ᠵᠢᠱᠢᠶ᠎ᠡ | ᠦᠵᠡᠭᠦᠯᠬᠦ ᠴᠡᠭ ᠪᠤᠯᠭᠠᠨ᠂ ᠲᠥᠮᠥᠰᠥ᠂ ᠬᠤᠮᠠ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠮᠤ | ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ 2᠂ ᠪᠣᠬᠢᠷᠲᠤᠯ ᠦᠭᠡᠢ ᠴᠢᠨᠠᠷ ᠰᠠᠶᠢᠲᠠᠢ ᠠᠰᠢᠭ ᠶᠡᠭᠡᠳᠡᠢ | ᠲᠦᠮᠡᠨ ᠮᠦ ᠶᠢᠨ ᠲᠦᠮᠦᠰᠦ ᠲᠠᠷᠢᠬᠤ ᠲᠠᠯᠠᠪᠠᠢ 2 ᠂ ᠮᠢᠩᠭᠠᠨ ᠮᠦ ᠶᠢᠨ ᠲᠠᠯᠠᠪᠠᠢ 16 ᠂ ᠵᠠᠭᠤᠨ ᠮᠦ ᠶᠢᠨ | ᠲᠠᠯᠠᠪᠠᠢ 5 ᠶᠢ ᠪᠠᠶᠢᠭᠤᠯᠵᠤ᠂ ᠲᠦᠮᠦᠰᠦᠨ ᠤ ᠲᠠᠯᠠᠪᠠᠶ ᠨᠢᠭᠡᠴᠢ ᠶᠢᠨ ᠤᠨᠠᠯᠲᠠ 5600 ᠺᠢᠯᠣᠭ᠍ᠷᠠᠮ ᠲᠠᠪᠠᠵᠠᠢ᠃ | ᠬᠠᠰᠢᠶᠠᠯᠠᠨ ᠮᠠᠯᠵᠢᠬᠤ ᠶᠢ ᠶᠡᠬᠡᠪᠡᠷ ᠳᠡᠯᠭᠡᠷᠡᠭᠦᠯᠵᠦ᠂ ᠮᠢᠬᠠᠨ ᠤ ᠦᠬᠡᠷ 15.1 ᠲᠦᠮᠡᠨ ᠲᠣᠯᠣᠭᠠᠢ᠂ ᠰᠠᠶᠢᠨ | ᠡᠭᠦᠯᠳᠡᠷ ᠤᠨ ᠦᠨᠢᠶ᠎ᠡ 9 ᠲᠦᠮᠡᠨ ᠲᠤᠯᠤᠭᠠᠢ ᠳᠤ ᠬᠦᠷᠦᠭᠰᠡᠨ ᠪᠦᠭᠡᠳ 8.4 ᠲᠦᠮᠡᠨ ᠮᠢᠬᠠᠨ ᠤ ᠦᠬᠡᠷ᠂ | 1014 ᠰᠠᠭᠠᠯᠢ ᠶᠢᠨ ᠦᠨᠢᠶ᠎ᠡ ᠳᠤ ᠢᠴᠢᠭᠡᠯ ᠦᠷ᠎ᠡ ᠶᠢᠨ ᠬᠡᠬᠡᠯᠳᠦᠬᠦᠯᠭᠡ ᠬᠢᠵᠦ᠂ ᠬᠡᠭᠡᠯᠲᠦᠭᠰᠡᠨ ᠨᠣᠷᠮ᠎ᠠ 90% | ᠶᠢ ᠲᠠᠪᠠᠭᠰᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ 5.7 ᠲᠦᠮᠡᠨ ᠬᠠᠪᠳᠠᠭᠠᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠫᠧᠩ ᠰᠠᠷᠠᠪᠴᠢ ᠶᠢ | ᠰᠢᠨ᠎ᠡ ᠪᠠᠷ ᠪᠠᠶᠢᠭᠤᠯᠤᠨ᠂ 1000 ᠬᠠᠪᠳᠠᠭᠠᠢ ᠳᠥᠷᠪᠡᠯᠵᠢᠨ ᠮᠧᠲᠷ ᠳᠤᠯᠠᠭᠠᠨ ᠰᠠᠷᠠᠪᠴᠢ᠂ 5.1 ᠲᠦᠮᠡᠨ | ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 4.9 ᠲᠦᠮᠡᠨ ᠪᠣᠰᠤᠭ᠎ᠠ ᠳᠥᠷᠪᠡᠯᠵᠢᠨ ᠮᠧᠲᠷ | ᠨᠣᠭᠤᠭᠠᠨ ᠳᠠᠷᠤᠰᠢ ᠶᠢᠨ ᠵᠣᠭᠤᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠲᠠᠷᠢᠶᠠᠯᠠᠩ ᠮᠠᠯ ᠠᠵᠤ ᠠᠬᠤᠢ | ᠶᠢᠨ ᠭᠡᠪᠴᠢᠶᠡᠵᠢᠭᠰᠡᠨ ᠬᠦᠭᠵᠢᠯᠳᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 2᠂ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 163 ᠶᠢ ᠰᠢᠨ᠎ᠡ ᠪᠠᠷ ᠪᠤᠶᠢᠵᠢᠭᠤᠯᠤᠭᠠᠳ᠂ ᠲᠠᠷᠢᠶᠠᠯᠠᠩ ᠮᠠᠯ ᠠᠵᠤ | ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ 10᠂ ᠲᠤᠰᠬᠠᠢ ᠬᠤᠷᠰᠢᠶᠠᠵᠢᠯ 429 ᠂ ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ 1450 ᠪᠤᠯᠵᠠᠢ᠃ ᠠᠵᠤ ᠦᠢᠯᠡᠳᠪᠦᠷᠢ ᠶᠢᠨ ᠠᠵᠤ ᠠᠬᠤᠢ ᠶᠢᠨ ᠲᠡᠰ ᠳᠠᠪᠰᠢᠵᠤ | ᠬᠡᠯᠪᠡᠷᠢ ᠬᠤᠪᠢᠷᠠᠭᠰᠠᠨ᠃ ︽ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠠᠵᠢᠯᠯᠠᠭ᠎ᠠ ᠶᠢ | ᠭᠦᠨᠵᠡᠭᠡᠢ ᠭᠡᠷᠡᠭᠵᠢᠬᠦᠯᠦᠨ᠂ ᠭᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ | ᠤᠨ ᠥᠷᠲᠡᠭ ᠦᠷᠭᠦᠯᠵᠢᠯᠡᠨ ᠨᠡᠮᠡᠭᠳᠡᠭᠡᠳ᠂ 29.1 ᠳ᠋ᠦᠩᠰᠢᠭᠤᠷ ᠲᠥᠭᠦᠷᠢᠭ ᠦᠢᠯᠡᠳᠪᠦᠷᠢᠯᠡᠯ ᠤᠨ ᠥᠷᠲᠡᠭ ᠢ | ᠪᠡᠶᠡᠯᠡᠭᠦᠯᠵᠦ᠂ 8.3% ᠪᠠᠷ ᠨᠡᠮᠡᠭᠳᠡᠪᠡ᠃ ᠵᠢᠩ ᠴᠧᠩ ᠴᠠᠬᠢᠯᠭᠠᠨ ᠤᠳᠠᠰᠤ ᠴᠠᠬᠢᠯᠭᠠᠨ ᠳᠡᠭᠡᠰᠦ ᠦᠢᠯᠡᠳᠬᠦ | ᠲᠦᠷᠦᠯ ᠵᠦᠢᠯ᠂ ᠰᠧᠨ ᠴᠢᠶᠠ ᠠᠮᠢᠳᠤ ᠪᠣᠳᠠᠰ ᠤᠨ ᠬᠠᠲᠠᠭᠤ ᠪᠡᠶᠡᠲᠦ ᠲᠦᠯᠡᠰᠢ ᠪᠠ ᠲᠡᠵᠢᠭᠡᠯ ᠪᠣᠷᠳᠤᠭ᠎ᠠ | ᠡᠳ᠋ᠰᠢᠭᠦᠯᠬᠦ ᠲᠥᠷᠥᠯ ᠵᠦᠢᠯ ᠨᠢ ᠠᠰᠢᠭᠯᠠᠯᠲᠠ ᠳᠤ ᠤᠷᠤᠵᠤ᠂ ᠵᠢᠶᠦ᠋ᠨ ᠷᠦᠢ ᠪᠠᠯ ᠴᠢᠯᠠᠭᠤ ᠪᠤᠯᠪᠠᠰᠤᠷᠠᠭᠤᠯᠬᠤ | ᠲᠦᠷᠦᠯ ᠵᠦᠢᠯ᠂ ᠵᠥᠩ ᠾᠦᠢ ᠰᠠᠯᠬᠢᠨ ᠰᠠᠩᠰᠠᠨ ᠤ ᠲᠦᠬᠦᠭᠡᠷᠦᠮᠵᠢ ᠦᠢᠯᠡᠳᠪᠦᠷᠢᠯᠡᠬᠦ ᠲᠥᠷᠥᠯ ᠵᠦᠢᠯ ᠨᠢ | ᠦᠢᠯᠡᠳᠪᠦᠷᠢᠯᠡᠯ ᠤᠨ ᠨᠥᠬᠦᠴᠡᠯ ᠪᠦᠷᠢᠯᠳᠦᠬᠦᠯᠵᠦ᠂ ᠺᠠᠢ ᠳ᠋ᠠ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ | ᠨᠠᠷᠢᠯᠢᠭ ᠭᠦᠨᠵᠡᠭᠡᠢ ᠡᠳ᠋ᠰᠢᠭᠦᠯᠬᠦ ᠲᠦᠷᠦᠯ ᠵᠦᠢᠯ᠂ ᠠᠵᠤ ᠦᠢᠯᠡᠳᠪᠦᠷᠢ ᠶᠢᠨ ᠲᠣᠭᠤᠷᠢᠭ ᠤᠨ ᠪᠤᠬᠢᠷᠳᠤᠯ ᠦᠬᠡᠢ | ᠴᠠᠬᠢᠯᠭᠠᠨ ᠤ ᠲᠦᠷᠦᠯ ᠵᠦᠢᠯ᠂ ᠹᠦ᠋ ᠱᠢ ᠰᠢᠯᠤᠨ ᠰᠢᠷᠬᠡᠭ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ | ᠵᠦᠢᠯ᠂ ᠬᠤᠸᠠ ᠬᠤᠶ ᠵᠢᠯ ᠳᠤ 6 ᠲᠦᠮᠡᠨ ᠲᠣᠨ ᠴᠠᠪᠠᠤ ᠭᠤᠮ ᠦᠢᠯᠡᠳᠪᠦᠷᠢᠯᠡᠬᠦ ᠲᠦᠷᠦᠯ ᠵᠦᠢᠯ᠂ ᠮᠧᠩ ᠴᠠᠩ | ᠬᠠᠭᠠᠰ ᠡᠳ᠋ᠰᠢᠬᠦᠯᠦᠭᠰᠡᠨ ᠵᠠᠭᠤᠰᠢ ᠦᠢᠯᠡᠳᠬᠦ ᠲᠦᠷᠦᠯ ᠵᠦᠢᠯ᠂ ᠱᠧᠨ ᠨᠧᠩ ᠢᠯᠴᠢ ᠴᠠᠬᠢᠯᠭᠠᠨ ᠤ ᠬᠠᠮ | ᠦᠢᠯᠡᠳᠪᠦᠷᠢᠯᠡᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠲᠦᠷᠭᠡᠰᠦᠨ | ᠂ ᠬᠤᠸᠠ ᠷᠦᠨ ᠰᠢᠨ᠎ᠡ ᠡᠨᠧᠷᠭᠢ ᠶᠢᠨ 20 ᠰᠠᠶ᠎ᠠ ᠸᠠᠲ ᠤᠨ ᠳᠠᠷᠬᠠᠶ ᠬᠡᠯᠪᠡᠷᠢ ᠶᠢᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠲᠦᠷᠦᠯ ᠵᠦᠢᠯ᠂ ᠵᠦᠩ ᠾᠧ ᠰᠢᠨ᠎ᠡ ᠡᠨᠧᠷᠭᠢ ᠶᠢᠨ 20 ᠰᠠᠶ᠎ᠠ ᠸᠠᠲ ᠤᠨ ᠳᠠᠷᠬᠠᠶ | ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ ᠱᠧᠨ ᠨᠧᠩ 1.44 ᠰᠠᠶ᠎ᠠ | ᠸᠠᠲ ᠤᠨ ᠬᠡᠷᠡᠯ ᠴᠡᠨᠡᠭ ᠤᠨ ᠲᠦᠷᠦᠯ ᠵᠦᠢᠯ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠠᠵᠤ | ᠦᠢᠯᠡᠳᠪᠦᠷᠢ ᠶᠢᠨ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠢᠯᠡᠳᠪᠦᠷᠢ᠂ | ᠴᠠᠭᠠᠰᠤ ᠰᠦᠯᠢᠶᠥᠦ ᠶᠢᠨ ᠲᠣᠭᠤᠷᠢᠭ ᠤᠨ ᠬᠠᠶᠠᠭᠳᠠᠮᠠᠯ ᠤᠰᠤ ᠰᠢᠢᠳᠪᠦᠷᠢᠯᠡᠬᠦ ᠥᠷᠲᠡᠭᠡ ᠠᠰᠢᠭᠯᠠᠯᠲᠠ ᠳᠤ ᠣᠷᠣᠵᠤ | ᠂ ᠴᠠᠬᠢᠯᠭᠠᠨ ᠬᠦᠴᠦᠨ᠂ ᠢᠯᠴᠢ ᠬᠠᠩᠭᠠᠬᠤ᠂ ᠤᠰᠤ ᠬᠠᠩᠭᠠᠬᠤ᠂ ᠤᠰᠤ ᠴᠡᠪᠡᠷᠰᠢᠬᠦᠯᠬᠦ ᠵᠡᠷᠭᠡ ᠶᠢᠨ ᠰᠠᠭᠤᠷᠢ | ᠲᠦᠬᠦᠭᠡᠷᠦᠮᠵᠢ ᠶᠢ ᠪᠦᠷᠢᠨᠰᠢᠬᠦᠯᠬᠦ ᠪᠠ ᠳᠤᠲᠠᠭᠤᠳᠠᠯ ᠢ ᠨᠥᠬᠦᠪᠦᠷᠢᠯᠡᠬᠦ ᠲᠥᠷᠥᠯ ᠵᠦᠢᠯ ᠠᠵᠢᠯ ᠡᠬᠢᠯᠡᠭᠡᠳ᠂ | ᠤᠷᠤᠨ ᠲᠣᠭᠤᠷᠢᠭ ᠤᠨ ᠦᠨᠳᠦᠰᠦᠨ ᠴᠢᠳᠠᠮᠵᠢ ᠤᠯᠠᠮ ᠲᠡᠬᠦᠯᠳᠡᠷᠵᠢᠵᠦ᠂ ᠲᠠᠭᠠᠭᠠᠴᠠ ᠴᠢᠳᠠᠪᠤᠷᠢ ᠲᠠᠰᠤᠷᠠᠯᠲᠠ | ᠦᠭᠡᠢ ᠲᠡᠭᠡᠭᠰᠢᠯᠡᠪᠡ᠃ ︽ᠲᠠᠯ᠎ᠠ ᠨᠤᠳᠤᠭ ᠤᠨ ᠸᠠᠩ︾ ᠬᠠᠷ᠎ᠠ ᠠᠷᠢᠬᠢ ᠨᠢ ᠤᠯᠤᠰ ᠤᠨ ᠲᠦᠷᠦᠬᠦᠦ | ᠪᠦᠯᠦᠭ ᠤᠨ ︽ᠮᠢᠩᠭᠠᠨ ᠠᠵᠤ ᠠᠬᠤᠶᠢᠯᠠᠯ ᠵᠠᠭᠤᠨ ᠬᠤᠲᠠ ᠪᠠᠯᠭᠠᠰᠤᠨ︾ ᠤ ᠲᠠᠸᠠᠷ ᠤᠨ ᠨᠡᠷᠡᠳᠦ ᠲᠡᠮᠳᠡᠭ ᠤᠨ | ᠦᠨ᠎ᠡ ᠥᠷᠲᠡᠭ ᠢ ᠳᠡᠭᠡᠭᠰᠢᠯᠡᠭᠦᠯᠬᠦ ᠠᠵᠢᠯᠯᠠᠭᠠᠨ ᠤ ᠨᠡᠷᠡᠰ ᠲᠤ ᠰᠣᠩᠭᠤᠭᠳᠠᠨ ᠣᠷᠣᠵᠤ᠂ ᠲᠠᠯ᠎ᠠ ᠨᠤᠲᠤᠭ ᠠᠷᠢᠬᠢ | ᠨᠡᠷᠡᠬᠦ ᠬᠢᠵᠠᠭᠠᠷᠲᠤ ᠺᠣᠮᠫᠠᠨᠢ ᠵᠡᠷᠭᠡ 2 ᠠᠵᠤ ᠠᠬᠤᠶᠢᠯᠠᠯ ᠨᠢ ᠪᠥᠬᠦ ᠠᠶᠢᠮᠠᠭ ᠤᠨ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠪᠠ ᠲᠣᠭᠠᠴᠢᠯᠠᠭᠰᠠᠨ ᠬᠡᠷᠡᠭᠯᠡᠭᠡᠨ ᠤ ᠰᠢᠯᠢᠳᠡᠭ ᠠᠵᠤ ᠠᠬᠤᠶᠢᠯᠠᠯ ᠢᠶᠠᠷ ᠰᠣᠩᠭᠤᠭᠳᠠᠨ᠂ ᠲᠠᠩ | ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 3 ᠠᠵᠤ ᠠᠬᠤᠶᠢᠯᠠᠯ ᠨᠢ ᠪᠥᠬᠦ ᠠᠶᠢᠮᠠᠭ ᠤᠨ ︽ | ᠲᠤᠰᠬᠠᠢ ᠨᠠᠷᠢᠯᠢᠭ ᠣᠨᠴᠠ ᠰᠢᠨ᠎ᠡ︾ ᠶᠢᠨ ᠰᠢᠯᠢᠳᠡᠭ ᠠᠵᠤ ᠠᠬᠤᠶᠢᠯᠠᠯ ᠢᠶᠠᠷ ᠰᠤᠩᠭᠤᠭᠳᠠᠵᠤ᠂ ᠪᠤᠤᠴᠠᠩ ᠤᠨ | ᠠᠵᠤ ᠦᠢᠯᠡᠰ ᠤᠨ ᠬᠦᠷᠢᠶᠡᠯᠡᠩ ᠨᠢ ᠪᠥᠬᠦ ᠠᠶᠢᠮᠠᠭ ᠤᠨ ᠰᠢᠯᠢᠳᠡᠭ ᠠᠵᠤ ᠦᠢᠯᠡᠳᠪᠦᠷᠢ ᠶᠢᠨ ᠬᠦᠷᠢᠶᠡᠯᠡᠩ ᠢᠶᠠᠷ | ᠦᠨᠡᠯᠡᠭᠳᠡᠨ᠂ 1 ᠡᠷᠦᠬᠡ ᠠᠭᠤᠷᠬᠠᠢ ᠶᠢᠨ ᠠᠵᠤ ᠠᠬᠤᠶᠢᠯᠠᠯ ᠨᠢ ᠪᠥᠬᠦ ᠠᠶᠢᠮᠠᠭ ᠤᠨ ᠲᠤᠭ᠎ᠠ ᠪᠦᠷᠢᠳᠭᠡᠯ ᠳᠤ | ᠤᠷᠤᠭᠤᠯᠬᠤ ᠰᠢᠯᠢᠳᠡᠭ ᠠᠵᠤ ᠠᠬᠤᠶᠢᠯᠠᠯ ᠢᠶᠠᠷ ᠦᠨᠡᠯᠡᠭᠳᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ | ᠲᠦᠷᠭᠡᠨ ᠢᠶᠠᠷ ᠬᠦᠭᠵᠢᠭᠰᠡᠨ᠃ ᠪᠥᠬᠦ ᠵᠢᠯ ᠳᠤ 32 ᠲᠦᠮᠡᠨ ᠵᠢᠭᠤᠯᠴᠢᠯᠠᠭᠴᠢ ᠶᠢ ᠤᠭᠳᠤᠨ ᠵᠤᠴᠢᠯᠠᠵᠤ᠂ | ᠵᠢᠭᠤᠯᠴᠢᠯᠠᠯ ᠤᠨ ᠬᠡᠷᠡᠭᠯᠡᠭᠡ ᠶᠢ ᠲᠠᠶᠢᠴᠢᠯᠠᠵᠤ 1.2 ᠳ᠋ᠦᠩᠰᠢᠭᠤᠷ ᠲᠥᠭᠦᠷᠢᠭ ᠲᠤ ᠬᠦᠷᠭᠡᠵᠡᠢ᠃ | ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠲᠥᠪ᠂ ᠵᠢᠭᠤᠯᠴᠢᠯᠠᠭᠴᠢᠳ ᠢ ᠲᠥᠪᠯᠡᠷᠡᠭᠦᠯᠦᠨ ᠲᠠᠷᠬᠠᠭᠠᠬᠤ ᠲᠥᠪ᠂ | ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠲᠠᠯᠠᠪᠠᠶ᠂ ᠳ᠋ᠦᠩ ᠵᠢᠶᠤᠤ ᠪᠥᠬᠦ ᠠᠷᠠᠳ | ᠢᠶᠠᠷ ᠢᠶᠠᠨ ᠴᠢᠭᠢᠷᠠᠭᠵᠢᠬᠤ ᠬᠦᠳᠡᠯᠪᠦᠷᠢ ᠶᠢᠨ ᠲᠥᠪ ᠤᠨ ᠭᠤᠣᠯ ᠴᠣᠭᠴᠠ ᠶᠢᠨ ᠪᠠᠷᠢᠯᠭ᠎ᠠ ᠦᠨᠳᠦᠰᠦᠨ ᠳᠡᠭᠡᠨ | ᠠᠵᠢᠯ ᠲᠠᠭᠤᠰᠴᠤ᠂ ᠠᠳᠤᠭᠤᠳᠤ ᠪᠠᠯᠭᠠᠰᠤᠨ ᠤ ᠠᠮᠠᠷᠠᠯᠲᠠ ᠵᠢᠭᠤᠯᠴᠢᠯᠠᠯ ᠤᠨ ᠣᠷᠣᠨ ᠠᠰᠢᠭᠯᠠᠯᠲᠠ ᠳᠤ ᠣᠷᠣᠵᠤ | ᠂ ᠬᠠᠭᠠᠨ ᠤ ᠠᠳᠤᠭᠤᠨ ᠵᠤᠰᠠᠭᠠᠯ ᠤᠨ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭ᠎ᠠ᠂ ᠰᠢ ᠱᠠᠨ | ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ ᠵᠦᠢᠯ ᠵᠡᠷᠭᠡ ᠨᠢ ᠯᠠᠪᠳᠠᠭᠤᠨ ᠢᠶᠠᠷ ᠠᠬᠢᠵᠠᠢ᠃ ︽ ᠪᠠᠶᠠᠰᠤᠯᠳᠤ | ᠬᠤᠷᠸ᠎ᠠ︾ ᠰᠤᠶᠤᠯ ᠤᠨ ᠰᠤᠯᠢᠯᠴᠠᠭᠠᠨ ᠤ ᠴᠤᠭᠯᠠᠭᠠᠨ᠂ ᠠᠽᠢᠶ᠎ᠠ ᠨᠣᠮᠣᠬᠠᠨ ᠲᠡᠯᠡᠶ ᠶᠢᠨ ᠣᠷᠣᠨ ᠤ ᠳᠠᠭᠤᠤ | ᠬᠥᠭᠵᠢᠮ ᠤᠨ ᠨᠠᠶᠢᠷ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂ ᠶᠠᠩ ᠭᠤᠸᠠᠩ ᠭᠸᠦ ᠡᠤ | ᠰᠤᠪᠠᠭ ᠤᠨ ᠡᠳ᠋ ᠪᠠᠷᠠᠭᠠᠨ ᠤ ᠬᠤᠳᠠᠯᠳᠤᠭ᠎ᠠ ᠂ ᠰᠢᠯᠢ ᠶᠢᠨ ᠭᠤᠣᠯ ᠠᠶᠢᠮᠠᠭ ᠤᠨ ᠠᠷᠪᠠᠨ ᠵᠢᠷᠭᠤᠳᠤᠭᠠᠷ | ᠬᠤᠭᠤᠴᠠᠭᠠᠨ ᠤ ᠮᠤᠩᠭᠤᠯ ᠪᠥᠬᠡ ᠶᠢᠨ ᠴᠤᠯᠠ ᠤᠯᠭᠤᠬᠤ ᠨᠠᠶᠢᠷ ᠂ ᠮᠣᠩᠭᠤᠯ ᠮᠣᠷᠢᠨ ᠤ ᠬᠤᠯᠪᠣᠭᠠᠲᠤ | ᠤᠷᠤᠯᠳᠤᠭᠠᠨ ᠵᠡᠷᠭᠡ ᠰᠣᠶᠣᠯ ᠲᠠᠮᠢᠷ ᠤᠨ ᠬᠦᠳᠡᠯᠪᠦᠷᠢ ᠠᠵᠢᠯᠯᠠᠭ᠎ᠠ ᠶᠢ ᠡᠷᠭᠢᠯᠡᠵᠦ᠂ ︽ ᠼᠦᠩ ᠯᠢ ᠳᠤ | ᠨᠠᠭᠠᠳᠤᠭᠠᠳ ᠲᠠᠶᠢᠹᠤᠰᠧ ᠳᠤ ᠵᠢᠭᠤᠯᠴᠢᠯᠠᠬᠤ︾ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠠᠨᠢᠯᠴᠠᠭᠤᠯᠭ᠎ᠠ ᠶᠢᠨ | ᠴᠤᠭᠯᠠᠭᠠᠨ ᠵᠢᠴᠢ ᠰᠢᠷᠢᠰ ᠠᠵᠢᠯᠯᠠᠭ᠎ᠠ ᠶᠢ ᠡᠬᠢᠯᠡᠭᠦᠯᠪᠡ᠃ ᠲᠠᠶᠢᠹᠤᠰᠧ ᠨᠤᠳᠤᠭ ᠤᠨ ᠪᠤᠳᠠᠰ ᠤᠨ ᠪᠤᠰᠤ | ᠰᠣᠶᠣᠯ ᠤᠨ ᠥᠪ ᠤᠨ ᠨᠢᠬᠡ ᠪᠤᠯᠬᠤ ᠶᠢᠦᠮᠠᠢ ᠶᠢᠨ ᠭᠤᠯᠢᠷ ᠤᠨ ᠠᠮᠲᠠᠲᠤ ᠢᠳᠡᠭᠡᠨ ᠨᠢ ᠲᠥᠪ ᠲᠧᠯᠸᠢᠰ ᠤᠨ ︽ | ᠮᠢᠩᠭᠠᠨ ᠵᠢᠯ ᠤᠨ ᠠᠮᠲᠠᠲᠤ ᠬᠤᠭᠤᠯᠠ︾ ᠪᠤᠯᠤᠩ ᠳᠤ ᠰᠣᠩᠭᠤᠭᠳᠠᠨ ᠣᠷᠣᠵᠤ᠂ ︽ ᠴᠡᠴᠡᠭ ᠤᠨ ᠬᠦᠷᠢᠶᠡᠯᠡᠩ | ᠤᠨ ᠵᠢᠷᠭᠠᠯᠲᠤ ᠪᠤᠯᠵᠤᠭ᠎ᠠ︾ ᠠᠮᠠᠷᠠᠯᠲᠠ ᠶᠢᠨ ᠠᠶᠠᠯᠠᠯ ᠨᠢ ︽ᠥᠪᠥᠷ ᠮᠣᠩᠭᠤᠯ ᠤᠨ ᠳᠥᠷᠪᠡᠨ ᠤᠯᠠᠷᠢᠯ ᠤᠨ | ᠪᠡᠶᠡᠴᠢᠯᠡᠨ ᠤᠶᠢᠯᠠᠭᠠᠬᠤ ᠬᠡᠯᠪᠡᠷᠢᠳᠦ ᠵᠢᠭᠤᠯᠴᠢᠯᠠᠯ ᠤᠨ ᠪᠦᠳᠦᠭᠡᠭᠳᠡᠬᠦᠨ︾ ᠳᠤ ᠰᠣᠩᠭᠤᠭᠳᠠᠨ ᠤᠷᠤᠭᠰᠠᠨ | ᠪᠦᠭᠡᠳ ︽ᠠᠳᠤᠭᠤᠳᠤ ᠪᠠᠯᠭᠠᠰᠤ︾ ᠠᠮᠠᠷᠠᠯᠲᠠ ᠵᠢᠭᠤᠯᠴᠢᠯᠠᠯ ᠤᠨ ᠣᠷᠣᠨ ᠨᠢ ᠤᠯᠤᠰ ᠤᠨ 3A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ︽ ᠶᠢᠨ ᠬᠠᠢ︾ ᠬᠠᠳᠠᠭᠠᠭᠰᠠᠨ ᠪᠤᠷᠴᠠ᠂ ︽ | ᠲᠠᠯ᠎ᠠ ᠶᠢᠨ ᠸᠠᠩ︾ 53 ᠭᠷᠡᠳᠦ᠋ᠰ ᠤᠨ ᠬᠠᠷ᠎ᠠ ᠠᠷᠢᠬᠢ᠂ ᠬᠤᠩ ᠵᠢᠩ ᠶᠤᠸᠠᠨ ᠶᠠᠮᠠ ᠶᠢᠨ ᠦᠷ᠎ᠡ ᠶᠢᠨ ᠲᠣᠰᠣᠨ ᠤ | ᠰᠢᠷᠢᠰ ᠪᠦᠲᠦᠭᠡᠭᠳᠡᠬᠦᠨ ᠨᠢ 2024 ᠣᠨ ᠤ ︽ᠰᠢᠯᠢ ᠶᠢᠨ ᠭᠤᠣᠯ ᠤᠨ ᠭᠠᠷ ᠤᠨ ᠪᠡᠯᠡᠭ︾ ᠤᠨ | ᠵᠢᠭᠰᠠᠭᠠᠯᠲᠠ ᠳᠤ ᠤᠷᠤᠵᠠᠢ᠃ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠴᠡᠴᠡᠭᠯᠡᠨ ᠬᠥᠭᠵᠢᠵᠦ᠂ | ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ 3 ᠵᠠᠮ ᠱᠤᠭᠤᠮ ᠢ ᠪᠥᠬᠦ ᠲᠠᠯ᠎ᠠ ᠪᠠᠷ ᠨᠡᠪᠳᠡᠷᠡᠬᠦᠯᠦᠨ᠂ | ᠲᠦᠷᠭᠡᠨ ᠬᠦᠷᠭᠡᠯᠲᠡ ᠶᠢᠨ ᠡᠳ᠋ ᠪᠠᠷᠠᠭ᠎ᠠ 488 ᠲᠦᠮᠡᠨ ᠬᠤᠪᠢ ᠳᠤ ᠬᠦᠷᠴᠦ᠂ ᠬᠦᠢᠲᠡᠨ ᠬᠡᠯᠬᠢᠶᠡᠲᠦ ᠡᠳ᠋ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠤᠨ ᠬᠤᠶᠠᠳᠤᠭᠠᠷ ᠬᠤᠭᠤᠴᠠᠭ᠎ᠠ᠂ ᠡᠯᠧᠺᠲᠷᠣᠨ | ᠬᠤᠳᠠᠯᠳᠤᠭᠠᠨ ᠤ ᠲᠠᠷᠢᠶᠠᠯᠠᠩ ᠤᠨ ᠣᠨᠴᠠ ᠭᠠᠷᠤᠯᠲᠠ ᠶᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠵᠡᠷᠭᠡ | ᠲᠥᠷᠥᠯ ᠵᠦᠢᠯ ᠠᠰᠢᠭᠯᠠᠯᠲᠠ ᠳᠤ ᠤᠷᠤᠭᠠᠳ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 9.4 | ᠳ᠋ᠦᠩᠰᠢᠭᠤᠷ ᠲᠥᠭᠦᠷᠢᠭ ᠲᠤ ᠬᠦᠷᠴᠡᠢ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠡᠵᠡᠩᠨᠡᠯᠲᠡ ᠶᠢᠨ ᠴᠡᠭ 28 ᠪᠣᠯᠵᠤ᠂ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰᠪᠤᠷᠢ 97.6 | ᠳ᠋ᠦᠩᠰᠢᠭᠤᠷ ᠲᠥᠭᠦᠷᠢᠭ ᠪᠠ 87.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 9.2 % ᠪᠠ 19.8 | % ᠪᠠᠷ ᠨᠡᠮᠡᠭᠳᠡᠭᠰᠡᠨ ᠪᠠᠶᠢᠨ᠎ᠠ᠃ | ︵ᠬᠤᠶᠠᠷ︶ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠬᠦ | ᠬᠦᠴᠦᠨ ᠢ ᠤᠯᠠᠮ ᠴᠢᠩᠭᠠᠷᠠᠭᠤᠯᠪᠠ᠃ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠳᠭᠡᠨ ᠠᠬᠢᠭᠤᠯᠤᠭᠰᠠᠨ᠃ | ᠲᠦᠷᠦᠯ ᠵᠦᠢᠯ ᠢ ᠶᠡᠬᠡᠪᠡᠷ ᠠᠳᠬᠤᠬᠤ᠂ ᠲᠣᠮᠣ ᠲᠦᠷᠦᠯ ᠵᠦᠢᠯ ᠢ ᠠᠳᠬᠤᠬᠤ ᠶᠢ ᠪᠠᠷᠢᠮᠲᠠᠯᠠᠵᠤ᠂ ᠲᠦᠷᠦᠯ | ᠵᠦᠢᠯ ᠤᠨ ᠪᠠᠶᠢᠭᠤᠯᠤᠯᠲᠠ ᠶᠢ ᠲᠦᠷᠭᠡᠳᠬᠡᠬᠦ ᠶᠢ ᠪᠦᠬᠦ ᠬᠦᠴᠦᠨ ᠢᠶᠠᠷ ᠠᠬᠢᠭᠤᠯᠤᠨ ᠂ ᠪᠦᠬᠦ ᠵᠢᠯ ᠳᠤ 56 | ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠵᠢᠯ ᠤᠨ ᠪᠡᠯᠡ ᠣᠷᠣᠭᠤᠯᠤᠯᠲᠠ 20 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6 % ᠪᠠᠷ ᠨᠡᠮᠡᠭᠳᠡᠭᠡᠳ᠂ ᠨᠡᠮᠡᠭᠳᠡᠯ ᠢ | ᠲᠤᠭᠳᠠᠪᠤᠷᠢᠵᠢᠭᠤᠯᠬᠤ ᠂ ᠪᠦᠲᠦᠴᠡ ᠶᠢ ᠲᠣᠬᠢᠷᠠᠭᠤᠯᠬᠤ᠂ ᠰᠠᠭᠤᠷᠢ ᠶᠢ ᠴᠢᠩᠭᠠᠳᠬᠠᠬᠤ ᠳᠤ ᠬᠦᠴᠦᠲᠡᠢ | ᠲᠤᠯᠭᠠᠭᠤᠷᠢᠯᠠᠯ ᠬᠠᠩᠭᠠᠵᠠᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠡᠯᠪᠡᠭ ᠠᠮᠵᠢᠯᠳᠠ ᠤᠯᠤᠭᠰᠠᠨ᠃ | ︽ᠡᠭᠦᠷ ᠪᠠᠷᠢᠵᠤ ᠭᠠᠷᠤᠳᠢ ᠤᠷᠢᠬᠤ︾ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ 8 ᠵᠤᠷᠪᠤᠰ ᠠᠵᠤ | ᠦᠢᠯᠡᠰ ᠤᠨ ᠬᠡᠯᠬᠢᠶ᠎ᠡ ᠶᠢ ᠨᠠᠷᠢᠯᠢᠭ ᠣᠨᠣᠴᠠᠲᠠᠢ ᠪᠠᠷ ᠲᠦᠯᠦᠪᠯᠡᠨ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ | ᠠᠵᠢᠯᠯᠠᠭ᠎ᠠ ᠶᠢ ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ᠂ ᠬᠡᠲᠦ | ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠵᠢᠴᠢ ᠲᠡᠷᠢᠭᠦᠨ ᠤ ᠨᠡᠬᠦᠷᠡᠰᠦᠨ ᠤ | ᠮᠠᠲ᠋ᠧᠷᠢᠶᠠᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠠᠮᠵᠢᠯᠲᠠ ᠲᠠᠢ | ᠡᠷᠬᠢᠯᠡᠨ᠂ ᠳᠤᠮᠳᠠᠳᠤ ᠤᠯᠤᠰ ︵ᠴᠢᠩᠳᠣᠣ︶ ᠤᠨ ᠯᠢᠲ᠋ᠢ ᠴᠠᠬᠢᠯᠭᠠᠨ ᠤ ᠪᠢᠯᠢᠭ ᠲᠤᠶᠢᠯ ᠤᠨ ᠮᠠᠲ᠋ᠧᠷᠢᠶᠠᠯ ᠤᠨ | ᠮᠡᠷᠭᠡᠵᠢᠯ ᠤᠨ ᠶᠡᠭᠡ ᠬᠤᠷᠠᠯ ᠳᠤ ᠲᠤᠰᠬᠠᠢ ᠰᠡᠳᠦᠪᠲᠦ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠬᠢᠵᠦ᠂ ︽ | ᠭᠠᠳᠠᠭᠰᠢ ᠭᠠᠷᠬᠤ᠂ ᠣᠷᠣᠭᠤᠯᠵᠤ ᠠᠪᠴᠢᠷᠠᠬᠤ︾ ᠠᠷᠭ᠎ᠠ ᠪᠠᠷ 360 ᠭᠠᠷᠤᠢ ᠠᠵᠤ ᠠᠬᠤᠶᠢᠯᠠᠯ ᠲᠠᠢ | ᠵᠤᠯᠭᠠᠭᠤᠯᠤᠨ᠂ 17 ᠲᠥᠷᠥᠯ ᠵᠦᠢᠯ ᠳᠤ ᠠᠮᠵᠢᠯᠲᠠ ᠲᠠᠢ ᠪᠠᠷ ᠭᠡᠷ᠎ᠡ ᠲᠣᠭᠲᠠᠵᠤ᠂ ᠠᠷᠠᠯᠵᠢᠶᠠᠴᠢᠨ ᠤᠷᠢᠵᠤ ᠪᠡᠯᠡ | ᠤᠷᠤᠭᠤᠯᠤᠭᠰᠠᠨ ᠪᠡᠯᠡ ᠮᠥᠩᠭᠦ 10.9 ᠳ᠋ᠦᠩᠰᠢᠭᠤᠷ ᠲᠥᠭᠦᠷᠢᠭ ᠲᠤ ᠬᠥᠷᠪᠡ᠃ ᠸᠧᠢ ᠪᠸᠢ ᠳ᠋ᠧ ᠬᠢᠮᠡᠯ ᠠᠯᠮᠠᠰ | ᠤᠨ ᠲᠦᠷᠦᠯ ᠵᠦᠢᠯ᠂ ᠵᠦᠩ ᠾᠧ ᠹᠣᠰᠹᠣᠷ ᠬᠦᠴᠢᠯ ᠲᠡᠮᠦᠷ ᠯᠢᠲ᠋ᠢ ᠶᠢᠨ ᠡᠶᠡᠷᠭᠦ ᠲᠤᠶᠢᠯ ᠤᠨ ᠮᠠᠲ᠋ᠧᠷᠢᠶᠠᠯ ᠤᠨ | ᠲᠦᠷᠦᠯ ᠵᠦᠢᠯ ᠢ ᠭᠠᠷ ᠤᠨ ᠦᠰᠦᠭ ᠵᠢᠷᠤᠭᠰᠠᠨ ᠠᠴᠠ ᠠᠪᠤᠭᠠᠳ ᠰᠠᠷ᠎ᠠ ᠪᠤᠯᠤᠭᠰᠠᠨ ᠦᠬᠡᠢ ᠪᠠᠷ ᠪᠦᠬᠦ ᠭᠠᠷᠳᠠᠮ | ᠢ ᠬᠦᠢᠴᠡᠳᠭᠡᠨ ᠪᠠᠷᠢᠯᠭ᠎ᠠ ᠡᠬᠢᠯᠡᠬᠦᠯᠵᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠦᠷᠭᠦᠯᠵᠢᠯᠡᠨ | ᠰᠢᠯᠢᠳᠡᠭᠵᠢᠭᠰᠡᠨ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠳᠥᠷᠪᠡ ᠶᠢ ᠭᠦᠢᠴᠡᠳᠬᠡᠬᠦ︾ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠯᠡ ᠤᠳᠠᠭ᠎ᠠ ᠳᠤ ᠬᠦᠢᠴᠡᠳᠭᠡᠬᠦ︾ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠪᠥᠬᠦ ᠶᠠᠪᠤᠴᠠ᠂ ᠪᠥᠬᠦ ᠭᠤᠭᠴᠤᠭ᠎ᠠ ᠶᠢ ᠰᠦᠯᠵᠢᠶᠡᠨ ᠳᠡᠭᠡᠷ᠎ᠡ ᠬᠦᠢᠴᠡᠳᠭᠡᠨ᠂ ︽ᠨᠢᠭᠡ ᠯᠠ ᠤᠳᠠᠭ᠎ᠠ ᠳᠤ | ᠭᠦᠢᠴᠡᠳᠬᠡᠬᠦ︾ ᠵᠦᠢᠯᠡᠰ 17845 ᠬᠤᠪᠢ᠂ ᠣᠷᠣᠯᠠᠨ ᠭᠦᠢᠴᠡᠳᠬᠡᠬᠦ ᠪᠤᠶᠤ ᠬᠠᠪᠰᠤᠷᠤᠨ ᠭᠦᠢᠴᠡᠳᠬᠡᠬᠦ | ᠵᠦᠢᠯᠡᠰ 78 ᠶᠢ ᠪᠡᠶᠡᠯᠡᠭᠦᠯᠪᠡ᠃ ︽ᠬᠤᠶᠠᠷ ᠢ ᠰᠢᠯᠢᠳᠡᠭᠵᠢᠬᠦᠯᠬᠦ︾ ᠲᠤᠰᠬᠠᠢ ᠠᠵᠢᠯᠯᠠᠭ᠎ᠠ ᠢᠯᠡᠳᠲᠡ ᠦᠷ᠎ᠡ | ᠪᠦᠲᠦᠮᠵᠢ ᠣᠯᠵᠤ᠂ 146 ᠵᠦᠢᠯ ᠤᠨ ᠭᠡᠷᠡᠭ ᠶᠠᠪᠤᠳᠠᠯ ᠳᠤ ᠡᠷᠬᠡ ᠶᠢ ᠳᠣᠷᠣᠭᠰᠢ ᠪᠠᠭᠤᠯᠭᠠᠨ᠂ 941 ᠵᠦᠢᠯ | ᠤᠨ ᠬᠦᠢᠴᠡᠳᠭᠡᠬᠦ ᠭᠤᠭᠴᠤᠭ᠎ᠠ ᠶᠢ ᠪᠠᠭᠠᠰᠬᠠᠵᠤ᠂ ᠬᠦᠢᠴᠡᠳᠭᠡᠬᠦ ᠬᠤᠭᠤᠴᠠᠭ᠎ᠠ ᠶᠢ 85% ᠪᠠᠷ ᠪᠤᠭᠤᠨᠢᠰᠬᠠᠪᠠ᠃ | ᠤᠯᠤᠰ ᠪᠠ ᠣᠷᠣᠨ ᠤ ᠠᠵᠤ ᠠᠬᠤᠶᠢᠯᠠᠯ ᠢ ᠲᠡᠳᠬᠦᠨ ᠬᠦᠴᠢᠷᠳᠡᠯ ᠢ ᠰᠢᠢᠳᠪᠦᠷᠢᠯᠡᠬᠦ᠂ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠭᠠᠶᠢᠯᠢ ᠰᠦᠢᠳᠬᠡᠯ ᠢ 5000 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ | ︵ᠭᠤᠷᠪᠠ︶ ᠰᠠᠭᠤᠷᠢ ᠶᠢ ᠴᠢᠩᠭᠠᠳᠬᠠᠨ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ | ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠪᠠ᠃ ᠬᠤᠳᠠ ᠶᠢᠨ ᠴᠢᠨᠠᠷ ᠴᠢᠨᠰᠠᠭ᠎ᠠ ᠦᠷᠭᠦᠯᠵᠢᠯᠡᠨ ᠲᠡᠭᠡᠭᠰᠢᠯᠡᠭᠰᠡᠨ | ᠃ ᠬᠤᠲᠠ ᠪᠠᠯᠭᠠᠰᠤᠨ ᠤ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 7200 ᠲᠦᠮᠡᠨ ᠲᠥᠭᠦᠷᠢᠭ ᠤᠨ | ᠪᠡᠯᠡ ᠤᠷᠤᠭᠤᠯᠤᠨ᠂ ᠬᠤᠳᠠ ᠶᠢᠨ ᠲᠤᠭᠤᠷᠢᠭ ᠤᠨ 50 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠬᠤ ᠪᠤᠶᠤ | ᠠᠷᠠᠴᠢᠯᠠᠨ ᠬᠠᠮᠠᠭᠠᠯᠠᠵᠤ᠂ 4.5 ᠲᠦᠮᠡᠨ ᠬᠠᠪᠳᠠᠭᠠᠢ ᠳᠥᠷᠪᠡᠯᠵᠢᠨ ᠮᠧᠲᠷ ᠶᠠᠪᠠᠭᠠᠨ ᠤ ᠵᠠᠮ ᠢ ᠳᠡᠪᠢᠰᠴᠦ᠂ 1. | 2 ᠲᠦᠮᠡᠨ ᠬᠠᠪᠳᠠᠭᠠᠢ ᠳᠥᠷᠪᠡᠯᠵᠢᠨ ᠮᠧᠲᠷ ᠨᠣᠭᠤᠭᠠᠷᠠᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠨ᠂ | ᠤᠰᠤ ᠬᠠᠩᠭᠠᠬᠤ ᠪᠠ ᠪᠣᠷᠣᠭᠠᠨ ᠤ ᠤᠰᠤ ᠪᠤᠬᠢᠷ ᠤᠰᠤ ᠶᠢ ᠰᠠᠯᠭᠠᠬᠤ 10.3 ᠺᠢᠯᠣᠮᠧᠲᠷ ᠲᠤᠤᠷ ᠬᠤᠭᠤᠯᠠᠢ ᠶᠢ | ᠰᠢᠨᠡᠳᠭᠡᠨ ᠰᠤᠯᠢᠵᠤ᠂ 1 ᠲᠦᠮᠡ ᠭᠠᠷᠤᠢ ᠤᠶᠤᠨᠴᠢ ᠤᠰᠤᠨ ᠬᠡᠮᠵᠢᠭᠦᠷ ᠢ ᠤᠭᠰᠠᠷᠠᠭᠰᠠᠨ ᠪᠦᠭᠡᠳ ᠯᠠᠯᠤ ᠶᠢᠨ | ᠰᠦᠮ᠎ᠡ ᠶᠢ ᠨᠡᠭᠦᠯᠭᠡᠨ ᠪᠠᠶᠢᠭᠤᠯᠬᠤ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠬᠦᠸᠧ ᠹᠠᠩ ᠪᠠᠷᠠᠭᠤᠨ | ᠵᠡᠭᠡᠯᠢ ᠶᠢᠨ ᠠᠭᠤᠳᠠᠮ ᠲᠠᠯᠠᠪᠠᠢ ᠵᠢᠴᠢ ᠲᠡᠷᠭᠡᠨ ᠵᠣᠭᠰᠣᠭᠠᠯ᠂ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠲᠡᠷᠭᠡᠨ | ᠵᠣᠭᠰᠣᠭᠠᠯ ᠢ ᠠᠰᠢᠭᠯᠠᠯᠲᠠ ᠳᠤ ᠤᠷᠤᠭᠤᠯᠤᠭᠠᠳ᠂ ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ | ᠵᠠᠬ᠎ᠠ ᠳᠡᠯᠭᠡᠭᠦᠷ ᠨᠢ ᠠᠩᠬ᠎ᠠ ᠠᠯᠬᠤᠮ ᠤᠨ ᠡᠵᠡᠩᠨᠡᠯᠲᠡ ᠶᠢᠨ ᠨᠥᠬᠦᠴᠡᠯ ᠢ ᠪᠦᠷᠢᠯᠳᠦᠭᠦᠯᠪᠡ᠃ ᠼᠠᠢ ᠶᠤᠸᠠᠨ | ᠲᠤᠰᠬᠤᠨ ᠤ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠢᠨᠵᠧᠨᠧᠷᠢᠩ ᠤᠨ ᠭᠤᠣᠯ ᠴᠣᠭᠴᠠ ᠶᠢᠨ ᠪᠠᠷᠢᠯᠭ᠎ᠠ | ᠳᠠᠭᠤᠰᠴᠤ᠂ ᠶᠠᠩ ᠭᠤᠸᠠᠩ ᠲᠠᠪᠤᠳᠤᠭᠠᠷ ᠬᠤᠭᠤᠴᠠᠭᠠᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠢᠨᠵᠧᠨᠧᠷᠢᠩ᠂ 4 ᠬᠠᠭᠤᠴᠢᠨ ᠰᠠᠭᠤᠭᠠᠯᠢ ᠲᠣᠭᠤᠷᠢᠭ ᠢ ᠵᠠᠰᠠᠵᠤ ᠰᠢᠨᠡᠳᠭᠡᠬᠦ ᠢᠨᠵᠧᠨᠧᠷᠢᠩ ᠲᠣᠭᠲᠠᠭᠰᠠᠨ | ᠬᠤᠭᠤᠴᠠᠭᠠᠨ ᠳᠤ ᠪᠡᠶᠡᠯᠡᠭᠳᠡᠨ᠂ 441 ᠡᠷᠦᠬᠡ ᠶᠢᠨ 520 ᠢᠵᠢ ᠳᠥᠭᠦᠮ ᠪᠦᠳᠦᠭᠦᠯᠢᠭ ᠣᠷᠣᠨ ᠰᠠᠭᠤᠴᠠ | ᠶᠢ ᠨᠤᠷᠠᠭᠠᠵᠤ ᠨᠡᠬᠦᠯᠬᠡᠨ ᠰᠢᠨ᠎ᠡ ᠠᠰᠠᠷ ᠬᠤᠪᠢᠶᠠᠵᠠᠢ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ | ᠪᠠᠶᠢᠭᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠳᠦᠷᠰᠦ ᠪᠠᠶᠢᠳᠠᠯ ᠢ | ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠦᠨ᠂ ᠬᠤᠲᠠ ᠶᠢᠨ ᠨᠠᠷᠢᠯᠢᠭᠵᠢᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠪᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠭᠦᠨᠵᠡᠭᠡᠢ ᠠᠬᠢᠭᠰᠠᠨ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠶᠢ ᠦᠷᠭᠦᠯᠵᠢᠯᠡᠨ ᠪᠠᠬᠢᠵᠢᠬᠦᠯᠵᠦ ᠦᠷᠭᠡᠳᠭᠡᠨ᠂ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ 103 ᠡᠷᠦᠬᠡ 174 ᠬᠥᠮᠥᠨ ᠤ ᠶᠠᠳᠠᠭᠤᠷᠠᠯ ᠤᠨ | ᠲᠦᠭᠰᠢᠬᠦᠷᠢ ᠶᠢ ᠠᠷᠢᠯᠭᠠᠵᠤ ᠬᠢᠨᠠᠨ ᠬᠡᠮᠵᠢᠬᠦ ᠨᠢᠭᠤᠷᠯᠠᠯ ᠠᠴᠠ ᠭᠠᠷᠭᠠᠭᠰᠠᠨ ᠪᠠᠶᠢᠨ᠎ᠠ᠃ ᠡᠯ᠎ᠡ ᠲᠥᠷᠥᠯ ᠤᠨ | ᠵᠣᠯᠭᠠᠭᠤᠯᠬᠤ ᠪᠡᠯᠡ ᠮᠥᠩᠭᠦ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠪᠡᠯᠡ ᠮᠥᠩᠭᠦ ᠶᠢ 2.1 | ᠳ᠋ᠦᠩᠰᠢᠭᠤᠷ ᠲᠥᠭᠦᠷᠢᠭ ᠣᠷᠣᠭᠤᠯᠵᠤ᠂ ᠣᠨᠴᠠᠯᠢᠭᠲᠤ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ᠂ | ᠰᠠᠭᠤᠷᠢ ᠲᠦᠬᠦᠭᠡᠷᠦᠮᠵᠢ ᠵᠡᠷᠭᠡ 53 ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢ ᠨᠡᠭᠡᠭᠡᠨ 509 ᠬᠦᠮᠦᠨ ᠳᠤ ᠠᠵᠢᠯ ᠤᠯᠭᠤᠭᠰᠠᠨ ᠤ ᠬᠠᠮᠳᠤ᠂ 3440 ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠳᠤ ᠲᠤᠬᠠᠢ ᠶᠢᠨ ᠭᠠᠵᠠᠷ ᠲᠤᠨᠢ ᠪᠤᠶᠤ ᠰᠢᠯᠵᠢᠭᠦᠯᠦᠨ ᠠᠵᠢᠯ ᠣᠯᠭᠤᠵᠤ᠂ ᠶᠠᠳᠠᠭᠤ | ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠨᠦᠬᠦᠪᠦᠷᠢ 22 | ᠲᠦᠮᠡᠨ ᠲᠥᠭᠦᠷᠢᠭ ᠢ ᠲᠠᠷᠬᠠᠭᠠᠵᠠᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠢ ᠦᠷᠭᠦᠯᠵᠢᠯᠡᠨ ᠵᠠᠰᠠᠨ ᠰᠠᠶᠢᠵᠢᠷᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ | ᠲᠤᠷᠰᠢᠯᠳᠠ ᠶᠢᠨ ᠴᠡᠭ 1 ᠶᠢ ᠪᠠᠶᠢᠭᠤᠯᠤᠨ᠂ 237 ᠡᠷᠦᠬᠡ ᠶᠢᠨ ᠵᠣᠷᠯᠣᠩ ᠳᠤ ᠦᠬᠡᠷᠡᠴᠢᠯᠡᠯᠳᠡ ᠬᠢᠵᠦ᠂ | ᠦᠢᠯᠡᠳᠪᠦᠷᠢᠯᠡᠯ ᠠᠮᠢᠳᠤᠷᠠᠯ ᠤᠨ ᠴᠢᠨᠠᠷᠲᠠᠢ ᠨᠡᠶᠢᠭᠡᠮᠴᠢᠯᠡᠭᠰᠡᠨ ᠡᠵᠡᠩᠨᠡᠯᠲᠡ ᠶᠢᠨ ᠦᠢᠯᠡᠴᠢᠯᠡᠭᠡ ᠶᠢ 3 ᠲᠦᠮᠡᠨ | ᠤᠳᠠᠭ᠎ᠠ ᠪᠡᠶᠡᠯᠡᠬᠦᠯᠦᠭᠡᠳ᠂ ᠠᠰᠢᠭ ᠭᠥᠷᠳᠡᠭᠰᠡᠨ ᠣᠯᠠᠨ ᠲᠦᠮᠡᠨ 35 ᠲᠦᠮᠡᠨ ᠬᠥᠮᠥᠨ ᠤᠳᠠᠭ᠎ᠠ ᠳᠤ ᠬᠥᠷᠪᠡ᠃ | ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ 1᠂ ᠵᠢᠱᠢᠶ᠎ᠡ ᠦᠵᠡᠭᠦᠯᠬᠦ ᠲᠣᠰᠬᠤᠨ 3᠂ | ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ | 1᠂ ᠵᠢᠱᠢᠶ᠎ᠡ ᠦᠵᠡᠭᠦᠯᠬᠦ ᠲᠣᠰᠬᠤᠨ 1 ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠪᠦᠭᠡᠳ ᠶᠦᠩ ᠹᠧᠩ | ᠪᠠᠯᠭᠠᠰᠤᠨ ᠤ ᠱᠠᠩ ᠫᠢ ᠹᠠᠩ ᠲᠣᠰᠬᠤᠨ ᠨᠢ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ | ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠵᠦ᠂ ᠯᠦᠸᠧ ᠲᠦᠸᠧ ᠱᠠᠨ ᠪᠠᠯᠭᠠᠰᠤᠨ ᠤ ᠵᠠᠩ | ᠹᠠᠩ ᠱᠠᠨ ᠲᠣᠰᠬᠤᠨ ᠨᠢ ᠶᠢᠰᠦᠳᠦᠭᠡᠷ ᠪᠦᠯᠦᠭ ᠤᠨ ᠪᠥᠬᠦ ᠤᠯᠤᠰ ᠤᠨ ᠠᠷᠠᠳᠴᠢᠯᠠᠯ ᠬᠠᠤᠯᠢ ᠳᠦᠷᠢᠮ ᠤᠨ ᠵᠢᠱᠢᠶ᠎ᠡ | ᠦᠵᠡᠭᠦᠯᠬᠦ ᠲᠣᠰᠬᠤᠨ ᠢᠶᠠᠷ ᠦᠨᠡᠯᠡᠭᠳᠡᠭᠰᠡᠨ ᠪᠠᠶᠢᠨ᠎ᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠭᠤᠯᠭ᠎ᠠ ᠶᠢᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠠᠵᠢᠯ ᠪᠠ ᠪᠡᠭᠡᠵᠢᠩ ᠥᠪᠥᠷ | ᠮᠣᠩᠭᠤᠯ ᠤᠨ ᠬᠠᠮᠳᠤᠷᠠᠯᠴᠠᠭᠠᠨ ᠤ ᠠᠵᠢᠯ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ 2700 ᠭᠠᠷᠤᠢ ᠺᠠᠳ᠋ᠷ ᠪᠠ | ᠮᠡᠷᠭᠡᠵᠢᠯ ᠤᠨ ᠠᠵᠢᠯᠲᠠᠨ ᠢ ᠪᠤᠯᠪᠠᠰᠤᠷᠠᠯ ᠳᠤ ᠤᠷᠤᠯᠴᠠᠭᠤᠯᠤᠨ᠂ ᠡᠯ᠎ᠡ ᠲᠥᠷᠥᠯ ᠤᠨ ᠲᠠᠷᠢᠶᠠᠯᠠᠩ ᠤᠨ ᠣᠨᠴᠠ | ᠭᠠᠷᠤᠯᠲᠠ ᠶᠢᠨ ᠪᠤᠷᠤᠯᠠᠭᠤᠯᠭ᠎ᠠ 3.5 ᠳ᠋ᠦᠩᠰᠢᠭᠤᠷ ᠲᠥᠭᠦᠷᠢᠭ ᠲᠤ ᠬᠦᠷᠴᠡᠢ᠃ ᠰᠠᠭᠤᠷᠢ ᠲᠥᠬᠦᠭᠡᠷᠦᠮᠵᠢ ᠡᠳᠦᠷ | ᠢᠷᠡᠬᠦᠶ᠎ᠡ ᠲᠡᠬᠦᠯᠳᠡᠷᠵᠢᠭᠰᠡᠨ᠃ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ 28.9 ᠺᠢᠯᠣᠮᠧᠲᠷ ᠭᠠᠴᠠᠭ᠎ᠠ ᠲᠣᠰᠬᠤᠨ ᠪᠤᠶᠤ ᠠᠶᠢᠯ ᠲᠣᠰᠬᠤᠨ ᠳᠤ ᠨᠡᠪᠳᠡᠷᠡᠬᠦ ᠵᠠᠮ ᠢ | ᠪᠠᠶᠢᠭᠤᠯᠤᠨ᠂ 20.4 ᠺᠢᠯᠣᠮᠧᠲᠷ ᠵᠠᠰᠠᠮᠠᠯ ᠵᠠᠮ ᠢ ᠦᠬᠡᠷᠡᠴᠢᠯᠡᠨ ᠰᠠᠶᠢᠵᠢᠷᠠᠭᠤᠯᠵᠤ᠂ ︽304︾ ᠱᠤᠭᠤᠮ ᠤᠨ | ᠪᠦᠦ ᠹᠧᠩ ᠬᠡᠰᠡᠭ᠂ ᠰᠢ ᠵᠦᠩ ᠬᠡᠰᠡᠭ ᠤᠨ ᠭᠤᠣᠯ ᠴᠤᠭᠴᠠ ᠶᠢᠨ ᠪᠠᠷᠢᠯᠭ᠎ᠠ ᠳᠠᠭᠤᠰᠴᠤ ᠲᠡᠷᠭᠡ ᠨᠡᠪᠳᠡᠷᠡᠭᠰᠡᠨ | ᠪᠦᠭᠡᠳ ᠲᠠᠢ ᠰᠢ ᠲᠡᠮᠦᠷ ᠵᠠᠮ ᠤᠨ ᠪᠠᠶᠢᠭᠤᠯᠤᠯᠲᠠ ᠶᠢ ᠡᠬᠢᠯᠡᠭᠦᠯᠵᠦ᠂ ᠨᠡᠶᠢᠳᠡᠮ ᠬᠡᠷᠡᠭᠯᠡᠬᠦ ᠨᠢᠰᠬᠡᠯ ᠤᠨ | ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠲᠦᠭᠡᠭᠡᠯ ᠤᠰᠤ ᠶᠢ | ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ 1 ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 17 ᠶᠢ | ᠪᠠᠶᠢᠭᠤᠯᠵᠤ᠂ 18 ᠠᠶᠢᠯ ᠲᠣᠰᠬᠤᠨ᠂ 3103 ᠬᠥᠮᠥᠨ ᠠᠮᠠ ᠶᠢᠨ ᠤᠰᠤ ᠤᠮᠳᠠ ᠶᠢᠨ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ᠃ ᠴᠠᠬᠢᠯᠭᠠᠨ ᠬᠦᠴᠦᠨ ᠤ ᠭᠤᠣᠯ ᠲᠦᠭᠡᠭᠡᠭᠦᠷ ᠲᠣᠣᠷ ᠤᠨ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠰᠠᠨ ᠳ᠋ᠣᠣ ᠭᠧᠦ ᠶᠢᠨ 110 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ | ᠤ ᠦᠬᠡᠷᠡᠴᠢᠯᠡᠯᠳᠡ ᠶᠢ ᠲᠠᠭᠤᠰᠬᠠᠨ᠂ ᠱᠤ᠋ ᠭᠤᠸᠠᠩ ᠤᠨ 110 ᠺᠢᠯᠤᠸᠤᠯᠲ ᠤᠨ ᠴᠠᠬᠢᠯᠭᠠᠨ ᠲᠠᠮᠵᠢᠭᠤᠯᠬᠤ | ᠢᠨᠵᠧᠨᠧᠷᠢᠩ ᠢ ᠤᠷᠤᠭᠰᠢᠲᠠᠢ ᠠᠬᠢᠭᠤᠯᠵᠤ᠂ 26.7 ᠺᠢᠯᠣᠮᠧᠲᠷ ᠴᠠᠬᠢᠯᠭᠠᠨ ᠲᠦᠭᠡᠭᠡᠬᠦ ᠱᠤᠭᠤᠮ ᠢ ᠰᠢᠨ᠎ᠡ ᠪᠠᠷ | ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠦᠴᠦᠳᠡᠯ ᠥᠭᠡᠷᠡᠴᠢᠯᠡᠭᠴᠢ 4 ᠶᠢ ᠤᠭᠰᠠᠷᠠᠵᠠᠢ᠃ ᠴᠢᠮᠡᠭᠡ | ᠬᠤᠯᠪᠣᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ | 5G ᠰᠠᠭᠤᠷᠢ ᠥᠷᠲᠡᠭᠡ 133 ᠶᠢ ᠪᠠᠶᠢᠭᠤᠯᠤᠨ᠂ 4G ᠲᠤᠬᠢᠶᠠᠨ ᠤ ᠪᠦᠷᠬᠦᠴᠡ ᠶᠢ 100% ᠳᠤ ᠬᠦᠷᠭᠡᠵᠦ᠂ | ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ ᠶᠠᠰᠤ ᠴᠢᠨᠠᠷ ᠢ ᠪᠦᠲᠦᠮᠵᠢᠲᠡᠶ ᠲᠡᠭᠡᠭᠰᠢᠯᠡᠬᠦᠯᠦᠭᠰᠡᠨ | ᠪᠠᠶᠢᠨ᠎ᠠ᠃ | ︵ᠳᠥᠷᠪᠡ︶ ᠪᠣᠬᠢᠷᠲᠤᠯ ᠦᠭᠡᠢ ᠬᠦᠭᠵᠢᠬᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠢ | ᠤᠯᠠᠮ ᠠᠴᠠ ᠤᠯᠠᠮ ᠰᠠᠶᠢᠵᠢᠷᠠᠭᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠷᠭᠡᠢ ᠠᠮᠵᠢᠯᠳᠠ | ᠤᠯᠤᠭᠰᠠᠨ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠥᠬᠦ | ᠲᠠᠯ᠎ᠠ ᠪᠠᠷ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠪᠠ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ᠂ | ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠬᠦᠴᠦᠳᠡᠢ ᠠᠬᠢᠭᠤᠯᠤᠨ᠂ ᠠᠭᠠᠷ ᠤᠨ | ᠴᠢᠨᠰᠠᠭ᠎ᠠ ᠰᠢᠯᠢᠳᠡᠭ ᠡᠳᠦᠷ ᠤᠨ ᠲᠤᠭ᠎ᠠ 341 ᠡᠳᠦᠷ ᠲᠤ ᠬᠦᠷᠴᠦ᠂ ᠰᠢᠯᠢᠳᠡᠭ ᠤᠨ ᠨᠣᠷᠮ᠎ᠠ 93. | 4% ᠳᠤ ᠬᠥᠷᠪᠡ᠃ ᠤᠰᠤᠨ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠳᠠᠭᠰᠢᠯᠠᠭᠤᠯᠤᠯᠲᠠ ᠶᠢᠨ | ᠪᠠᠷᠢᠮᠵᠢᠶ᠎ᠠ ᠳᠤ ᠬᠦᠷᠦᠭᠰᠡᠨ ᠨᠣᠷᠮ᠎ᠠ 100 % ᠪᠤᠯᠵᠤ᠂ ᠤᠤᠭᠤᠬᠤ ᠤᠰᠤᠨ ᠤ ᠠᠮᠤᠷ ᠲᠦᠪᠰᠢᠨ ᠤ ᠪᠠᠳᠤᠯᠠᠭᠠᠨ | ᠤ ᠬᠡᠮᠵᠢᠶ᠎ᠡ ᠵᠢᠯ ᠠᠴᠠ ᠵᠢᠯ ᠲᠡᠭᠡᠭᠰᠢᠯᠡᠵᠦ ᠢᠷᠡᠵᠡᠢ᠃ ᠬᠥᠷᠥᠰᠥ ᠰᠢᠷᠣᠢ ᠶᠢᠨ ᠪᠣᠬᠢᠷᠲᠤᠯ ᠢ ᠦᠨᠳᠦᠰᠦᠨ ᠠᠴᠠ | ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠣᠷᠳᠣᠭᠤᠷ ᠤᠨ ︽ᠬᠤᠶᠠᠷ ᠢ ᠪᠠᠭᠠᠰᠬᠠᠵᠤ | ᠬᠤᠶᠠᠷ ᠢ ᠬᠢᠵᠠᠭᠠᠷᠯᠠᠬᠤ︾ ᠠᠵᠢᠯ ᠪᠤᠳᠠᠳᠠᠢ ᠦᠷ᠎ᠡ ᠪᠦᠲᠦᠮᠵᠢ ᠣᠯᠵᠤ᠂ ᠭᠡᠷᠡᠭᠯᠡᠯᠳᠡ ᠶᠢᠨ ᠬᠡᠮᠵᠢᠶ᠎ᠡ ᠨᠢ | ᠲᠤᠰᠪᠤᠷᠢ 0.6% ᠪᠠ 0.5% ᠪᠠᠷ ᠪᠠᠭᠠᠰᠤᠭᠰᠠᠨ ᠪᠦᠭᠡᠳ ᠲᠠᠷᠢᠶᠠᠨ ᠭᠠᠵᠠᠷ ᠤᠨ ︽ᠴᠠᠭᠠᠨ ᠤ ᠪᠣᠬᠢᠷᠲᠤᠯ︾ | ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢᠨ ᠡᠬᠡᠬᠦᠯᠦᠨ | ᠬᠤᠷᠢᠶᠠᠬᠤ ᠨᠣᠷᠮ᠎ᠠ 91% ᠳᠤ ᠬᠦᠷᠦᠭᠰᠡᠨ ᠪᠠᠶᠢᠨ᠎ᠠ᠃ ᠠᠮᠢ ᠠᠬᠤᠢ ᠶᠢᠨ ᠬᠠᠮᠠᠭᠠᠯᠠᠯᠲᠠ ᠯᠠᠪᠳᠠᠭᠤᠨ ᠢᠶᠠᠷ | ᠠᠬᠢᠭᠰᠠᠨ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠬᠡᠬᠦ ᠲᠥᠷᠥ ᠶᠢᠨ ᠪᠣᠳᠣᠯᠭ᠎ᠠ ᠪᠠ ᠮᠠᠯ ᠪᠡᠯᠴᠢᠭᠡᠷ | ᠤᠨ ᠲᠡᠩᠴᠡᠭᠦᠷᠢ ᠶᠢ ᠪᠠᠳᠤᠯᠠᠬᠤ ᠳᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠦᠨ᠂ ᠲᠦᠷᠢᠮ ᠲᠣᠭᠲᠠᠭᠠᠯ | ᠵᠦᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠪᠡ᠃ ᠪᠦᠬᠦ ᠤᠷᠤᠨ ᠤ ᠴᠤᠷ ᠤᠨ ᠭᠠᠭᠴᠠ | ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠳᠠ ᠶᠢᠨ ᠲᠥᠷᠥᠯ ᠵᠦᠢᠯ ᠢ ᠠᠮᠵᠢᠯᠳᠠᠳᠠᠢ ᠪᠠᠷ | ᠡᠷᠡᠮᠡᠯᠵᠡᠯᠡᠨ ᠤᠯᠤᠭᠰᠠᠨ ᠤ ᠬᠠᠮᠳᠤ᠂ 4.3 ᠲᠦᠮᠡᠨ ᠮᠦ ᠣᠶᠢᠵᠢᠭᠤᠯᠤᠯᠲᠠ ᠶᠢ ᠬᠢᠵᠦ᠂ 2.2 ᠲᠦᠮᠡᠨ ᠮᠦ | ᠭᠠᠵᠠᠷ ᠰᠢᠷᠣᠢ ᠶᠢ ᠵᠠᠰᠠᠨ ᠰᠠᠶᠢᠵᠢᠷᠠᠭᠤᠯᠵᠠᠢ᠃ ᠨᠠᠭᠤᠷ ᠭᠤᠣᠯ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ | ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠶᠠᠨ ᠶᠢᠨ ᠭᠧᠦ ᠪᠠᠯᠭᠠᠰᠤᠨ ᠤ ᠴᠢ ᠬᠤᠤ | ᠲᠤᠰᠬᠤᠨ ᠤ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ᠂ ᠬᠠᠨ ᠢᠦᠢ ᠶᠢᠩ | ᠭᠤᠣᠯ ᠤᠨ ᠦᠶᠡᠷ ᠰᠡᠷᠭᠡᠶᠢᠯᠡᠬᠦ ᠢᠨᠵᠧᠨᠧᠷᠢᠩ ᠢ ᠲᠤᠭᠰᠬᠠᠭᠰᠠᠨ ᠤ ᠬᠠᠮᠳᠤ᠂ ᠡᠩ ᠤᠨ ᠣᠶᠢᠵᠢᠭᠤᠯᠤᠯᠲᠠ 2. | 5 ᠲᠦᠮᠡᠨ ᠮᠤ᠋᠂ ᠠᠷᠠᠴᠢᠯᠠᠨ ᠪᠣᠶᠢᠵᠢᠭᠤᠯᠬᠤ ᠤᠢ ᠰᠢᠭᠤᠢ 10.1 ᠲᠦᠮᠡᠨ ᠮᠤ᠋᠂ ᠬᠦᠨᠦᠬᠡᠯᠳᠦ ᠠᠮᠢᠳᠤ ᠪᠣᠳᠠᠰ | ᠢ ᠰᠡᠷᠭᠡᠶᠢᠯᠡᠨ ᠵᠠᠰᠠᠭᠰᠠᠨ ᠲᠠᠯᠠᠪᠠᠢ 72.8 ᠲᠦᠮᠡᠨ ᠮᠤ᠋ ᠳᠤ ᠬᠦᠷᠪᠡ᠃ ᠠᠭᠤᠯᠠ ᠠᠭᠤᠷᠬᠠᠢ᠂ ᠭᠤᠤ ᠭᠠᠩᠭ᠎ᠠ | ᠶᠢᠨ ᠵᠠᠰᠠᠯᠳᠠ ᠪᠠ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢ ᠠᠬᠢᠭᠤᠯᠤᠨ᠂ 67. 4 ᠾᠧᠺᠲ᠋ᠠᠷ | ᠠᠭᠤᠷᠬᠠᠢ ᠶᠢᠨ ᠵᠠᠰᠠᠯᠲᠠ᠂ 102 ᠾᠧᠺᠲ᠋ᠠᠷ ᠡᠵᠡᠬᠦᠢ ᠭᠤᠤ ᠭᠠᠩᠭ᠎ᠠ ᠶᠢᠨ ᠵᠠᠰᠠᠯᠲᠠ ᠶᠢ ᠬᠢᠵᠦ᠂ 7.9 | ᠾᠧᠺᠲ᠋ᠠᠷ ᠠᠭᠤᠷᠬᠠᠢ ᠶᠢᠨ ᠨᠦᠬᠡ ᠶᠢ ᠲᠡᠭᠰᠢᠯᠡᠵᠦ ᠰᠡᠷᠬᠦᠭᠡᠭᠰᠡᠨ ᠤ ᠬᠠᠮᠲᠤ᠂ ᠠᠶᠢᠮᠠᠭ ᠤᠨ ᠰᠢᠯᠭᠠᠨ | ᠪᠠᠶᠢᠴᠠᠭᠠᠯᠳᠠ ᠶᠢ ᠠᠮᠵᠢᠯᠳᠠᠳᠠᠢ ᠦᠩᠭᠡᠷᠡᠭᠡᠵᠦ᠂ ᠮᠠᠨ ᠲᠸᠦ ᠱᠠᠨ ᠤ ᠴᠣᠬᠤᠢ ᠶᠢᠨ ᠴᠢᠯᠠᠭᠤᠯᠢᠭ ᠤᠨ ᠠᠭᠤᠷᠬᠠᠢ | ᠨᠢ ᠪᠥᠬᠦ ᠠᠶᠢᠮᠠᠭ ᠤᠨ ᠪᠣᠬᠢᠷᠲᠤᠯ ᠦᠭᠡᠢ ᠠᠭᠤᠷᠬᠠᠢ ᠶᠢᠨ ᠪᠠᠶᠢᠭᠤᠯᠤᠯᠲᠠ ᠶᠢᠨ ᠰᠢᠯᠢᠳᠡᠭ ᠨᠡᠷᠡᠰ ᠲᠤ ᠤᠷᠤᠵᠠᠢ᠃ | ᠲᠥᠪ ᠤᠨ ᠨᠢᠭᠡᠳᠦᠭᠡᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠪᠠ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠂ ᠲᠥᠪ ᠤᠨ ᠬᠤᠶᠠᠳᠤᠭᠠᠷ | ᠡᠭᠡᠯᠵᠢ ᠶᠢᠨ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠵᠢᠯ ᠤᠨ ᠡᠬᠦᠷᠭᠡ ᠪᠠᠨ ᠴᠢᠨᠠᠷ ᠰᠠᠶᠢᠳᠠᠢ ᠪᠡᠶᠡᠯᠡᠬᠦᠯᠦᠭᠰᠡᠨ ᠪᠠᠶᠢᠨ᠎ᠠ᠃ | ︵ᠲᠠᠪᠤ︶ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠨᠡᠶᠢᠭᠡᠮ ᠤᠨ ᠦᠢᠯᠡᠰ ᠢ | ᠲᠣᠭᠲᠠᠭᠤᠨ ᠢᠶᠠᠷ ᠬᠦᠭᠵᠢᠬᠦᠯᠪᠡ ᠃ ᠠᠷᠠᠳ ᠤᠨ ᠠᠮᠢᠳᠤᠷᠠᠯ ᠤᠨ ᠪᠠᠲᠤᠯᠠᠭ᠎ᠠ ᠲᠣᠭᠲᠠᠭᠤᠨ ᠢᠶᠠᠷ ᠴᠢᠩᠭᠠᠷᠠᠭᠰᠠᠨ᠃ | ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠦᠳᠦᠭᠡᠬᠦ ᠶᠢ ᠠᠬᠢᠭᠤᠯᠬᠤ᠂ ᠠᠵᠢᠯ | ᠣᠯᠬᠤ ᠳᠤ ᠬᠦᠴᠢᠷᠲᠡᠢ ᠬᠥᠮᠥᠰ ᠢ ᠤᠨᠢᠨ ᠲᠡᠭᠡᠷ᠎ᠡ ᠨᠢ ᠬᠠᠪᠰᠤᠷᠤᠨ ᠲᠡᠳᠬᠦᠬᠦ ᠵᠡᠷᠭᠡ ᠲᠤᠰᠬᠠᠢ ᠠᠵᠢᠯᠯᠠᠭ᠎ᠠ ᠶᠢ | ᠬᠡᠷᠡᠭᠵᠢᠭᠦᠯᠵᠦ᠂ 1.4 ᠲᠦᠮᠡᠨ ᠠᠵᠢᠯ ᠤᠨ ᠪᠠᠶᠢᠷᠢ ᠡᠯᠰᠡᠨ ᠂ ᠬᠤᠲᠠ ᠪᠠᠯᠭᠠᠰᠤᠨ ᠤ 835 ᠬᠥᠮᠥᠨ ᠳᠤ | ᠰᠢᠨ᠎ᠡ ᠪᠠᠷ ᠠᠵᠢᠯ ᠣᠯᠭᠤᠵᠤ᠂ 774 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠳᠡᠭᠡᠳᠦ ᠰᠤᠷᠭᠠᠭᠤᠯᠢ | ᠲᠡᠬᠦᠰᠦᠭᠰᠡᠨ346 ᠬᠥᠮᠥᠨ ᠳᠤ ᠠᠵᠢᠯ ᠤᠯᠭᠤᠭᠠᠳ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 3.2 % ᠳᠣᠲᠣᠷ᠎ᠠ ᠬᠢᠵᠠᠭᠠᠷᠯᠠᠵᠤ᠂ 1478 ᠲᠦᠮᠡᠨ ᠲᠥᠭᠦᠷᠢᠭ ᠤᠨ ᠦᠢᠯᠡᠰ | ᠪᠦᠳᠦᠭᠡᠬᠦ ᠪᠠᠳᠤᠯᠠᠭᠠᠳᠤ ᠵᠢᠭᠡᠯᠡᠯᠭᠡ ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠢ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠨᠡᠶᠢᠭᠡᠮ ᠤᠨ ᠠᠪᠤᠷᠠᠨ | ᠲᠤᠰᠠᠯᠠᠯᠲᠠ ᠳᠤ ᠤᠷᠤᠬᠤ ᠵᠤᠬᠢᠰᠳᠠᠢ ᠪᠤᠯ ᠪᠦᠬᠦᠨ ᠢ ᠤᠷᠤᠭᠤᠯᠵᠤ ᠂ ᠠᠮᠢᠳᠤᠯᠢᠭ ᠢᠶᠠᠷ ᠠᠵᠢᠯ ᠣᠯᠬᠤ | ᠨᠡᠶᠢᠭᠡᠮ ᠤᠨ ᠳᠠᠭᠠᠳᠬᠠᠯ ᠤᠨ ᠨᠥᠬᠦᠪᠦᠷᠢ 515.6 ᠲᠦᠮᠡᠨ ᠲᠥᠭᠦᠷᠢᠭ ᠢ ᠲᠠᠷᠬᠠᠭᠠᠨ᠂ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ | ᠨᠥᠬᠦᠪᠦᠷᠢ ᠮᠥᠩᠭᠦ ᠶᠢ 1.25 ᠳ᠋ᠦᠩᠰᠢᠭᠤᠷ ᠲᠥᠭᠦᠷᠢᠭ ᠲᠠᠷᠬᠠᠭᠠᠵᠤ᠂ ᠴᠡᠷᠢᠭ ᠠᠴᠠ ᠬᠠᠯᠠᠭᠳᠠᠭᠰᠠᠳ ᠤᠨ | ᠬᠠᠷᠠᠭᠠᠯᠵᠠᠯ ᠤᠨ ᠮᠥᠩᠭᠦ᠂ ᠣᠷᠣᠨ ᠨᠤᠲᠤᠭ ᠤᠨ ᠠᠵᠤ ᠠᠬᠤᠢ ᠶᠢᠨ ᠨᠥᠬᠦᠪᠦᠷᠢ ᠮᠥᠩᠭᠦ ᠵᠢᠴᠢ ᠠᠰᠠᠷᠠᠨ | ᠬᠠᠷᠠᠭᠠᠯᠵᠠᠬᠤ ᠨᠢᠭᠤᠷᠯᠠᠯ ᠤᠨ ᠠᠮᠢᠳᠤᠷᠠᠯ ᠤᠨ ᠨᠥᠬᠦᠪᠦᠷᠢ ᠶᠢ 1362 ᠲᠦᠮᠡᠨ ᠲᠥᠭᠦᠷᠢᠭ ᠲᠠᠷᠬᠠᠭᠠᠨ᠂ ︽ | ᠭᠤᠷᠪᠠᠨ ᠳᠠᠪᠬᠤᠷ ᠪᠠᠲᠤᠯᠠᠭ᠎ᠠ︾ ᠶᠢᠨ ᠰᠠᠭᠤᠷᠢ ᠮᠥᠩᠭᠦ ᠶᠢᠨ ᠵᠠᠷᠤᠯᠭ᠎ᠠ 2.87 ᠳ᠋ᠦᠩᠰᠢᠭᠤᠷ ᠲᠥᠭᠦᠷᠢᠭ ᠲᠤ | ᠬᠦᠷᠴᠦ᠂ 26.6 ᠲᠦᠮᠡ ᠭᠠᠷᠤᠢ ᠬᠥᠮᠥᠨ ᠤᠳᠠᠭ᠎ᠠ ᠳᠤ ᠠᠰᠢᠭ ᠬᠦᠷᠳᠡᠭᠡᠭᠰᠡᠨ ᠪᠠᠶᠢᠨ᠎ᠠ᠃ ᠰᠤᠷᠭᠠᠨ | ᠬᠥᠮᠦᠵᠢᠯ ᠤᠨ ᠰᠠᠭᠤᠷᠢ ᠦᠷᠭᠦᠯᠵᠢᠯᠡᠨ ᠰᠠᠶᠢᠵᠢᠷᠠᠭᠰᠠᠨ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ | ᠴᠡᠴᠡᠷᠯᠢᠭ ᠤᠨ ᠪᠦᠷᠬᠦᠴᠡ ᠪᠠ ᠰᠤᠷᠬᠤ ᠨᠠᠰᠤᠨ ᠠᠴᠠ ᠡᠮᠦᠨᠡᠬᠢ 3 ᠵᠢᠯ ᠤᠨ ᠴᠡᠴᠡᠷᠯᠢᠭ ᠲᠤ ᠣᠷᠣᠬᠤ ᠨᠣᠷᠮ᠎ᠠ | ᠲᠤᠰᠪᠤᠷᠢ 85 % ᠪᠠ 97% ᠳᠤ ᠬᠦᠷᠴᠦ᠂ ᠭᠤᠣᠯᠳᠠᠯᠭ᠎ᠠ ᠲᠠᠢ ᠣᠷᠣᠨ ᠪᠦᠰᠡ ᠳᠤ ᠬᠡᠦᠬᠡᠳ ᠤᠨ | ᠴᠡᠴᠡᠷᠯᠢᠭ ᠲᠠᠢ ᠪᠠᠶᠢᠬᠤ ᠶᠢ ᠦᠨᠳᠦᠰᠦᠨ ᠳᠡᠭᠡᠨ ᠪᠡᠶᠡᠯᠡᠬᠦᠯᠪᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ | ᠪᠠᠶᠢᠭᠰᠠᠨ ᠰᠤᠷᠭᠠᠭᠤᠯᠢ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ | ᠰᠤᠷᠭᠠᠯᠲᠠ ᠶᠢ ᠬᠡᠷᠡᠭᠵᠢᠭᠦᠯᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠴᠡᠴᠡᠷᠯᠢᠭ ᠤᠨ ᠰᠤᠷᠭᠠᠨ ᠬᠦᠮᠦᠵᠢᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠪᠦᠬᠦ ᠲᠠᠯ᠎ᠠ ᠪᠠᠷ ᠭᠡᠷᠡᠭᠯᠡᠵᠡᠢ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ 11 ᠰᠤᠷᠭᠠᠭᠤᠯᠢ ᠳᠤ ᠪᠦᠷ | ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠦᠷᠨᠢᠬᠦᠯᠦᠨ᠂ ᠰᠣᠷᠣᠭᠴᠢ ᠶᠢᠨ ᠤᠷᠤᠯᠴᠠᠬᠤ ᠨᠣᠷᠮ᠎ᠠ 99% ᠳᠤ | ᠬᠥᠷᠪᠡ᠃ ᠪᠠᠭᠰᠢ ᠶᠢᠨ ᠡᠬᠢ ᠪᠠᠶᠠᠯᠢᠭ ᠢ ᠦᠷᠭᠦᠯᠵᠢᠯᠡᠨ ᠰᠢᠯᠢᠳᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | 42 ᠪᠠᠭᠰᠢ᠂ ᠣᠨᠴᠠᠭᠠᠶ ᠠᠵᠢᠯ ᠤᠨ ᠪᠠᠶᠢᠷᠢ ᠶᠢᠨ 5 ᠪᠠᠭᠰᠢ ᠶᠢ ᠤᠷᠢᠵᠤ ᠭᠡᠷᠡᠭᠯᠡᠭᠰᠡᠨ ᠪᠦᠭᠡᠳ 6 ᠨᠠᠷᠠᠲᠤ | ᠰᠢᠯᠢᠳᠡᠭ ᠪᠠᠭᠰᠢ᠂ ᠴᠠᠩᠫᠢᠩ ᠲᠣᠭᠤᠷᠢᠭ ᠤᠨ 7 ᠰᠢᠯᠢᠳᠡᠭ ᠪᠠᠭᠰᠢ ᠶᠢ ᠤᠷᠢᠵᠤ ᠰᠤᠷᠭᠠᠨ ᠬᠥᠮᠦᠵᠢᠯ ᠢ | ᠲᠡᠮᠵᠢᠬᠦᠯᠦᠨ᠂ 56 ᠪᠠᠭᠰᠢ ᠶᠢ ᠪᠡᠭᠡᠵᠢᠩ ᠳᠤ ᠲᠣᠮᠢᠯᠠᠨ ᠰᠤᠷᠤᠯᠴᠠᠭᠤᠯᠪᠠ᠃ 2 ᠰᠢᠶᠠᠩ ᠪᠠᠯᠭᠠᠰᠤᠨ ᠤ | ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠬᠤ ᠠᠰᠠᠷ᠂ 2 ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ | ᠬᠠᠯᠬᠠᠯᠠᠬᠤ ᠲᠠᠮᠢᠷ ᠤᠨ ᠲᠠᠯᠠᠪᠠᠢ ᠬᠢᠭᠡᠳ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠤᠨ | ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠤ᠂ ᠳᠥᠷᠪᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠠᠰᠢᠭᠯᠠᠯᠲᠠ ᠳᠤ ᠤᠷᠤᠭᠤᠯᠤᠭᠠᠳ᠂ ᠰᠤᠷᠭᠠᠨ ᠬᠥᠮᠦᠵᠢᠯ ᠤᠨ ᠰᠠᠭᠤᠷᠢ | ᠲᠥᠬᠦᠭᠡᠷᠦᠮᠵᠢ ᠶᠢ ᠤᠯᠠᠮ ᠲᠡᠬᠦᠯᠳᠡᠷᠵᠢᠬᠦᠯᠵᠡᠢ᠃ ᠡᠷᠡᠭᠦᠯ ᠬᠠᠮᠠᠭᠠᠯᠠᠯ ᠤᠨ ᠦᠢᠯᠡᠰ ᠯᠠᠪᠳᠠᠭᠤᠨ ᠢᠶᠠᠷ ᠠᠬᠢᠭᠰᠠᠨ᠃ | ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠲᠠᠳ ᠮᠣᠩᠭᠤᠯ | ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠤᠷᠤᠭᠰᠢᠲᠠᠢ ᠠᠬᠢᠭᠤᠯᠤᠨ᠂ 11 | ᠰᠠᠭᠤᠷᠢ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 2 ᠰᠠᠭᠤᠷᠢ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ 142 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠦᠨᠳᠦᠰᠦᠨ ᠱᠠᠲᠤᠨ ᠤ ᠡᠮᠨᠡᠯᠬᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢ ᠨᠡᠶᠢᠳᠡᠮ | ᠪᠦᠷᠬᠦᠭᠦᠯᠪᠡ᠃ ᠡᠮᠨᠡᠯᠭᠡ ᠶᠢᠨ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ | ᠶᠡᠷᠦᠩᠬᠡᠢ ᠡᠮᠨᠡᠯᠭᠡ ᠶᠢᠨ ᠬᠤᠷᠢᠶ᠎ᠠ ᠵᠢᠴᠢ ᠡᠯ᠎ᠡ ᠬᠤᠪᠢᠶᠠᠷᠢ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠂ ᠶᠡᠷᠦᠩᠬᠡᠢ | ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠢ ᠤᠷᠢᠨ ᠲᠤᠮᠢᠯᠠᠭᠰᠠᠨ ᠤ ᠬᠠᠮᠳᠤ ᠂ 10 ᠨᠡᠷ᠎ᠡ ᠡᠮᠨᠡᠯᠭᠡ ᠶᠢᠨ | ᠲᠤᠰᠬᠠᠢ ᠮᠡᠷᠭᠡᠵᠢᠯᠳᠡᠨ ᠢ ᠤᠷᠢᠨ ᠬᠡᠷᠡᠭᠯᠡᠵᠦ᠂ 9 ᠨᠡᠷ᠎ᠡ ᠡᠮᠨᠡᠯᠭᠡ ᠶᠢᠨ ᠮᠡᠷᠭᠡᠵᠢᠯ ᠰᠤᠷᠤᠭᠰᠠᠨ ᠰᠣᠷᠣᠭᠴᠢ ᠲᠠᠢ | ᠬᠥᠳᠡᠯᠮᠦᠷᠢ ᠦᠢᠯᠡᠴᠢᠯᠡᠭᠡᠨ ᠤ ᠭᠡᠷ᠎ᠡ ᠲᠤᠭᠳᠠᠵᠠᠢ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠢᠲᠠᠳ | ᠮᠣᠩᠭᠤᠯ ᠤᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠵᠡᠷᠭᠡ ᠶᠢᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠪᠤᠯᠵᠤ | ᠲᠡᠰ ᠲᠡᠪᠰᠢᠭᠰᠡᠨ ᠪᠠᠶᠢᠨ᠎ᠠ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ | ᠲᠡᠭᠰᠢ ᠪᠣᠯᠭᠠᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ | ᠲᠠᠩᠰᠠ ᠡᠪᠬᠡᠮᠡᠯ ᠢ 10.6 ᠲᠦᠮᠡᠨ ᠬᠤᠪᠢ ᠪᠠᠶᠢᠭᠤᠯᠤᠭᠠᠳ᠂ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 96.4% ᠳᠤ ᠬᠦᠷᠴᠦ᠂ 7140 ᠬᠦᠮᠦᠨ ᠳᠤ ︽ᠬᠤᠶᠠᠷ ᠥᠮᠡᠨ︾ | ᠤ ᠰᠢᠭᠰᠢᠨ ᠪᠠᠶᠢᠴᠠᠭᠠᠯᠲᠠ ᠬᠢᠵᠡᠢ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ | ᠥᠷᠨᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢ | ᠪᠠᠶᠢᠩᠭᠤᠵᠢᠭᠤᠯᠤᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠢᠷᠢ ᠴᠢᠳᠠᠪᠤᠷᠢ ᠤᠯᠠᠮ ᠲᠡᠭᠡᠭᠰᠢᠯᠡᠭᠰᠡᠨ ᠪᠠᠶᠢᠨ᠎ᠠ | ᠃ | ︵ᠵᠢᠷᠭᠤᠭ᠎ᠠ︶ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠠᠷᠢᠮᠳᠠᠯᠠᠵᠤ ᠂ ᠨᠡᠶᠢᠭᠡᠮ ᠤᠨ ᠶᠡᠭᠡ ᠲᠠᠯ᠎ᠠ ᠶᠢᠨ | ᠡᠶ᠎ᠡ ᠵᠣᠬᠢᠴᠠᠯ ᠪᠠ ᠠᠮᠤᠷ ᠲᠣᠭᠲᠠᠭᠤᠨ ᠢ ᠪᠠᠳᠤᠯᠠᠪᠠ ᠃ ᠠᠮᠤᠷ ᠲᠦᠪᠰᠢᠨ ᠤ ᠰᠠᠭᠤᠷᠢ ᠶᠢ ᠤᠯᠠᠮ ᠪᠠᠳᠤᠳᠬᠠᠭᠰᠠᠨ | ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ | ᠪᠤᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠮᠠᠨ ᠤ ᠬᠤᠰᠢᠭᠤ ᠨᠢ ᠶᠢᠰᠦᠳᠦᠭᠡᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠭᠡᠳ᠂ ᠦᠨᠳᠦᠰᠦᠲᠡᠨ ᠨᠦᠭᠦᠳ ᠨᠢᠭᠡ ᠭᠡᠷ ᠤᠨ | ᠬᠢᠨ ᠮᠡᠲᠦ ᠨᠢᠬᠳᠠᠷᠠᠨ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠤᠯᠠᠮ ᠪᠠᠬᠢᠵᠢᠭᠦᠯᠦᠨ ᠬᠥᠭᠵᠢᠭᠦᠯᠪᠡ᠃ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ | ᠤᠰᠤᠯ ᠡ᠊ᠨᠳᠡᠯ ᠤᠨ ᠲᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠵᠢᠴᠢ ᠡᠯ᠎ᠡ ᠲᠦᠷᠦᠯ ᠤᠨ ᠲᠤᠰᠬᠠᠢ | ᠴᠡᠭᠴᠡᠯᠡᠯᠳᠡ ᠶᠢᠨ ᠠᠵᠢᠯ ᠢ ᠭᠦᠨᠵᠡᠭᠡᠢ ᠦᠷᠨᠢᠬᠦᠯᠦᠨ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠪᠠ | ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠲᠣᠭᠲᠠᠭᠤᠨ ᠪᠠᠶᠢᠳᠠᠯ ᠢᠶᠠᠨ ᠬᠠᠳᠠᠭᠠᠯᠠᠭᠰᠠᠨ ᠪᠠᠶᠢᠨ᠎ᠠ᠃ ᠤᠯᠤᠰ ᠤᠨ ᠢᠳᠡᠭᠡᠨ ᠤᠮᠳᠠᠭᠠᠨ ᠤ | ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ | ᠠᠬᠢᠭᠤᠯᠵᠤ᠂ ᠢᠳᠡᠭᠡᠨ ᠡᠮ ᠤᠨ ᠵᠦᠢᠯ ᠤᠨ ᠠᠶᠤᠯᠭᠦᠢ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠪᠠ᠃ ᠨᠡᠶᠢᠭᠡᠮ ᠤᠨ ᠵᠠᠰᠠᠯᠲᠠ ᠦᠷᠭᠦᠯᠵᠢᠯᠡᠨ ᠴᠢᠩᠭᠠᠷᠠᠭᠰᠠᠨ᠃ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠤᠨ ᠠᠮᠤᠷ ᠲᠣᠭᠲᠠᠭᠤᠨ ᠤ | ᠲᠦᠭᠰᠢᠭᠦᠷᠢ ᠶᠢ ᠪᠠᠶᠢᠴᠠᠭᠠᠨ ᠴᠡᠭᠴᠡᠯᠡᠬᠦ ᠪᠠ ᠵᠥᠷᠢᠴᠡᠯ ᠵᠢᠭᠤᠷᠠᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ | ᠠᠵᠢᠯ ᠢ ᠭᠦᠨᠵᠡᠭᠡᠢ ᠦᠷᠨᠢᠬᠦᠯᠦᠨ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠬᠦᠢᠴᠡᠳᠭᠡᠬᠦ ᠦᠢᠯᠡᠴᠢᠯᠡᠭᠡ ᠶᠢ ᠪᠦᠬᠦ | ᠲᠠᠯ᠎ᠠ ᠪᠠᠷ ᠭᠡᠷᠡᠭᠵᠢᠬᠦᠯᠵᠦ᠂ ᠪᠦᠬᠦ ᠵᠢᠯ ᠳᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠭᠰᠡᠨ ᠨᠤᠷᠮ᠎ᠠ 98% ᠳᠤ | ᠬᠦᠷᠪᠡ᠃ ᠴᠠᠯᠢᠩ ᠥᠷᠢᠲᠦᠬᠦ ᠠᠵᠢᠯᠯᠠᠭ᠎ᠠ ᠶᠢ ᠬᠠᠤᠯᠢ ᠶᠣᠰᠣᠭᠠᠷ ᠦᠨᠳᠦᠰᠦᠨ ᠠᠴᠠ ᠨᠢ ᠵᠠᠰᠠᠵᠤ᠂ ᠬᠦᠯᠦᠰᠦᠨ | ᠠᠵᠢᠯᠴᠢᠨ ᠳᠤ ᠦᠷᠢᠳᠦᠭᠰᠡᠨ 480 ᠲᠦᠮᠡᠨ ᠲᠥᠭᠦᠷᠢᠭ ᠤᠨ ᠴᠠᠯᠢᠩ ᠮᠦᠩᠬᠦ ᠶᠢ ᠨᠡᠬᠡᠮᠵᠢᠯᠡᠨ ᠠᠪᠴᠢᠷᠠᠵᠤ ᠡᠵᠡᠨ | ᠳᠤᠨᠢ ᠤᠯᠭᠤᠵᠠᠢ᠃ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ︽ᠲᠦᠷᠪᠡᠨ ᠡᠶᠡᠳᠡᠬᠦᠯᠭᠡ ᠶᠢ | ᠠᠭᠤᠰᠤᠯᠴᠠᠭᠤᠯᠬᠤ︾ ᠵᠠᠷᠭᠤ ᠶᠢᠨ ᠢᠷᠡᠯᠲᠡ ᠶᠢ ᠵᠠᠰᠠᠬᠤ ᠠᠷᠭ᠎ᠠ ᠨᠢ 2023 ᠣᠨ ᠤ ᠪᠥᠬᠦ ᠣᠷᠣᠨ ᠤ ᠰᠢᠨ᠎ᠡ | ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠤᠯᠤᠭᠰᠠᠨ ᠪᠠᠶᠢᠨ᠎ᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠭᠠᠵᠢᠭᠤ ᠨᠤᠮᠯᠠᠯ ᠢ ᠡᠰᠡᠷᠭᠦᠴᠡᠬᠦ᠂ ᠬᠤᠣᠷᠲᠤ ᠡᠳ᠋ ᠢ | ᠴᠠᠭᠠᠵᠠᠯᠠᠬᠤ᠂ ᠮᠡᠬᠡᠯᠡᠯ ᠢ ᠡᠰᠡᠷᠭᠦᠴᠡᠬᠦ ᠵᠡᠷᠭᠡ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ 3 ᠰᠠᠭᠤᠷᠢ ᠬᠠᠤᠯᠢ | ᠪᠤᠰᠤ ᠱᠠᠰᠢᠨ ᠰᠤᠷᠲᠠᠬᠤᠨ ᠤ ᠲᠠᠯᠠᠪᠤᠷ ᠢ ᠴᠠᠭᠠᠵᠠᠯᠠᠨ᠂ 223 ᠤᠳᠠᠭᠠᠨ ᠤ ᠠᠮᠤᠷ ᠢ ᠬᠠᠮᠠᠭᠠᠯᠠᠬᠤ ᠬᠠᠤᠯᠢ | ᠲᠦᠷᠢᠮ ᠠᠴᠠ ᠵᠦᠷᠢᠴᠡᠭᠰᠡᠨ ᠬᠡᠷᠡᠭ᠂ 38 ᠤᠳᠠᠭᠠᠨ ᠤ ᠱᠠᠯᠢᠭ ᠵᠦᠢᠯ ᠮᠦᠷᠦᠢ ᠲᠠᠢ ᠲᠤᠭᠯᠠᠭᠠᠮ ᠬᠤᠣᠷᠲᠤ ᠡᠳ᠋ | ᠳᠤ ᠬᠤᠯᠪᠤᠭᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠦᠭᠡᠳ 171 ᠤᠳᠠᠭᠠᠨ ᠤ ᠡᠷᠡᠭᠦᠦ ᠶᠢᠨ ᠬᠡᠷᠡᠭ ᠢ | ᠢᠯᠡᠷᠡᠭᠦᠯᠵᠦ᠂ 24 ᠤᠳᠠᠭᠠᠨ ᠤ ᠬᠤᠯᠪᠣᠭ᠎ᠠ ᠰᠦᠯᠵᠢᠶᠡᠨ ᠤ ᠮᠡᠭᠡᠯᠡᠯ ᠤᠨ ᠬᠡᠷᠡᠭ ᠢ ᠢᠯᠡᠷᠡᠬᠦᠯᠦᠭᠡᠳ 120 | ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠮᠡᠳᠡᠭᠡ ᠵᠠᠩᠬᠢ ᠶᠢᠨ | ᠤᠶᠤᠨᠴᠢᠯᠠᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠲᠤᠷᠠᠨ ᠬᠠᠷᠠᠭ᠎ᠠ︾ ᠮᠠᠯᠵᠢᠬᠤ | ᠲᠠᠷᠢᠶᠠᠯᠠᠬᠤ ᠣᠷᠣᠨ ᠤ ᠠᠮᠤᠷ ᠲᠦᠪᠰᠢᠨ ᠤ ᠬᠢᠨᠠᠨ ᠡᠵᠡᠮᠳᠡᠬᠦ ᠲᠦᠬᠦᠭᠡᠷᠦᠮᠵᠢ ᠤᠭᠰᠠᠷᠠᠬᠤ ᠢᠨᠵᠧᠨᠧᠷᠢᠩ ᠢ ᠪᠥᠬᠦ | ᠠᠶᠢᠮᠠᠭ ᠲᠠᠭᠠᠨ ᠬᠠᠮᠤᠭ ᠤᠷᠢᠳᠠᠪᠠᠷ ᠨᠡᠶᠢᠳᠡᠮ ᠪᠦᠷᠬᠦᠬᠦᠯᠦᠭᠰᠡᠨ ᠪᠠᠶᠢᠨ᠎ᠠ᠃ ᠪᠦᠬᠦ ᠵᠢᠯ ᠳᠤ ᠠᠮᠢᠨ ᠬᠡᠷᠡᠭ ᠨᠢᠬᠡ | ᠴᠤ ᠭᠠᠷᠤᠭᠰᠠᠨ ᠦᠬᠡᠢ ᠪᠦᠭᠡᠳ ᠵᠢᠯ ᠴᠠᠭᠠᠨ ᠰᠠᠷ᠎ᠠ᠂ ᠪᠦᠬᠦ ᠤᠯᠤᠰ ᠤᠨ ︽ᠬᠤᠶᠠᠷ ᠬᠤᠷᠠᠯ︾ ᠵᠡᠷᠭᠡ ᠴᠢᠬᠤᠯᠠ | ᠴᠠᠭ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠳᠣᠯᠤᠭ᠎ᠠ︶ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠴᠢᠳᠠᠮᠵᠢ ᠶᠢ ᠪᠥᠬᠦ ᠲᠠᠯ᠎ᠠ ᠪᠠᠷ ᠲᠡᠭᠡᠭᠰᠢᠯᠡᠬᠦᠯᠪᠡ᠃ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ | ᠴᠢᠩᠭᠠᠳᠬᠠᠭᠰᠠᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠪᠠ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠭᠡᠷᠡᠭᠵᠢᠬᠦᠯᠦᠨ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠴᠡᠭᠴᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ | ᠳᠦᠷᠢᠮ ᠢ ᠪᠦᠲᠦᠮᠵᠢᠲᠡᠢ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠡᠷᠡᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠪᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠲᠣᠭᠲᠠᠭᠠᠬᠤ ᠠᠯᠬᠤᠮ ᠶᠠᠪᠤᠴᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠳ ᠲᠤ ᠬᠠᠤᠯᠢ ᠴᠠᠭᠠᠵᠠ ᠶᠢᠨ ᠵᠥᠪᠯᠡᠭᠴᠢ ᠶᠢ ᠨᠡᠶᠢᠳᠡᠮ ᠭᠡᠷᠡᠭᠯᠡᠨ᠂ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠲᠠᠰᠤᠷᠠᠯᠲᠠ | ᠦᠭᠡᠢ ᠲᠡᠭᠡᠭᠰᠢᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠬᠤᠭᠤᠴᠠᠭ᠎ᠠ ᠶᠣᠰᠣᠭᠠᠷ ᠭᠦᠢᠴᠡᠳᠬᠡᠵᠦ | ᠳᠠᠭᠤᠰᠬᠠᠭᠰᠠᠨ ᠨᠣᠷᠮ᠎ᠠ 100% ᠳᠤ ᠬᠦᠷᠴᠡᠢ᠃ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠠᠷᠠᠳ ᠤᠨ ᠰᠦᠯᠵᠢᠶ᠎ᠡ᠂ ᠳᠤᠮᠳᠠᠳᠤ ᠤᠯᠤᠰ ᠤᠨ | ᠵᠠᠰᠠᠭ ᠤᠨ ᠣᠷᠳᠣᠨ ᠤ ᠰᠦᠯᠵᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + | ᠱᠠᠭᠠᠷᠳᠠᠨ ᠪᠠᠶᠢᠴᠠᠭᠠᠯᠲᠠ︾ ᠳᠤ ᠪᠢᠴᠢᠭᠡᠰᠦ ᠦᠯᠡᠳᠡᠭᠡᠭᠰᠡᠨ 12 ᠠᠰᠠᠭᠤᠳᠠᠯ ᠢ ᠰᠢᠢᠳᠪᠦᠷᠢᠯᠡᠵᠦ᠂ ︽ | 12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠤᠲᠠᠰᠤ ᠶᠢ 2159 | ᠤᠳᠠᠭ᠎ᠠ ᠲᠤᠰᠴᠤ ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ 99.9% ᠳᠤ ᠬᠦᠷᠪᠡ᠃ ︽ᠭᠤᠷᠪᠠᠨ | ᠴᠢᠬᠤᠯᠠ ᠨᠢᠭᠡ ᠲᠤᠮᠤ︾ ᠰᠢᠢᠳᠪᠦᠷᠢᠲᠦ ᠪᠣᠳᠣᠯᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠢᠯᠡ ᠬᠢᠨᠠᠯᠲᠠ ᠶᠢ ᠤᠬᠠᠮᠰᠠᠷ | ᠠᠴᠠ ᠪᠠᠨ ᠬᠦᠯᠢᠶᠡᠵᠦ᠂ 2023 ᠣᠨ ᠳᠤ ᠠᠷᠠᠳ ᠤᠨ ᠲᠥᠯᠥᠭᠡᠯᠡᠭᠴᠢ ᠶᠢᠨ ᠪᠢᠯᠧᠲ ᠪᠠᠷ ᠲᠣᠭᠲᠠᠭᠠᠭᠰᠠᠨ | ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 98 ᠬᠤᠪᠢ | ᠠᠷᠠᠳ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ᠂ 96 ᠬᠤᠪᠢ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ ᠤ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠭᠰᠡᠨ ᠪᠠᠶᠢᠨ᠎ᠠ᠃ ᠬᠤᠷᠢᠭ᠎ᠠ ᠱᠤᠭᠤᠮ ᠤᠨ | ᠰᠡᠳᠬᠢᠬᠦᠢ ᠶᠢ ᠪᠥᠬᠦ ᠲᠠᠯ᠎ᠠ ᠪᠠᠷ ᠪᠠᠳᠤᠳᠬᠠᠭᠰᠠᠨ᠃ ︽ᠵᠠᠰᠠᠭ ᠤᠨ ᠣᠷᠳᠣᠨ ᠠᠷᠪᠢᠯᠠᠨ ᠭᠠᠮᠨᠠᠵᠤ᠂ ᠣᠯᠠᠨ ᠲᠦᠮᠡᠨ | ᠢ ᠪᠠᠶᠠᠨ ᠲᠠᠩᠰᠤᠭ ᠠᠮᠢᠳᠤᠷᠠᠭᠤᠯᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ ᠤᠯᠤᠰ ᠤᠨ ᠦᠮᠴᠢᠯᠡᠯᠳᠦ | ᠡᠳ᠋ ᠬᠥᠷᠥᠩᠭᠡ᠂ ᠤᠯᠤᠰ ᠤᠨ ᠦᠮᠴᠢᠯᠡᠯᠳᠦ ᠡᠬᠢ ᠪᠠᠶᠠᠯᠢᠭ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠲᠥᠰᠥᠪ ᠤᠨ ᠬᠠᠮᠢᠶᠠᠷᠤᠯᠲᠠ ᠶᠢ ᠴᠢᠩᠭ᠎ᠠ | ᠬᠡᠷᠡᠭᠵᠢᠭᠦᠯᠦᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ | ᠲᠤᠶᠢᠯ ᠤᠨ ᠬᠦᠴᠢᠷᠳᠡᠯ ᠲᠠᠢ ᠪᠠᠶᠢᠳᠠᠯ ᠳᠣᠣᠷ᠎ᠠ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠵᠦ ᠪᠠᠶᠢᠭᠠᠳ | ︽ᠭᠤᠷᠪᠠᠨ ᠪᠠᠲᠤᠯᠠᠭ᠎ᠠ︾ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠠᠯᠳᠠ ᠥᠭᠴᠡᠭᠡ ᠶᠢ ᠠᠷᠢᠯᠭᠠᠬᠤ ᠪᠠ | ᠠᠵᠤ ᠠᠬᠤᠶᠢᠯᠠᠯ ᠳᠤ ᠦᠷᠢᠳᠦᠭᠰᠡᠨ ᠦᠷᠢ ᠰᠢᠷᠢ ᠶᠢ ᠴᠡᠪᠡᠷᠯᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠬᠦᠯᠦᠭᠰᠡᠨ ᠪᠠᠶᠢᠨ᠎ᠠ᠃ | ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ | ᠰᠤᠷᠲᠠᠬᠤᠨ᠂ ᠬᠤᠶᠠᠷ ᠢ ᠬᠦᠷᠢᠶᠡᠯᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ ᠵᠢᠴᠢ ᠲᠠᠩᠰᠠ ᠡᠪᠬᠡᠮᠡᠯ ᠲᠡᠦᠬᠡ | ᠤᠶᠢᠯᠠᠯᠭ᠎ᠠ᠂ ᠲᠤᠭ᠎ᠠ ᠪᠦᠷᠢᠳᠬᠡᠯ ᠂ ᠴᠠᠭ ᠠᠭᠤᠷ᠂ ᠮᠥᠩᠭᠦᠨ ᠭᠦᠢᠯᠭᠡᠭᠡ ᠳᠠᠭᠠᠳᠬᠠᠯ᠂ ᠴᠢᠮᠡᠭᠡ ᠬᠤᠯᠪᠣᠭ᠎ᠠ᠂ | ᠬᠠᠩᠭᠠᠨ ᠪᠤᠷᠤᠯᠠᠭᠤᠯᠭ᠎ᠠ᠂ ᠬᠠᠮ ᠵᠠᠭᠤᠴᠢᠯᠠᠭᠤᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠢ ᠪᠦᠷ | ᠰᠢᠨ᠎ᠡ ᠠᠮᠵᠢᠯᠳᠠ ᠬᠤᠷᠢᠶᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ | ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠲᠥᠯᠥᠭᠡᠯᠡᠭᠴᠢᠳ ᠠ᠋᠂ ᠮᠠᠨ ᠤ ᠨᠢᠭᠡ ᠵᠢᠯ ᠤᠨ ᠲᠤᠷᠰᠢ ᠤᠯᠤᠭᠰᠠᠨ ᠠᠮᠵᠢᠯᠲᠠ ᠪᠦᠳᠦᠮᠵᠢ ᠨᠢ ᠳᠡᠭᠡᠳᠦ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠠᠴᠠ ᠰᠠᠯᠵᠤ ᠴᠢᠳᠠᠰᠢ ᠦᠭᠡᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠠᠴᠠ ᠰᠠᠯᠵᠤ | ᠴᠢᠳᠠᠰᠢ ᠦᠭᠡᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ | ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠬᠠᠪᠰᠤᠷᠤᠯ ᠲᠡᠮᠵᠢᠯᠭᠡ ᠠᠴᠠ ᠰᠠᠯᠵᠤ ᠴᠢᠳᠠᠰᠢ ᠦᠭᠡᠢ᠂ ᠪᠥᠬᠦ | ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠵᠢᠳᠬᠦᠯ ᠴᠢᠷᠮᠠᠶᠢᠯᠭ᠎ᠠ ᠠᠴᠠ ᠰᠠᠯᠵᠤ ᠴᠢᠳᠠᠰᠢ ᠦᠭᠡᠢ | ᠶᠤᠮ᠃ ᠠᠳᠡ ᠪᠢ ᠬᠤᠰᠢᠭᠤ ᠵᠠᠰᠠᠭ ᠤᠨ ᠣᠷᠳᠣᠨ ᠤ ᠡᠮᠦᠨ᠎ᠡ ᠠᠴᠠ ᠠᠷᠠᠳ ᠤᠨ ᠲᠥᠯᠥᠭᠡᠯᠡᠭᠴᠢᠳ᠂ ᠤᠯᠤᠰ | ᠲᠦᠷᠦ ᠶᠢᠨ ᠵᠦᠪᠯᠡᠯᠭᠡᠨ ᠤ ᠭᠡᠰᠢᠭᠦᠳ ᠂ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠪᠠ | ᠨᠡᠶᠢᠭᠡᠮ ᠤᠨ ᠡᠯ᠎ᠡ ᠡᠳᠡᠭᠡᠳ ᠤᠨ ᠬᠦᠮᠦᠰ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ | ᠬᠦᠭᠵᠢᠯᠳᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠠᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠪᠠ | ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠭᠦᠯᠦᠶ᠎ᠡ︕ | ᠠᠮᠵᠢᠯᠲᠠ ᠪᠦᠳᠦᠮᠵᠢ ᠪᠠᠨ ᠡᠷᠬᠢᠴᠡᠬᠦᠯᠦᠨ ᠳ᠋ᠦᠩᠨᠡᠬᠦ ᠶᠢᠨ ᠬᠠᠮᠲᠤ ᠠᠰᠠᠭᠤᠳᠠᠯ ᠲᠤᠳᠠᠭᠳᠠᠯ ᠢᠶᠠᠨ ᠴᠤ ᠤᠯᠵᠤ | ᠲᠠᠨᠢᠬᠤ ᠭᠡᠷᠡᠭᠳᠡᠢ᠄ ᠮᠠᠨ ᠤ ᠬᠤᠰᠢᠭᠤᠨ ᠤ ᠠᠵᠤ ᠠᠬᠤᠢ ᠶᠢᠨ ᠬᠡᠪᠴᠢᠶ᠎ᠡ ᠪᠠᠭ᠎ᠠ᠂ ᠴᠢᠬᠤᠯᠠ ᠶᠡᠭᠡ ᠲᠥᠷᠥᠯ | ᠵᠦᠢᠯ ᠤᠨ ᠵᠠᠯᠭᠠᠯᠳᠠ ᠬᠦᠷᠦᠯᠴᠡᠬᠦ ᠦᠭᠡᠢ᠂ ᠣᠲᠣ ᠦᠶ᠎ᠡ ᠶᠢᠨ ᠠᠵᠤ ᠦᠢᠯᠡᠰ ᠰᠠᠶ᠋ᠢ ᠡᠬᠢᠯᠡᠯᠲᠡ ᠶᠢᠨ | ᠱᠠᠲᠤᠨ ᠳᠠᠭᠠᠨ ᠪᠠᠶᠢᠭ᠎ᠠ ᠂ ᠬᠤᠲᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ᠂ ᠰᠠᠭᠤᠷᠢ ᠲᠦᠬᠦᠭᠡᠷᠦᠮᠵᠢ | ᠶᠢᠨ ᠪᠦᠳᠦᠬᠡᠨ ᠪᠠᠶᠢᠭᠤᠯᠤᠯᠲᠠ ᠬᠦᠷᠦᠯᠴᠡᠬᠦ ᠦᠬᠡᠢ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ | ᠠᠰᠠᠷᠠᠮᠵᠢ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠵᠡᠷᠭᠡ ᠠᠷᠠᠳ ᠤᠨ | ᠠᠮᠢᠳᠤᠷᠠᠯ ᠤᠨ ᠦᠢᠯᠡᠰ ᠨᠢ ᠣᠯᠠᠨ ᠲᠦᠮᠡᠨ ᠤ ᠬᠦᠰᠡᠯ ᠡᠷᠡᠮᠡᠯᠵᠡᠯ ᠯᠦᠭᠡ ᠵᠥᠷᠢᠶ᠎ᠡ ᠲᠠᠢ ᠪᠠᠶᠢᠭᠰᠠᠭᠠᠷ ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠣᠰᠢ ᠦᠭᠡᠢ ᠪᠠᠶᠢᠵᠤ᠂ | ᠡᠳ᠋ ᠮᠥᠩᠭᠦᠨ ᠤ ᠢᠷᠡᠯᠲᠡ ᠶᠢᠨ ᠨᠦᠬᠡᠴᠡ ᠬᠦᠴᠦᠨ ᠬᠦᠷᠦᠯᠴᠡᠬᠦ ᠦᠭᠡᠢ᠂ ᠥᠷᠢ ᠥᠭᠴᠡᠭᠡ ᠶᠢ ᠠᠷᠢᠯᠭᠠᠬᠤ | ᠳᠠᠷᠤᠯᠲᠠ ᠮᠠᠰᠢ ᠶᠡᠭᠡ᠂ ᠵᠠᠶᠢᠯᠠᠰᠢ ᠦᠭᠡᠢ ᠵᠠᠷᠤᠯᠭ᠎ᠠ ᠵᠢᠯ ᠳᠠᠷᠠᠭᠠᠯᠠᠨ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠤᠯᠠᠮ ᠠᠴᠠ ᠤᠯᠠᠮ ᠲᠣᠪᠣᠶᠢᠮ᠎ᠠ ᠪᠣᠯᠵᠤ ᠪᠠᠶᠢᠭ᠎ᠠ ᠂ ᠤᠷᠤᠨ ᠲᠣᠭᠤᠷᠢᠭ ᠤᠨ ᠬᠡᠷᠡᠭᠯᠡᠬᠦ | ᠭᠠᠵᠠᠷ ᠬᠦᠷᠦᠯᠴᠡᠬᠦ ᠦᠭᠡᠢ ᠂ ᠡᠯ᠎ᠡ ᠲᠥᠷᠥᠯ ᠤᠨ ᠭᠠᠵᠠᠷ ᠰᠢᠷᠣᠢ ᠰᠤᠯᠠ ᠲᠠᠯᠪᠢᠭᠳᠠᠬᠤ᠂ ᠭᠠᠵᠠᠷ ᠰᠢᠷᠤᠢ ᠶᠢ | ᠬᠠᠤᠯᠢ ᠪᠤᠰᠤ ᠪᠠᠷ ᠡᠵᠡᠯᠡᠬᠦ ᠪᠠ ᠦᠷ᠎ᠡ ᠠᠰᠢᠭ ᠦᠬᠡᠢ ᠪᠠᠷ ᠭᠡᠷᠡᠭᠯᠡᠬᠦ ᠠᠰᠠᠭᠤᠳᠠᠯ ᠲᠣᠪᠣᠶᠢᠮ᠎ᠠ ᠪᠠᠶᠢᠭ᠎ᠠ᠃ ᠪᠢᠳᠡ | ᠡᠷᠭᠡᠪᠰᠢ ᠵᠥᠷᠢᠴᠡᠯ ᠳᠤ ᠰᠢᠭᠤᠳ ᠬᠠᠨᠳᠤᠵᠤ᠂ ᠠᠰᠠᠭᠤᠳᠠᠯ ᠳᠤ ᠵᠥᠪ ᠢᠶᠠᠷ ᠬᠠᠨᠳᠤᠨ᠂ ᠡᠷᠴᠢᠮ ᠲᠠᠢ ᠠᠷᠭ᠎ᠠ | ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠬᠦ ᠭᠡᠷᠡᠭᠳᠡᠢ᠂ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ | ᠨᠠᠶᠢᠳᠠᠯᠭ᠎ᠠ ᠶᠢ ᠶᠠᠭᠠᠬᠢᠭᠰᠠᠨ ᠴᠤ ᠬᠦᠰᠡᠷᠳᠡᠬᠦᠯᠵᠦ ᠪᠤᠯᠬᠤ ᠦᠬᠡᠢ ︕ | ᠬᠤᠶᠠᠷ᠂ 2024 ᠣᠨ ᠤ ᠠᠵᠢᠯ ᠤᠨ ᠪᠠᠶᠢᠷᠢᠯᠠᠭᠤᠯᠤᠯᠳᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ | ᠵᠢᠯ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ | ᠵᠠᠩᠭᠢᠯᠠᠭ᠎ᠠ ᠶᠢᠨ ᠨᠢᠭᠡ ᠵᠢᠯ ᠪᠠᠶᠢᠵᠤ᠂ ᠪᠦᠬᠦ ᠵᠢᠯ ᠤᠨ ᠡᠯ᠎ᠡ ᠲᠦᠷᠦᠯ ᠤᠨ ᠠᠵᠢᠯ ᠢ ᠰᠠᠶᠢᠨ ᠬᠢᠬᠦ ᠨᠢ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ | ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2023 ᠣᠨ ᠤ ᠳᠥᠷᠪᠡᠳᠦᠭᠡᠷ ᠪᠦᠬᠦᠳᠡ ︵ | ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ᠂ ᠬᠤᠰᠢᠭᠤ ᠨᠠᠮ ᠤᠨ | ᠬᠤᠷᠢᠶᠠᠨ ᠤ ᠨᠠᠢᠮᠠᠳᠤᠭᠠᠷ ᠪᠦᠬᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ︽ᠰᠢᠨ᠎ᠡ ᠵᠠᠮ ᠨᠡᠭᠡᠭᠡᠵᠦ᠂ ᠲᠤᠮᠳᠠ ᠲᠦᠪᠰᠢᠨ ᠳᠤ ᠬᠦᠷᠬᠦ︾ | ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠬᠦ | ᠲᠠᠯ᠎ᠠ ᠪᠠᠷ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠡᠯ᠎ᠡ ᠲᠦᠷᠦᠯ ᠤᠨ ᠠᠵᠢᠯ ᠤᠨ ᠭᠤᠣᠯ ᠱᠤᠭᠤᠮ ᠪᠣᠯᠭᠠᠵᠤ᠂ ︽ᠵᠢᠷᠭᠤᠭᠠᠨ ᠢᠨᠵᠧᠨᠧᠷᠢᠩ︾ ᠢ | ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠤᠯᠭᠠᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ | ᠲᠥᠪᠯᠡᠷᠡᠭᠦᠯᠵᠦ ᠪᠠᠶᠢᠭᠠᠳ ︽ᠬᠤᠶᠠᠷ ᠶᠡᠭᠡ ᠶᠠᠪᠤᠳᠠᠯ︾ ᠢ ᠰᠠᠶᠢᠨ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠣᠭᠲᠠᠭᠤᠨ ᠢ ᠪᠠᠲᠤᠯᠠᠬᠤ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠡᠯ᠎ᠡ ᠲᠦᠷᠦᠯ ᠤᠨ ᠠᠵᠢᠯ ᠦᠢᠯᠡᠰ ᠤᠨ ᠤᠷᠤᠭᠰᠢ ᠳᠡᠪᠰᠢᠬᠦ ᠶᠢ ᠠᠬᠢᠭᠤᠯᠤᠨ᠂ ᠳᠤᠮᠳᠠᠳᠤ | ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ | ᠲᠠᠶᠢᠪᠤᠰᠧ ᠬᠤᠰᠢᠭᠤᠨ ᠤ ᠬᠦᠴᠦᠨ ᠴᠢᠳᠠᠯ ᠢᠶᠠᠨ ᠨᠡᠮᠡᠷᠢᠯᠡᠨ᠎ᠡ᠃ | ᠭᠤᠣᠯ ᠪᠤᠯᠬᠤ ᠤᠷᠢᠳᠴᠢᠯᠠᠭᠰᠠᠨ ᠬᠠᠷᠠᠯᠲᠠ ᠪᠣᠯ᠄ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 67.3 ᠳ᠋ᠦᠩᠰᠢᠭᠤᠷ ᠲᠥᠭᠦᠷᠢᠭ ᠲᠤ ᠬᠦᠷᠭᠡᠵᠦ 6% ᠪᠠᠷ ᠨᠡᠮᠡᠭᠳᠡᠬᠦᠯᠦᠨ᠂ ᠲᠣᠭᠲᠠᠮᠠᠯ | ᠬᠦᠷᠦᠩᠬᠡ ᠶᠢᠨ ᠪᠡᠯᠡ ᠣᠷᠣᠭᠤᠯᠤᠯᠲᠠ ᠶᠢ 19.6 ᠳ᠋ᠦᠩᠰᠢᠭᠤᠷ ᠲᠥᠭᠦᠷᠢᠭ ᠲᠤ ᠬᠦᠷᠭᠡᠵᠦ 15% ᠪᠠᠷ | ᠨᠡᠮᠡᠭᠳᠡᠬᠦᠯᠦᠨ᠂ ᠡᠩ ᠤᠨ ᠨᠡᠶᠢᠲᠡ ᠶᠢᠨ ᠲᠥᠰᠥᠪ ᠤᠨ ᠣᠷᠣᠯᠭ᠎ᠠ ᠶᠢ 3.5 ᠳ᠋ᠦᠩᠰᠢᠭᠤᠷ ᠲᠥᠭᠦᠷᠢᠭ ᠲᠤ | ᠬᠦᠷᠭᠡᠵᠦ ᠨᠢᠳᠤᠨᠤᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 9.86 ᠳ᠋ᠦᠩᠰᠢᠭᠤᠷ ᠲᠥᠭᠦᠷᠢᠭ ᠲᠤ ᠬᠦᠷᠭᠡᠵᠦ 5 % ᠪᠠᠷ | ᠨᠡᠮᠡᠭᠳᠡᠬᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ | ᠦᠨᠳᠦᠰᠦᠨ ᠳᠡᠭᠡᠨ ᠵᠡᠷᠭᠡᠳᠡ ᠪᠠᠶᠢᠯᠭᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠤᠭᠤᠷᠢᠨ ᠳᠤ ᠳᠣᠣᠷᠠᠬᠢ ᠨᠠᠢᠮᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠨ ᠠᠳᠬᠤᠬᠤ ᠭᠡᠷᠡᠭᠳᠡᠢ᠄ | ︵ᠨᠢᠭᠡ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠳᠦᠷᠰᠦ ᠪᠠᠶᠢᠳᠠᠯ ᠢ ᠢᠯᠡᠷᠡᠬᠦᠯᠦᠨ᠎ᠡ᠃ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ | ᠪᠣᠯᠭᠠᠬᠤ︾ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠬᠢᠵᠠᠭᠠᠷᠯᠠᠵᠤ᠂ ᠠᠮᠤ | ᠪᠤᠳᠠᠭ᠎ᠠ ᠳᠠᠷᠢᠬᠤ ᠲᠠᠯᠠᠪᠠᠶ ᠶᠢ 98 ᠲᠦᠮᠡᠨ ᠮᠦ ᠠᠴᠠ ᠳᠡᠭᠡᠭᠰᠢ ᠪᠠᠶᠢᠯᠭᠠᠨ᠂ ᠤᠨᠠᠯᠲᠠ ᠶᠢ 33 ᠲᠦᠮᠡᠨ ᠲᠣᠨ | ᠣᠷᠴᠢᠮ ᠳᠤ ᠲᠤᠭᠳᠠᠪᠤᠷᠢᠵᠢᠭᠤᠯᠤᠨ᠎ᠠ᠃ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠪᠠ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠲᠦᠬᠦᠭᠡᠷᠦᠮᠵᠢᠳᠦ ᠲᠠᠷᠢᠶᠠᠯᠠᠩ ᠤᠨ ᠲᠠᠯᠠᠪᠠᠢ 200 ᠮᠤ᠋᠂ ᠡᠬᠡᠯᠵᠢᠯᠡᠨ ᠲᠠᠷᠢᠬᠤ ᠲᠠᠷᠢᠶᠠᠨ ᠭᠠᠵᠠᠷ 10 ᠲᠦᠮᠡᠨ ᠮᠤ᠋ | ᠶᠢ ᠰᠢᠨ᠎ᠡ ᠪᠠᠷ ᠨᠡᠮᠡᠭᠳᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 13.5 ᠲᠦᠮᠡᠨ ᠮᠤ᠋ ᠶᠢ ᠪᠠᠶᠢᠭᠤᠯᠵᠤ᠂ | ᠤᠯᠤᠰ᠂ ᠣᠷᠣᠨ ᠤ ᠤᠰᠤ ᠠᠷᠪᠢᠯᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠲᠠᠷᠢᠶᠠᠯᠠᠩ ᠤᠨ | ᠤᠰᠤᠨ ᠤ ᠰᠦᠢᠳᠬᠡᠯ ᠬᠤᠷᠢᠶᠠᠬᠤ ᠠᠵᠢᠯ ᠢ ᠡᠬᠢᠯᠡᠬᠦᠯᠦᠨ᠎ᠡ᠃ ᠪᠤᠤᠴᠠᠩ ᠪᠠᠯᠭᠠᠰᠤᠨ ᠤ ᠢᠳᠡᠰᠢᠨ ᠨᠣᠭᠤᠭ᠎ᠠ | ᠬᠠᠳᠠᠭᠠᠯᠠᠬᠤ ᠰᠠᠭᠤᠷᠢᠨ ᠭᠠᠵᠠᠷ ᠤᠨ ᠠᠭᠠᠷ ᠲᠣᠬᠢᠷᠠᠭᠤᠯᠬᠤ ᠬᠥᠮᠥᠷᠭᠡ᠂ ᠵᠦᠩ ᠬᠤᠸᠠ MAP ᠣᠲᠣ | ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠲᠣᠭᠤᠷᠢᠭ ᠢ ᠡᠷᠡᠮᠡᠯᠵᠡᠯᠡᠨ ᠮᠡᠳᠡᠬᠦᠯᠦᠨ᠎ᠡ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠦᠷ᠎ᠡ | ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠲᠦᠬᠦᠭᠡᠷᠦᠮᠵᠢᠳᠦ ᠮᠠᠯ ᠠᠵᠤ ᠠᠬᠤᠢ ᠪᠠ ᠮᠢᠬᠠᠨ ᠤ ᠦᠬᠡᠷ | ᠬᠠᠰᠢᠶᠠᠯᠠᠨ ᠲᠡᠵᠢᠬᠡᠬᠦ ᠶᠢ ᠶᠡᠬᠡᠪᠡᠷ ᠬᠥᠭᠵᠢᠭᠦᠯᠵᠦ᠂ 4 ᠲᠦᠮᠡᠨ ᠬᠠᠪᠳᠠᠭᠠᠢ ᠳᠥᠷᠪᠡᠯᠵᠢᠨ ᠮᠧᠲᠷ ᠬᠠᠰᠢᠶ᠎ᠠ | ᠰᠠᠷᠠᠪᠴᠢ᠂ 2.3 ᠲᠦᠮᠡᠨ ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠰᠠᠷᠠᠪᠴᠢ᠂ 2.8 ᠲᠦᠮᠡᠨ | ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ | ᠰᠠᠶᠢᠵᠢᠷᠠᠭᠤᠯᠤᠨ᠎ᠠ᠃ ︽ᠪᠡᠯᠴᠢᠭᠡᠷᠯᠡᠭᠦᠯᠬᠦ + ᠪᠣᠷᠳᠤᠭ᠎ᠠ ᠨᠥᠬᠦᠪᠦᠷᠢᠯᠡᠬᠦ︾ ︽ᠪᠥᠬᠦ ᠵᠢᠯ ᠢᠶᠠᠷ | ᠪᠡᠯᠴᠢᠭᠡᠷᠯᠡᠭᠦᠯᠬᠦ ᠶᠢ ᠴᠠᠭᠠᠵᠠᠯᠠᠬᠤ + ᠬᠠᠰᠢᠶᠠᠯᠠᠨ ᠮᠠᠯᠵᠢᠵᠤ ᠪᠤᠷᠳᠤᠨ ᠲᠡᠵᠢᠬᠡᠬᠦ︾ ᠵᠠᠭᠪᠤᠷ ᠢ ᠬᠡᠷᠡᠭᠵᠢᠭᠦᠯᠵᠦ᠂ | 25 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠵᠤ᠂ ᠠᠮᠤ ᠪᠤᠳᠠᠭ᠎ᠠ ᠶᠢ ᠲᠡᠵᠢᠬᠡᠯ ᠪᠣᠷᠳᠤᠭ᠎ᠠ ᠪᠣᠯᠭᠠᠨ | ᠥᠭᠡᠷᠡᠴᠢᠯᠡᠬᠦ 6 ᠲᠦᠮᠡᠨ ᠮᠦ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ 2.5 ᠲᠦᠮᠡᠨ ᠲᠤᠯᠤᠭᠠᠢ | ᠮᠢᠬᠠᠨ ᠤ ᠦᠬᠡᠷ ᠢ ᠬᠠᠰᠢᠶᠠᠯᠠᠨ ᠲᠡᠵᠢᠭᠡᠵᠦ᠂ 1 ᠲᠦᠮᠡᠨ ᠲᠤᠯᠤᠭᠠᠢ ᠮᠢᠬᠠᠨ ᠤ ᠦᠬᠡᠷ ᠢ ᠪᠤᠷᠳᠤᠨ | ᠲᠠᠷᠭᠤᠯᠠᠭᠤᠯᠵᠤ ᠵᠠᠷᠤᠴᠠᠭᠤᠯᠤᠨ᠎ᠠ᠃ ᠲᠡᠵᠢᠭᠡᠨ ᠦᠷᠡᠵᠢᠭᠦᠯᠬᠦ ᠭᠤᠣᠯ ᠴᠣᠭᠴᠠ ᠶᠢ ᠪᠣᠶᠢᠵᠢᠭᠤᠯᠬᠤ ᠡᠷᠴᠢᠮ ᠢ | ᠴᠢᠩᠭᠠᠷᠠᠭᠤᠯᠤᠨ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠮᠠᠯᠵᠢᠯ ᠤᠨ ᠲᠣᠭᠤᠷᠢᠭ 6 ᠶᠢ | ᠪᠠᠶᠢᠭᠤᠯᠵᠤ᠂ ᠲᠤᠰᠬᠠᠢ ᠬᠤᠷᠰᠢᠶᠠᠵᠢᠯ 5᠂ ᠭᠡᠷ ᠪᠦᠯᠢ ᠶᠢᠨ ᠮᠠᠯᠵᠢᠯ ᠤᠨ ᠲᠠᠯᠠᠪᠠᠶ 30 ᠶᠢ ᠪᠠᠶᠢᠭᠤᠯᠤᠨ᠎ᠠ᠃ ︽ | ᠨᠠᠷᠠᠲᠤ ᠲᠡᠮᠳᠡᠭ ᠢ ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ | ᠡᠵᠡᠩᠨᠡᠯᠲᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ᠂ ᠨᠠᠷᠠᠲᠤ ᠲᠡᠮᠳᠡᠭ ᠤᠨ | ᠪᠠᠷᠢᠮᠵᠢᠶᠠᠵᠢᠭᠰᠠᠨ ᠪᠠᠶᠢᠭᠤᠯᠤᠯᠲᠠ ᠵᠡᠷᠭᠡ ᠭᠤᠭᠴᠤᠭ᠎ᠠ ᠶᠢ ᠦᠷᠭᠦᠯᠵᠢᠯᠡᠨ ᠲᠦᠷᠢᠮᠵᠢᠬᠦᠯᠵᠦ᠂ 4 ᠪᠦᠳᠦᠭᠡᠭᠳᠡᠬᠦᠨ ᠢ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠡᠷᠡᠴᠢᠯᠡᠬᠦᠯᠦᠨ᠂ 1 | ᠪᠦᠳᠦᠭᠡᠭᠳᠡᠬᠦᠨ ᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ | ᠢᠶᠠᠷ ᠡᠷᠡᠮᠡᠯᠵᠡᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯᠠᠪᠠᠷ ᠠᠬᠢᠭᠤᠯᠤᠨ᠎ᠠ᠃ | ᠬᠡᠪᠴᠢᠶᠡᠵᠢᠯ ᠤᠨ ᠴᠢᠨᠠᠷᠲᠠᠢ ᠪᠠᠷ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠣᠷᠣᠯᠭ᠎ᠠ ᠪᠠᠭᠠᠲᠠᠢ | ᠬᠥᠮᠥᠨ ᠠᠮᠠ ᠪᠠ ︽ᠠᠷᠪᠠᠨ ᠲᠥᠷᠥᠯ︾ ᠤᠨ ᠭᠤᠣᠯᠳᠠᠯᠭ᠎ᠠ ᠲᠠᠢ ᠬᠥᠮᠥᠰ ᠢ ᠰᠠᠶᠢᠳᠤᠷ ᠠᠩᠬᠠᠷᠤᠨ᠂ ︽ | ᠭᠤᠷᠪᠠ ᠶᠢ ᠪᠠᠲᠤᠯᠠᠬᠤ︾ ᠵᠢᠴᠢ ᠤᠰᠤ ᠤᠮᠳᠠ ᠶᠢᠨ ᠠᠮᠤᠷ ᠲᠦᠪᠰᠢᠨ ᠢ ᠭᠤᠣᠯᠳᠠᠯᠭ᠎ᠠ ᠲᠠᠢ ᠠᠩᠬᠠᠷᠴᠤ᠂ ᠬᠢᠨᠠᠨ | ᠬᠡᠮᠵᠢᠵᠦ ᠬᠠᠪᠰᠤᠷᠤᠨ ᠲᠡᠳᠬᠦᠬᠦ ᠪᠠ ᠣᠷᠣᠯᠭ᠎ᠠ ᠨᠡᠮᠡᠭᠳᠡᠭᠦᠯᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠂ | ᠡᠷᠲᠡ ᠠᠴᠠ ᠢᠯᠡᠷᠡᠭᠦᠯᠵᠦ᠂ ᠡᠷᠲᠡ ᠠᠴᠠ ᠲᠡᠳᠬᠦᠬᠦ ᠶᠢ ᠪᠡᠶᠡᠯᠡᠭᠦᠯᠦᠨ᠎ᠡ᠃ ︽ᠮᠢᠩᠭᠠᠨ ᠲᠦᠮᠡ ᠶᠢᠨ | ᠢᠨᠵᠧᠨᠧᠷᠢᠩ︾ ᠤᠨ ᠲᠤᠷᠰᠢᠯᠭ᠎ᠠ ᠶᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠵᠤ᠂ ᠤᠯᠤᠰ ᠤᠨ ᠲᠠᠰ ᠤᠨ ᠬᠥᠳᠡᠭᠡ ᠲᠣᠰᠬᠤᠨ ᠤ | ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ 1᠂ ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ 3 ᠶᠢ ᠪᠠᠶᠢᠭᠤᠯᠤᠨ᠂ ᠤᠯᠤᠰ ᠤᠨ ᠲᠠᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠪᠠᠷ ᠦᠷᠭᠦᠯᠵᠢᠯᠡᠨ ᠴᠢᠷᠮᠠᠶᠢᠨ᠎ᠠ᠃ | ᠬᠦᠷᠢᠶ᠎ᠡ ᠬᠠᠰᠢᠶᠠᠨ ᠤ ᠣᠨᠴᠠᠯᠢᠭᠲᠤ ᠳᠠᠷᠢᠵᠤ ᠮᠠᠯᠵᠢᠬᠤ ᠦᠢᠯᠡᠰ᠂ ᠰᠡᠯᠡᠭᠦᠴᠡᠯ ᠵᠢᠭᠤᠯᠴᠢᠯᠠᠯ ᠤᠨ ᠦᠢᠯᠡᠰ ᠵᠡᠷᠭᠡ | ᠶᠢ ᠶᠡᠬᠡᠪᠡᠷ ᠬᠦᠭᠵᠢᠬᠦᠯᠦᠨ᠂ ︽ᠭᠡᠷ ᠪᠦᠯᠢ︾ ᠪᠠ ︽ᠬᠦᠷᠢᠶ᠎ᠡ ᠬᠠᠰᠢᠶ᠎ᠠ︾ ᠶᠢᠨ ᠲᠣᠭᠤᠷᠢᠨ ᠳᠤ ᠠᠷᠭ᠎ᠠ ᠤᠬᠠᠭᠠᠨ | ᠭᠠᠷᠭᠠᠵᠤ᠂ ᠵᠢᠱᠢᠶ᠎ᠡ ᠦᠵᠡᠭᠦᠯᠬᠦ ᠲᠣᠰᠬᠤᠨ 2᠂ ᠵᠢᠱᠢᠶ᠎ᠡ ᠦᠵᠡᠭᠦᠯᠬᠦ ᠡᠷᠦᠬᠡ 95 ᠶᠢ ᠪᠠᠶᠢᠭᠤᠯᠤᠨ᠂ ︽ | ᠢᠮᠠᠬᠤ ᠶᠢᠨ ᠲᠡᠳᠦᠢ ᠭᠠᠵᠠᠷ︾ ᠢ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ︽ᠡᠷᠳᠡᠨᠢ ᠶᠢᠨ ᠰᠠᠪᠠ︾ ᠪᠣᠯᠭᠠᠨ | ᠪᠠᠶᠢᠭᠤᠯᠬᠤ ᠪᠠᠷ ᠴᠢᠷᠮᠠᠶᠢᠨ᠎ᠠ᠃ ᠬᠤᠪᠢ ᠬᠤᠷᠠᠮᠳᠤᠭᠤᠯᠬᠤ ᠳᠦᠷᠢᠮ᠂ ᠨᠠᠷᠢᠨ ᠲᠠᠩᠰᠠ ᠶᠢᠨ ᠳᠦᠷᠢᠮ ᠤᠨ ᠵᠠᠰᠠᠯᠳᠠ | ᠶᠢᠨ ᠵᠠᠭᠪᠤᠷ ᠢ ᠪᠥᠬᠦ ᠲᠠᠯ᠎ᠠ ᠪᠠᠷ ᠲᠡᠯᠬᠡᠷᠡᠬᠦᠯᠦᠨ᠂ ᠪᠣᠯᠪᠠᠰᠤᠨ ᠲᠣᠰᠬᠤᠨ ᠪᠠᠯᠭᠠᠰᠤ᠂ ᠣᠳᠣᠨ ᠲᠠᠰ ᠤᠨ ᠪᠣᠯᠪᠠᠰᠤᠨ | ᠡᠷᠦᠬᠡ᠂ ᠲᠠᠪᠤᠨ ᠰᠠᠶᠢᠨᠲᠠᠢ ᠭᠡᠷ ᠪᠦᠯᠢ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠵᠦ᠂ ᠬᠥᠳᠡᠭᠡ | ᠲᠣᠰᠬᠤᠨ ᠤ ᠵᠠᠰᠠᠯᠲᠠ ᠶᠢ ᠴᠢᠩᠭᠠᠳᠬᠠᠨ᠂ ᠵᠠᠩ ᠳᠠᠳᠬᠠᠯ ᠤᠨ ᠦᠬᠡᠷᠡᠴᠢᠯᠡᠯᠳᠡ ᠶᠢ ᠠᠬᠢᠭᠤᠯᠵᠤ᠂ ᠪᠣᠯᠪᠠᠰᠤᠨ | ᠰᠢᠨ᠎ᠡ ᠰᠤᠷᠲᠠᠯ ᠢ ᠪᠣᠶ ᠪᠤᠯᠭᠠᠨ᠂ ᠲᠠᠷᠢᠶᠠᠯᠠᠩ ᠮᠠᠯ ᠠᠵᠤ ᠠᠬᠤᠢ ᠶᠢ ᠨᠠᠩ ᠬᠦᠴᠦᠷᠬᠡᠭ᠂ ᠲᠠᠷᠢᠶᠠᠯᠠᠬᠤ ᠮᠠᠯᠵᠢᠬᠤ | ᠣᠷᠣᠨ ᠢ ᠨᠠᠩ ᠦᠵᠡᠰᠬᠦᠯᠡᠩ᠂ ᠲᠠᠷᠢᠶᠠᠴᠢᠨ ᠮᠠᠯᠴᠢᠨ ᠢ ᠨᠠᠩ ᠪᠠᠶᠠᠨ ᠴᠢᠨᠡᠭᠡᠯᠢᠭ ᠪᠣᠯᠭᠠᠬᠤ ᠪᠠᠷ ᠴᠢᠷᠮᠠᠶᠢᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠤᠨ᠎ᠠ᠃ | ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠲᠥᠷᠥᠯ ᠵᠦᠢᠯ ᠤᠨ ᠭᠤᠤᠯ ᠬᠦᠴᠦᠨ | ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ᠂ | ᠦᠢᠯᠡᠳᠪᠦᠷᠢ ᠶᠢᠨ ᠭᠡᠷ ᠪᠠᠶᠢᠰᠢᠩ ᠤᠨ ᠬᠡᠷᠡᠭᠴᠡᠭᠡ ᠶᠢ ᠪᠠᠳᠤᠯᠠᠨ᠂ ︽ᠭᠡᠷ᠎ᠡ ᠲᠣᠭᠲᠠᠪᠠᠯ ᠠᠵᠢᠯ ᠡᠬᠢᠯᠡᠭᠦᠯᠬᠦ︾ ᠪᠠᠷ | ᠴᠢᠷᠮᠠᠶᠢᠨ᠎ᠡ᠃ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ | ᠠᠬᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ 65 ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠶᠢ | ᠴᠢᠩᠭ᠎ᠠ ᠮᠦᠷᠳᠡᠭᠡᠨ ᠪᠤᠳᠠᠳᠠᠢ ᠠᠳᠬᠤᠵᠤ᠂ ᠴᠢᠬᠤᠯᠠ ᠶᠡᠭᠡ ᠲᠥᠷᠥᠯ ᠵᠦᠢᠯ ᠤᠨ ᠡᠷᠲᠡ ᠠᠵᠢᠯ ᠡᠬᠢᠯᠡᠬᠦ᠂ ᠡᠷᠲᠡ | ᠠᠰᠢᠭ ᠬᠦᠷᠳᠡᠬᠦ ᠶᠢ ᠪᠥᠬᠦ ᠬᠦᠴᠦᠨ ᠢᠶᠠᠷ ᠠᠬᠢᠭᠤᠯᠤᠨ᠂ ᠹᠦ᠋ ᠱᠢ ᠰᠢᠯᠤᠨ ᠰᠢᠷᠬᠡᠭ ᠤᠨ ᠠᠵᠤ ᠦᠢᠯᠡᠰ ᠤᠨ | ᠬᠦᠷᠢᠶᠡᠯᠡᠩ ᠢ ᠠᠰᠢᠭᠯᠠᠯᠲᠠ ᠳᠤ ᠤᠷᠤᠭᠤᠯᠵᠤ᠂ ᠨᠢᠭᠡᠨᠲᠡ ᠭᠡᠷ᠎ᠡ ᠲᠣᠭᠲᠠᠭᠰᠠᠨ 6 ᠥᠨᠳᠥᠷ ᠴᠢᠳᠠᠮᠵᠢᠲᠤ ᠰᠢᠯᠦᠨ | ᠰᠢᠷᠬᠡᠭ ᠤᠨ ᠬᠠᠮᠢᠶᠠᠳᠠᠢ ᠠᠬᠤᠶᠢᠯᠠᠯ ᠢ ᠬᠦᠷᠢᠶᠡᠯᠡᠩ ᠳᠤ ᠣᠷᠣᠭᠤᠯᠤᠨ᠎ᠠ᠃ ᠠᠵᠤ ᠦᠢᠯᠡᠰ ᠤᠨ ᠰᠢᠯᠵᠢᠯᠲᠡ ᠶᠢᠨ | ᠠᠵᠠ ᠲᠣᠬᠢᠶᠠᠯ ᠢ ᠡᠵᠡᠮᠳᠡᠵᠦ᠂ ︽ᠬᠡᠯᠬᠢᠶ᠎ᠡ ᠶᠢ ᠪᠠᠶᠢᠭᠤᠯᠵᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ︾ ᠠᠵᠢᠯᠯᠠᠭ᠎ᠠ ᠶᠢ ᠭᠦᠨᠵᠡᠭᠡᠢ ᠭᠡᠷᠡᠭᠵᠢᠬᠦᠯᠦᠨ᠂ ᠰᠢᠨ᠎ᠡ ᠮᠠᠲ᠋ᠧᠷᠢᠶᠠᠯ᠂ | ᠰᠢᠨ᠎ᠡ ᠡᠨᠧᠷᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠪᠤᠬᠢᠷᠳᠤᠯ ᠦᠬᠡᠢ ᠴᠠᠬᠢᠯᠭᠠᠨ ᠤ ᠲᠦᠷᠦᠯ ᠵᠦᠢᠯ᠂ | ᠸᠧᠢ ᠪᠸᠢ ᠳ᠋ᠧ ᠬᠢᠮᠡᠯ ᠠᠯᠮᠠᠰ ᠦᠢᠯᠡᠳᠪᠦᠷᠢᠯᠡᠬᠦ ᠲᠦᠷᠦᠯ ᠵᠦᠢᠯ᠂ ᠵᠥᠩ ᠾᠧ ᠺᠣᠮᠫᠠᠨᠢ ᠶᠢᠨ ᠡᠶᠡᠷᠭᠦ ᠲᠤᠶᠢᠯ ᠤᠨ | ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠂ ᠺᠠᠢ ᠳ᠋ᠠ ᠲᠦᠮᠦᠰᠦ ᠡᠳ᠋ᠰᠢᠭᠦᠯᠬᠦ ᠲᠦᠷᠦᠯ ᠵᠦᠢᠯ᠂ ᠱᠧᠨ ᠨᠧᠩ | ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠂ ᠬᠤᠸᠠ ᠬᠤᠢ | ᠴᠠᠪᠠᠤ ᠭᠤᠮ ᠦᠢᠯᠡᠳᠪᠦᠷᠢᠯᠡᠬᠦ ᠲᠦᠷᠦᠯ ᠵᠦᠢᠯ᠂ ᠮᠧᠩ ᠴᠠᠩ ᠬᠠᠭᠠᠰ ᠡᠳ᠋ᠰᠢᠬᠦᠯᠦᠭᠰᠡᠨ ᠵᠠᠭᠤᠰᠢ ᠦᠢᠯᠡᠳᠬᠦ | ᠲᠦᠷᠦᠯ ᠵᠦᠢᠯ ᠵᠡᠷᠭᠡ ᠶᠢ ᠡᠨᠡ ᠵᠢᠯ ᠠᠵᠢᠯ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠸᠠᠨ ᠳ᠋ᠠ ᠯᠢᠶᠠᠨ ᠪᠠᠭᠤᠳᠠᠯ᠂ ᠸᠧᠢ ᠬᠤᠤ ᠪᠠᠭᠤᠳᠠᠯ᠂ ᠯᠢ ᠴᠧᠨ ᠰᠦ ᠰᠠᠭᠠᠯᠢ ᠶᠢᠨ ᠪᠦᠲᠦᠭᠡᠭᠳᠡᠬᠦᠨ ᠵᠢᠴᠢ | ᠢᠳᠡᠭᠡᠨ ᠤ ᠦᠢᠯᠡᠳᠪᠦᠷᠢᠯᠡᠯ ᠤᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠡᠬᠢᠯᠡᠬᠦᠯᠦᠨ᠎ᠡ᠃ | ᠪᠦᠬᠦ ᠬᠦᠴᠦᠨ ᠢᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠠᠵᠢᠯ ᠢ ᠦᠷᠭᠦᠯᠵᠢᠯᠡᠨ ︽ᠲᠡᠷᠢᠭᠦᠨ ᠴᠢᠬᠤᠯᠠ ᠢᠨᠵᠧᠨᠧᠷᠢᠩ︾ ᠪᠣᠯᠭᠠᠵᠤ᠂ ᠠᠶᠢᠮᠠᠭ ᠤᠨ | ᠲᠤᠭᠳᠠᠭᠠᠭᠰᠠᠨ ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠪᠣᠯᠣᠨ ᠮᠠᠨ ᠤ ᠬᠤᠰᠢᠭᠤᠨ ᠤ ᠪᠤᠬᠢᠷᠳᠤᠯ ᠦᠬᠡᠢ | ᠴᠠᠬᠢᠯᠭᠠᠨ ᠤ ᠳᠠᠪᠠᠭᠤᠯᠢᠭ᠂ ᠤᠷᠤᠨ ᠪᠠᠶᠢᠴᠠ ᠶᠢᠨ ᠳᠠᠪᠠᠭᠤᠯᠢᠭ ᠪᠣᠯᠣᠨ ᠣᠳᠣ ᠪᠠᠶᠢᠭ᠎ᠠ ᠠᠵᠤ ᠦᠢᠯᠡᠰ ᠤᠨ | ᠰᠠᠭᠤᠷᠢ ᠳᠠᠭᠠᠨ ᠲᠦᠰᠢᠭᠯᠡᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠤᠣᠯᠳᠠᠯᠭ᠎ᠠ ᠲᠠᠢ | ᠣᠷᠣᠨ ᠪᠦᠰᠡ ᠶᠢ ᠢᠯᠡᠬᠦᠦ ᠠᠩᠬᠠᠷᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠪᠣᠯᠪᠠᠰᠤᠷᠠᠭᠤᠯᠬᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠴᠠᠬᠢᠯᠭᠠᠨ ᠲᠠᠮᠵᠢᠭᠤᠯᠵᠤ | ᠬᠦᠴᠦᠳᠡᠯ ᠥᠭᠡᠷᠡᠴᠢᠯᠡᠬᠦ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ | ᠦᠢᠯᠡᠳᠬᠦ᠂ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠲᠡᠷᠢᠭᠦᠨ ᠤ ᠨᠡᠬᠦᠷᠡᠰᠦᠨ ᠤ | ᠮᠠᠲ᠋ᠧᠷᠢᠶᠠᠯ ᠤᠨ ᠬᠡᠯᠬᠢᠶᠡᠳᠦ ᠠᠵᠤ ᠦᠢᠯᠡᠰ᠂ ᠰᠣᠶᠣᠯ ᠵᠢᠭᠤᠯᠴᠢᠯᠠᠯ ᠡᠷᠡᠭᠦᠯ ᠬᠠᠮᠠᠭᠠᠯᠠᠯ ᠪᠠ ᠠᠷᠠᠯᠵᠢᠶ᠎ᠠ | ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠢᠴᠢ ᠪᠤᠰᠤᠳ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠲᠣᠭᠤᠷᠢᠨ ᠳᠤ᠂ ᠠᠷᠠᠯᠵᠢᠶᠠᠴᠢᠨ ᠤᠷᠢᠬᠤ ᠲᠥᠯᠥᠪᠯᠡᠭᠡ ᠪᠠᠨ ᠨᠠᠷᠢᠯᠢᠭᠵᠢᠭᠤᠯᠵᠤ | ᠂ ᠲᠤᠰᠬᠠᠢ ᠲᠦᠷᠦᠯ ᠤᠨ ᠠᠷᠠᠯᠵᠢᠶᠠᠴᠢᠨ ᠤᠷᠢᠬᠤ ᠠᠵᠢᠯ ᠤᠨ ᠲᠦᠰᠦᠪ ᠢ ᠲᠤᠭᠳᠠᠭᠠᠨ᠂ ᠰᠠᠯᠪᠤᠷᠢ ᠠᠩᠭᠢ ᠪᠠᠷ | ᠠᠷᠠᠯᠵᠢᠶᠠᠴᠢᠨ ᠤᠷᠢᠬᠤ᠂ ᠭᠠᠵᠠᠷ ᠨᠤᠳᠤᠭ ᠢᠶᠠᠷ ᠠᠷᠠᠯᠵᠢᠶᠠᠴᠢᠨ ᠤᠷᠢᠬᠤ᠂ ᠬᠤᠷᠠᠯ ᠴᠤᠭᠯᠠᠭᠠᠨ ᠢᠶᠠᠷ | ᠠᠷᠠᠯᠵᠢᠶᠠᠴᠢᠨ ᠤᠷᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠠᠳᠤᠭᠠᠷ ᠬᠤᠭᠤᠴᠠᠭᠠᠨ ᠤ ᠬᠡᠳᠦ ᠬᠠᠲᠠᠭᠤ | ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠵᠢᠴᠢ ᠲᠡᠷᠢᠭᠦᠨ ᠤ ᠨᠡᠬᠦᠷᠡᠰᠦᠨ ᠤ | ᠮᠠᠲ᠋ᠧᠷᠢᠶᠠᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠢ ᠡᠷᠬᠢᠯᠡᠨ᠂ ᠠᠵᠤ | ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ᠂ ᠬᠤᠭᠤᠰᠤᠨ ᠭᠠᠵᠠᠷ ᠲᠤ ᠬᠡᠯᠬᠢᠶ᠎ᠡ ᠮᠠᠶ᠋ᠢᠭ ᠤᠨ | ᠠᠷᠠᠯᠵᠢᠶᠠᠴᠢᠨ ᠤᠷᠢᠬᠤ ᠠᠵᠢᠯ ᠢ ᠥᠷᠨᠢᠭᠦᠯᠦᠨ᠎ᠡ᠃ ᠤᠳᠤ ᠪᠠᠶᠢᠭ᠎ᠠ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠪᠠᠷ ᠲᠠᠮᠵᠢᠨ ᠨᠡᠶᠢᠭᠡᠮ ᠤᠨ ᠪᠡᠯᠡ ᠣᠷᠣᠭᠤᠯᠤᠯᠲᠠ ᠶᠢ ᠳᠠᠶᠢᠴᠢᠯᠠᠵᠤ᠂ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢᠶᠠᠷ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠲᠠᠳᠠᠨ᠎ᠠ᠃ ᠥᠪᠥᠷ ᠮᠣᠩᠭᠤᠯ ᠤᠨ ᠰᠢᠨ ᠲᠠᠢ ᠠᠵᠤ ᠦᠢᠯᠡᠰ ᠤᠨ ᠪᠦᠯᠦᠭᠯᠡᠯ᠂ ᠨᠢᠩᠰᠢᠶᠠ ᠶᠢᠨ ᠶᠢᠨ | ᠶᠤᠸᠠᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠳᠤ ᠬᠠᠨᠳᠤᠭᠤᠯᠵᠤ᠂ ᠨᠢᠭᠡ ᠪᠦᠯᠦᠭ ᠠᠵᠤ | ᠦᠢᠯᠡᠰ ᠤᠨ ᠰᠢᠯᠵᠢᠯᠲᠡ ᠶᠢ ᠵᠣᠯᠭᠠᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠬᠤ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠂ ᠪᠥᠬᠦ ᠵᠢᠯ ᠳᠤ | 16 ᠠᠴᠠ ᠳᠡᠭᠡᠭᠰᠢ ᠲᠥᠷᠥᠯ ᠵᠦᠢᠯ ᠤᠨ ᠭᠡᠷ᠎ᠡ ᠳᠤ ᠭᠠᠷ ᠤᠨ ᠥᠰᠥᠭ ᠵᠢᠷᠤᠵᠤ ᠂ 10 ᠳ᠋ᠦᠩᠰᠢᠭᠤᠷ | ᠲᠥᠭᠦᠷᠢᠭ ᠢᠯᠡᠬᠦᠦ ᠪᠡᠯᠡ ᠮᠥᠩᠭᠦ ᠶᠢ ᠪᠣᠳᠠᠲᠠᠶᠢᠵᠢᠭᠤᠯᠬᠤ ᠪᠠᠷ ᠴᠢᠷᠮᠠᠶᠢᠨ᠎ᠠ᠃ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠦᠷᠬᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ︽ᠠᠮᠢᠨ ᠰᠤᠳᠠᠰᠤᠨ ᠤ ᠢᠨᠵᠧᠨᠧᠷᠢᠩ︾ ᠪᠤᠯᠭᠠᠵᠤ ᠴᠢᠩᠭ᠎ᠠ ᠪᠦᠭᠡᠳ ᠪᠣᠳᠠᠲᠠᠢ ᠠᠳᠬᠤᠨ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠵᠠᠰᠠᠭ ᠤᠨ | ᠣᠷᠳᠣᠨ ᠤ ᠦᠨᠡᠨᠴᠢ ᠢᠲᠡᠭᠡᠮᠵᠢᠲᠡᠢ ᠪᠠᠷ ᠠᠮᠠᠯᠠᠯᠳᠠ ᠪᠠᠨ ᠭᠦᠢᠴᠡᠳᠬᠡᠬᠦ ᠲᠣᠭᠲᠠᠴᠠ ᠶᠢ ᠤᠯᠠᠮ ᠲᠡᠬᠦᠯᠳᠡᠷᠵᠢᠬᠦᠯᠦᠨ | ᠂ ᠵᠠᠰᠠᠭ ᠤᠨ ᠣᠷᠳᠣᠨ ᠤ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ᠂ | ᠬᠠᠤᠯᠢ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠷᠠᠯᠵᠢᠶᠠᠴᠢᠨ ᠤᠷᠢᠵᠤ | ᠪᠡᠯᠡ ᠤᠷᠤᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠠᠤᠯᠢ ᠲᠦᠷᠢᠮ ᠶᠤᠰᠤᠭᠠᠷ ᠨᠠᠶᠢᠳᠠᠪᠤᠷᠢᠵᠢᠭᠤᠯᠵᠤ | ᠂ ᠨᠡᠩ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠡᠬᠦᠳᠬᠦ ᠭᠡᠷᠡᠭᠳᠡᠢ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠵᠠᠰᠠᠭ ᠤᠨ ᠶᠠᠪᠤᠳᠠᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠠᠬᠢᠭᠤᠯᠤᠨ᠂ | ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠢᠴᠡᠳᠭᠡᠬᠦ ᠳᠤ ︽ᠪᠥᠬᠦ ᠶᠠᠪᠤᠴᠠ ᠶᠢ | ᠰᠦᠯᠵᠢᠶᠡᠨ ᠳᠡᠭᠡᠷ᠎ᠡ ᠭᠦᠢᠴᠡᠳᠬᠡᠬᠦ︾ ︽ᠨᠢᠭᠡ ᠤᠳᠠᠭ᠎ᠠ ᠴᠤ ᠬᠦᠶᠦᠬᠦ ᠦᠭᠡᠢ︾ ᠪᠣᠯᠬᠤ ᠶᠢ ᠪᠡᠶᠡᠯᠡᠭᠦᠯᠦᠨ᠎ᠡ᠃ ︽ | ᠤᠳᠤᠷᠢᠳᠬᠤ ᠺᠠᠳ᠋ᠷ ᠠᠵᠤ ᠠᠬᠤᠶᠢᠯᠠᠯ ᠳᠤ ᠬᠦᠨᠵᠡᠬᠡᠶᠢᠷᠡᠨ ᠦᠢᠯᠡᠴᠢᠯᠡᠵᠦ᠂ ᠠᠵᠤ ᠠᠬᠤᠶᠢᠯᠠᠯ ᠤᠨ ᠬᠦᠭᠵᠢᠯᠳᠡ | ᠶᠢ ᠰᠢᠨ᠎ᠡ ᠰᠢᠪᠲᠤᠯᠤᠯᠲᠠ ᠲᠠᠢ ᠪᠣᠯᠭᠠᠬᠤ︾ ᠠᠵᠢᠯᠯᠠᠭ᠎ᠠ ᠶᠢ ᠦᠷᠨᠢᠬᠦᠯᠵᠦ᠂ ᠤᠳᠤᠷᠢᠳᠬᠤ ᠺᠠᠳ᠋ᠷ | ᠭᠤᠣᠯᠳᠠᠯᠭ᠎ᠠ ᠲᠠᠢ ᠲᠥᠷᠥᠯ ᠵᠦᠢᠯ ᠢ ᠲᠠᠭᠠᠭᠠᠴᠢᠯᠠᠬᠤ ᠲᠣᠭᠲᠠᠴᠠ ᠶᠢ ᠪᠣᠳᠠᠲᠠᠶᠢᠵᠢᠭᠤᠯᠤᠨ᠂ ᠭᠡᠷ ᠲᠤᠨᠢ ᠬᠦᠷᠴᠦ | ᠠᠷᠠᠯᠵᠢᠶᠠᠴᠢᠨ ᠤᠷᠢᠬᠤ᠂ ᠭᠡᠷ᠎ᠡ ᠲᠤᠭᠳᠠᠵᠤ ᠤᠷᠢᠵᠤ ᠨᠤᠳᠤᠭᠰᠢᠭᠤᠯᠬᠤ᠂ ᠭᠠᠷ ᠬᠦᠢᠴᠡᠳᠭᠡᠯ ᠢ ᠲᠦᠷᠭᠡᠨ ᠬᠢᠬᠦ᠂ | ᠠᠵᠢᠯ ᠡᠬᠢᠯᠡᠭᠦᠯᠵᠦ ᠪᠦᠲᠦᠭᠡᠨ ᠪᠠᠶᠢᠭᠤᠯᠬᠤ ᠵᠡᠷᠭᠡ ᠡᠯ᠎ᠡ ᠭᠤᠭᠴᠤᠭ᠎ᠠ ᠳᠤ ᠨᠠᠷᠢᠯᠢᠭ ᠣᠨᠣᠴᠠᠲᠠᠢ ᠪᠠᠷ ᠦᠢᠯᠡᠴᠢᠯᠡᠨ᠂ | ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠪᠠᠷ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ | ᠨᠡᠮᠡᠷᠢᠯᠡᠨ᠎ᠡ᠃ | ︵ᠭᠤᠷᠪᠠ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ | ᠨᠡᠶᠢᠭᠡᠮ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ᠰᠣᠶᠣᠯ ᠵᠢᠭᠤᠯᠴᠢᠯᠠᠯ ᠤᠨ ᠠᠵᠤ | ᠦᠢᠯᠡᠰ ᠢ ᠶᠡᠬᠡᠪᠡᠷ ᠬᠥᠭᠵᠢᠭᠦᠯᠦᠨ᠎ᠡ᠃ ︽ᠬᠠᠭᠠᠨ ᠤ ᠠᠳᠤᠭᠤᠨ ᠵᠤᠰᠠᠭᠠᠯ︾ ᠤᠨ ᠵᠢᠭᠤᠯᠴᠢᠯᠠᠭᠴᠢᠳ ᠲᠤ | ᠦᠢᠯᠡᠴᠢᠯᠡᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ 5A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠪᠤᠯᠭᠠᠨ ᠪᠠᠶᠢᠭᠤᠯᠬᠤ ᠠᠵᠢᠯ ᠢ ᠭᠤᠣᠯᠳᠠᠯᠭ᠎ᠠ ᠲᠠᠢ ᠰᠠᠶᠢᠨ ᠬᠢᠵᠦ᠂ ︽ᠬᠠᠭᠠᠨ ᠤ ᠠᠳᠤᠭᠤᠨ | ᠵᠤᠰᠠᠭᠠᠯ︾ ᠤᠨ ᠥᠷᠭᠡᠳᠬᠡᠨ ᠪᠠᠶᠢᠭᠤᠯᠬᠤ ᠬᠤᠶᠠᠳᠤᠭᠠᠷ ᠬᠤᠭᠤᠴᠠᠭ᠎ᠠ᠂ ᠵᠢᠭᠤᠯᠴᠢᠯᠠᠭᠴᠢᠳ ᠢ ᠲᠥᠪᠯᠡᠷᠡᠭᠦᠯᠦᠨ | ᠲᠠᠷᠬᠠᠭᠠᠬᠤ ᠲᠥᠪ᠂ ᠤᠯᠠᠭᠠᠨᠮᠥ᠋ᠴᠢᠷ ᠤᠨ ᠤᠷᠠᠯᠢᠭ ᠤᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ᠂ ᠭᠡᠷ ᠪᠦᠯᠢ ᠶᠢᠨ ᠪᠠᠭᠤᠳᠠᠯ ᠮᠠᠶ᠋ᠢᠭᠳᠤ | ᠤᠨᠴᠠᠯᠢᠭᠳᠤ ᠵᠢᠭᠤᠯᠴᠢᠯᠠᠯ ᠤᠨ ᠲᠠᠰ ᠳᠡᠪᠰᠢᠬᠦ ᠶᠢ ᠠᠬᠢᠭᠤᠯᠤᠨ᠎ᠠ᠃ ᠤᠯᠠᠮᠵᠢᠯᠠᠯᠲᠤ ᠵᠠᠩ ᠳᠠᠳᠬᠠᠯ ᠰᠣᠶᠣᠯ | ᠢᠷᠭᠡᠨᠰᠢᠯ ᠤᠨ ᠲᠣᠭᠤᠷᠢᠨ ᠳᠤ᠂ ᠣᠨᠴᠠᠯᠢᠭᠲᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠦᠷᠭᠦᠯᠵᠢᠯᠡᠨ ᠪᠣᠶ | ᠪᠣᠯᠭᠠᠵᠤ᠂ ︽ᠬᠤᠭᠤᠯᠠ ᠬᠤᠨᠤᠭ ᠠᠶᠠᠯᠠᠯ ᠵᠢᠭᠤᠯᠴᠢᠯᠠᠯ ᠬᠤᠳᠠᠯᠳᠤᠭ᠎ᠠ ᠨᠠᠭᠠᠳᠤᠮ ︾ ᠵᠡᠷᠭᠡ ᠵᠢᠭᠤᠯᠴᠢᠯᠠᠯ ᠤᠨ | ᠬᠦᠴᠦᠨ ᠵᠦᠢᠯ ᠢ ᠨᠢᠭᠡ ᠴᠣᠭᠴᠠᠵᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠦᠨ᠎ᠡ᠃ ᠠᠳᠤᠭᠤᠨ ᠤ ᠭᠤᠣᠯ | ᠰᠡᠳᠦᠪᠲᠦ ᠵᠢᠭᠤᠯᠴᠢᠯᠠᠯ ᠤᠨ ᠨᠠᠷᠠᠲᠤ ᠲᠡᠮᠳᠡᠭ ᠢ ᠪᠣᠶ ᠪᠣᠯᠭᠠᠬᠤ ᠶᠢᠨ ᠲᠣᠭᠤᠷᠢᠨ ᠳᠤ᠂ ᠠᠳᠤᠭᠤᠨ ᠤ ᠠᠵᠤ | ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠵᠦ᠂ ᠠᠳᠤᠭᠤ ᠶᠢ ᠦᠨ᠎ᠡ ᠬᠠᠶᠠᠨ | ᠬᠤᠳᠠᠯᠳᠤᠬᠤ᠂ ᠮᠣᠷᠢᠨ ᠮᠡᠷᠭᠡᠵᠢᠯ ᠤᠨ ᠪᠣᠯᠪᠠᠰᠤᠷᠠᠯ᠂ ᠮᠣᠷᠢᠨ ᠮᠡᠷᠭᠡᠵᠢᠯ ᠤᠨ ᠲᠣᠭᠯᠠᠯᠲᠠ ᠵᠡᠷᠭᠡ ᠠᠵᠢᠯᠯᠠᠭ᠎ᠠ ᠶᠢ | ᠨᠠᠷᠢᠨ ᠬᠢᠨᠠᠮᠠᠭᠠᠢ ᠰᠦᠪᠡᠭᠴᠢᠯᠡᠨ᠎ᠡ᠃ ᠭᠠᠵᠠᠷ ᠰᠢᠨᠵᠢᠯᠡᠭᠡᠨ ᠤ ᠰᠤᠳᠤᠯᠭᠠᠨ ᠤ ᠲᠣᠭᠤᠷᠢᠨ ᠳᠤ ᠬᠠᠨ᠎ᠠ ᠬᠠᠳᠠ ᠶᠢᠨ | ᠦᠵᠡᠮᠵᠢ ᠶᠢᠨ ᠣᠷᠣᠨ ᠢ ᠪᠠᠶᠢᠭᠤᠯᠵᠤ᠂ ︽ᠠᠵᠤ ᠦᠢᠯᠡᠳᠪᠦᠷᠢ +︾ ᠶᠢᠨ ᠲᠣᠭᠤᠷᠢᠨ ᠳᠤ ᠠᠵᠤ | ᠦᠢᠯᠡᠳᠪᠦᠷᠢ ᠶᠢᠨ ᠵᠢᠭᠤᠯᠴᠢᠯᠠᠯ ᠢ ᠡᠬᠦᠳᠦᠨ᠂ ᠠᠵᠤ ᠠᠬᠤᠶᠢᠯᠠᠯ ᠳᠤ ᠲᠦᠰᠢᠭᠯᠡᠵᠦ ︽ᠠᠯᠮᠠᠰ ᠤᠨ ᠵᠢᠵᠢᠭ ᠪᠠᠯᠭᠠᠰᠤ | ︾ ᠶᠢ ᠪᠠᠶᠢᠭᠤᠯᠤᠨ᠎ᠠ᠃ ︽ᠪᠠᠭ᠎ᠠ ᠶᠠᠪᠤᠳᠠᠯ ᠢ ᠶᠡᠭᠡ ᠪᠤᠯᠭᠠᠵᠤ᠂ ᠪᠠᠶᠢᠬᠤ ᠦᠬᠡᠢ ᠪᠠᠶᠢᠭᠰᠠᠨ ᠢ ᠪᠤᠢ ᠪᠤᠯᠭᠠᠬᠤ︾ | ᠰᠡᠳᠬᠢᠮᠵᠢ ᠶᠢᠨ ᠲᠤᠭᠤᠷᠢᠨ ᠳᠤ᠂ ᠶᠤᠤᠮᠠᠢ ᠶᠢᠨ ᠭᠤᠯᠢᠷ ᠤᠨ ᠠᠮᠳᠠᠳᠤ ᠢᠳᠡᠭᠡᠨ ᠤ ᠤᠷᠤᠯᠳᠤᠭᠠᠨ᠂ ︽ᠴᠥᠩ | ᠯᠢ ᠳᠤ ᠨᠠᠭᠠᠳᠤᠭᠠᠳ ᠲᠠᠶᠢᠹᠤᠰᠧ ᠳᠤ ᠵᠢᠭᠤᠯᠴᠢᠯᠠᠬᠤ︾ ᠂ ︽ ᠪᠤᠤᠴᠠᠩ ᠳᠤ ᠬᠦᠷᠴᠦ ᠪᠠᠶᠠᠷ ᠲᠠᠢ ᠰᠢᠨᠡᠯᠡᠬᠦ︾ ᠂ | ︽ᠲᠠᠶᠢᠹᠤᠰᠧ ᠬᠤᠰᠢᠭᠤᠨ ᠠᠴᠠ ᠠᠯᠮᠠᠰ ᠴᠢᠯᠠᠭᠤ ᠬᠤᠳᠠᠯᠳᠤᠨ ᠠᠪᠬᠤ︾ ᠬᠡᠬᠦ ᠮᠡᠳᠦ ᠶᠢᠨ ᠨᠡᠷᠡᠳᠦ ᠲᠡᠮᠳᠡᠭ ᠤᠨ | ᠠᠵᠢᠯᠯᠠᠭ᠎ᠠ ᠶᠢ ᠦᠷᠨᠢᠬᠦᠯᠦᠨ᠂ ᠭᠠᠳᠠᠭᠰᠢ ᠬᠠᠨᠳᠤᠭᠰᠠᠨ ᠤᠬᠠᠭᠤᠯᠭ᠎ᠠ ᠪᠣᠷᠤᠯᠠᠭᠤᠯᠭ᠎ᠠ ᠪᠠᠨ ᠴᠢᠩᠭᠠᠳᠬᠠᠵᠤ᠂ | ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠲᠡᠭᠡᠭᠰᠢᠯᠡᠬᠦᠯᠦᠨ᠂ ᠲᠠᠶᠢᠹᠤᠰᠧ ᠬᠤᠰᠢᠭᠤ ᠪᠠᠨ ᠪᠡᠭᠡᠵᠢᠩ | ᠲᠢᠶᠠᠨᠵᠢᠨ ᠾᠧᠪᠸᠢ ᠠᠴᠠ ᠬᠠᠮᠤᠭ ᠤᠨ ᠣᠶᠢᠷ᠎ᠠ ᠲᠦᠷᠪᠡᠨ ᠤᠯᠠᠷᠢᠯ ᠤᠨ ᠲᠠᠯ᠎ᠠ ᠨᠤᠲᠤᠭ ᠤᠨ ᠵᠢᠭᠤᠯᠴᠢᠯᠠᠯ ᠤᠨ | ᠬᠠᠷᠠᠯᠲᠠᠲᠤ ᠤᠷᠤᠨ ᠪᠤᠯᠭᠠᠵᠤ ᠪᠠᠶᠢᠭᠤᠯᠬᠤ ᠭᠡᠷᠡᠭᠳᠡᠢ ᠃ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ | ᠪᠠᠳᠠᠷᠠᠭᠤᠯᠤᠨ᠎ᠠ᠃ ᠲᠥᠪᠯᠡᠷᠡᠩᠭᠦᠢ ᠬᠡᠷᠡᠭᠯᠡᠭᠡᠨ ᠤ ᠲᠥᠪ ᠵᠡᠭᠡᠯᠢ ᠶᠢ ᠪᠠᠶᠢᠭᠤᠯᠬᠤ ᠶᠢᠨ ᠲᠣᠭᠤᠷᠢᠨ ᠳᠤ᠂ ᠣᠯᠠᠨ | ᠬᠦᠷᠢᠶ᠎ᠡ ᠴᠠᠷᠠᠭ᠎ᠠ᠂ ᠣᠯᠠᠨ ᠲᠠᠰ ᠳᠠᠪᠬᠤᠷᠭ᠎ᠠ᠂ ᠣᠯᠠᠨ ᠶᠠᠩᠵᠤ ᠬᠡᠯᠪᠡᠷᠢ ᠶᠢᠨ ᠬᠡᠷᠡᠭᠯᠡᠭᠡᠨ ᠤ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠦᠷᠨᠢᠬᠦᠯᠦᠨ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠦᠷᠯᠦᠭᠡ | ᠤᠷᠤᠢ ᠶᠢᠨ ᠵᠠᠬ᠎ᠠ ᠳᠡᠯᠭᠡᠭᠦᠷ᠂ ᠭᠡᠷ ᠤᠨ ᠶᠠᠪᠤᠳᠠᠯ ᠠᠳᠠᠯ ᠠᠬᠤᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢ | ᠶᠡᠬᠡᠪᠡᠷ ᠬᠥᠭᠵᠢᠭᠦᠯᠵᠦ᠂ ᠫᠢᠸᠤ᠋ ᠶᠢᠨ ᠨᠠᠶᠢᠷ᠂ ᠠᠮᠲᠠᠲᠤ ᠢᠳᠡᠭᠡᠨ ᠤ ᠨᠠᠶᠢᠷ ᠵᠡᠷᠭᠡ ᠠᠵᠢᠯᠯᠠᠭ᠎ᠠ ᠶᠢ ᠡᠷᠭᠢᠯᠡᠨ᠂ | ᠠᠷᠠᠯᠵᠢᠶᠠᠴᠢᠨ ᠪᠠ ᠠᠷᠠᠳ ᠢᠷᠭᠡᠳ ᠤᠨ ᠣᠷᠣᠯᠴᠠᠬᠤ ᠤᠷᠮᠠᠰᠢᠯ ᠢ ᠲᠠᠶᠢᠴᠢᠯᠠᠵᠤ᠂ ᠨᠠᠩ ᠶᠡᠭᠡ ᠬᠡᠷᠡᠭᠯᠡᠭᠡᠨ ᠤ | ᠳᠠᠯᠳᠠ ᠬᠦᠴᠦᠨ ᠢ ᠪᠠᠳᠠᠷᠠᠭᠤᠯᠤᠨ᠎ᠠ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠬᠤᠲᠠ ᠳᠤ ᠤᠷᠤᠬᠤ ᠶᠢ ᠢᠳᠡᠪᠬᠢᠲᠡᠢ ᠠᠬᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠤ ᠪᠤᠷᠤᠯᠠᠭᠤᠯᠭ᠎ᠠ ᠶᠢᠨ ᠠᠷᠭ᠎ᠠ ᠵᠠᠮ ᠢ ᠤᠯᠠᠮ ᠦᠷᠭᠡᠳᠭᠡᠬᠦ ᠭᠡᠷᠡᠭᠳᠡᠢ᠃ ᠡᠯᠧᠺᠲᠷᠣᠨ | ᠬᠤᠳᠠᠯᠳᠤᠭᠠᠨ ᠤ ᠲᠠᠪᠴᠠᠩ ᠢ ᠠᠰᠢᠭᠯᠠᠨ᠂ ᠰᠦᠯᠵᠢᠶᠡᠨ ᠤᠳᠤᠨ ᠤ ᠠᠵᠤ ᠠᠬᠤᠢ᠂ ᠰᠢᠭᠤᠳ ᠨᠡᠪᠳᠡᠷᠡᠬᠦᠯᠭᠡ | ᠶᠢᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠨᠠᠩ ᠣᠯᠠᠨ | ᠵᠠᠯᠠᠭᠤᠴᠤᠳ ᠤᠨ ᠦᠢᠯᠡᠰ ᠪᠦᠳᠦᠬᠡᠵᠦ ᠠᠵᠢᠯ ᠣᠯᠬᠤ ᠶᠢ ᠲᠠᠶᠢᠴᠢᠯᠠᠨ᠂ ᠡᠯᠧᠺᠲᠷᠣᠨ ᠬᠤᠳᠠᠯᠳᠤᠭᠠᠨ ᠤ | ᠠᠷᠠᠯᠵᠢᠶᠠᠨ ᠤ ᠬᠡᠮᠵᠢᠶ᠎ᠡ ᠶᠢ 10 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | ︵ᠳᠥᠷᠪᠡ︶ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠲᠠᠰᠤᠷᠠᠯᠲᠠ ᠦᠭᠡᠢ ᠨᠥᠬᠦᠪᠦᠷᠢᠯᠡᠨ᠎ᠡ᠃ ᠬᠤᠳᠠ ᠪᠠᠯᠭᠠᠰᠤᠨ ᠤ | ᠵᠠᠰᠠᠵᠤ ᠰᠢᠨᠡᠳᠬᠡᠬᠦ ᠠᠵᠢᠯᠯᠠᠭ᠎ᠠ ᠶᠢ ᠠᠬᠢᠭᠤᠯᠤᠨ᠎ᠠ᠃ ᠬᠤᠲᠠ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠬᠤᠲᠠ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ᠂ ᠪᠣᠷᠣᠭᠠᠨ ᠤ | ᠤᠰᠤ ᠶᠢ ᠲᠣᠬᠢᠷᠠᠭᠤᠯᠤᠨ ᠬᠠᠳᠠᠭᠠᠯᠠᠬᠤ ᠪᠠ ᠭᠤᠣᠯᠳᠠᠯᠭ᠎ᠠ ᠲᠠᠢ ᠵᠠᠮ ᠤᠨ ᠬᠡᠰᠡᠭ ᠤᠨ ᠤᠰᠤ ᠵᠠᠯᠠᠵᠤ ᠤᠰᠤᠲᠤᠯ ᠢ | ᠰᠡᠷᠭᠡᠶᠢᠯᠡᠬᠦ ᠲᠤᠤᠷ ᠬᠤᠭᠤᠯᠠᠢ ᠶᠢᠨ ᠦᠬᠡᠷᠡᠴᠢᠯᠡᠯᠳᠡ ᠶᠢᠨ ᠢᠨᠵᠧᠨᠧᠷᠢᠩ ᠢ ᠡᠬᠢᠯᠡᠭᠦᠯᠵᠦ᠂ 12.1 ᠺᠢᠯᠣᠮᠧᠲᠷ | ᠤᠰᠤ ᠭᠠᠳᠠᠭᠰᠢᠯᠠᠭᠤᠯᠬᠤ ᠬᠤᠭᠤᠯᠠᠢ ᠂ 11.2 ᠺᠢᠯᠣᠮᠧᠲᠷ ᠰᠢᠲᠠᠮᠠᠬᠠᠢ ᠬᠡᠢ ᠶᠢᠨ ᠬᠤᠭᠤᠯᠠᠢ ᠶᠢ ᠥᠭᠡᠷᠡᠴᠢᠯᠡᠨ᠂ | 50 ᠺᠢᠯᠣᠮᠧᠲᠷ ᠬᠤᠲᠠ ᠶᠢᠨ ᠵᠠᠮ ᠢ ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠶᠢᠨ ᠬᠠᠮᠳᠤ᠂ | ᠳᠡᠭᠡᠳᠦ ᠱᠠᠲᠤᠨ ᠤ ᠪᠡᠯᠡ ᠮᠥᠩᠭᠦ ᠶᠢ ᠣᠯᠵᠤ ᠪᠠᠶᠢᠭᠠᠳ ᠢᠯᠴᠢ ᠬᠠᠩᠭᠠᠬᠤ ᠬᠤᠭᠤᠯᠠᠢ ᠶᠢ ᠲᠡᠭᠦᠯᠳᠡᠷᠵᠢᠭᠦᠯᠦᠨ | ᠰᠠᠶᠢᠵᠢᠷᠠᠭᠤᠯᠬᠤ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠬᠢᠨ᠎ᠡ᠃ ᠲᠤᠰ ᠵᠢᠯ | ᠳᠤ ᠼᠠᠢ ᠶᠤᠸᠠᠨ ᠲᠤᠰᠬᠤᠨ ᠤ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠨᠡᠬᠦᠯᠬᠡᠨ ᠲᠦᠪᠬᠢᠨᠡᠬᠦᠯᠬᠦ | ᠠᠵᠢᠯ ᠪᠠ ᠳᠠᠪᠤᠰᠤᠨ ᠤ ᠦᠢᠯᠡᠰ ᠤᠨ ᠺᠣᠮᠫᠠᠨᠢ ᠶᠢᠨ ᠨᠡᠭᠦᠯᠭᠡᠨ ᠪᠠᠶᠢᠭᠤᠯᠬᠤ ᠠᠵᠢᠯ ᠢ ᠬᠢᠵᠦ᠂ ᠴᠢᠯᠠᠭᠤᠨ | ᠲᠣᠰᠣᠨ ᠤ ᠺᠣᠮᠫᠠᠨᠢ ᠶᠢᠨ ᠬᠤᠶᠠᠳᠤᠭᠠᠷ ᠲᠣᠰᠣ ᠨᠡᠮᠡᠬᠦ ᠥᠷᠲᠡᠭᠡ ᠶᠢ ᠨᠡᠭᠦᠯᠭᠡᠬᠦ ᠠᠵᠢᠯ ᠢ ᠠᠬᠢᠭᠤᠯᠤᠨ᠎ᠠ᠃ ᠣᠯᠠᠨ | ᠨᠡᠶᠢᠲᠡ ᠶᠢᠨ ᠲᠡᠷᠭᠡᠨ ᠵᠣᠭᠰᠣᠭᠠᠯ ᠵᠢᠴᠢ ᠴᠠᠬᠢᠯᠭᠠᠨ ᠴᠡᠨᠡᠭᠯᠡᠬᠦ ᠱᠣᠩ ᠤᠨ ᠲᠥᠷᠥᠯ ᠵᠦᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠯᠡᠵᠦ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ᠂ ᠭᠤᠶᠣᠵᠢᠭᠤᠯᠤᠯᠲᠠ᠂ | ᠭᠡᠷᠡᠯᠳᠦᠬᠦᠯᠭᠡ ᠶᠢ ᠠᠬᠢᠭᠤᠯᠤᠨ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠰᠠᠶᠢᠵᠢᠷᠠᠭᠤᠯᠤᠨ᠎ᠠ᠃ ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠪᠠᠶᠢᠭᠤᠯᠬᠤ ᠪᠠ | ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠬᠤᠲᠠ ᠶᠢᠨ ᠦᠩᠭᠡ ᠲᠦᠷᠬᠦ ᠶᠢ ᠴᠡᠭᠴᠡᠯᠡᠨ ᠰᠠᠶᠢᠵᠢᠷᠠᠭᠤᠯᠬᠤ | ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠵᠤᠭᠰᠤᠭᠠᠬᠤ᠂ | ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠤᠪᠤᠭᠠᠯᠠᠬᠤ᠂ ᠳᠤᠷ᠎ᠠ ᠪᠠᠷ ᠢᠶᠠᠨ ᠬᠠᠶᠠᠬᠤ᠂ ᠵᠠᠮ ᠡᠵᠡᠯᠡᠨ | ᠡᠵᠡᠩᠨᠡᠬᠦ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠬᠤᠳᠠ ᠶᠢᠨ ᠭᠤᠤᠯ ᠤᠨ ᠵᠠᠬ᠎ᠠ ᠳᠡᠯᠭᠡᠭᠦᠷ | ᠂ ᠥᠷᠯᠥᠭᠡ ᠦᠳᠡᠰᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠨ᠂ ᠪᠣᠯᠪᠠᠰᠤᠨ ᠬᠤᠲᠠ ᠶᠢᠨ | ᠪᠠᠶᠢᠭᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢ | ᠳᠡᠭᠡᠭᠰᠢᠯᠡᠭᠦᠯᠬᠦ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠠᠳᠠᠯ ᠠᠬᠤᠢ ᠶᠢᠨ ᠠᠵᠤ | ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠲᠦᠷᠢᠮᠵᠢᠬᠦᠯᠦᠨ ᠵᠠᠰᠠᠵᠤ᠂ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠬᠤᠳᠠᠯᠳᠤᠭᠠᠨ ᠤ ᠭᠡᠷ ᠪᠠᠶᠢᠰᠢᠩ ᠢ ᠰᠦᠯᠵᠢᠶᠡᠨ ᠳᠡᠭᠡᠷ᠎ᠡ | ᠭᠠᠷ ᠤᠨ ᠥᠰᠥᠭ ᠵᠢᠷᠤᠵᠤ ᠳᠠᠩᠰᠠᠯᠠᠭᠤᠯᠬᠤ ᠵᠢᠴᠢ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠤᠷᠢᠳᠴᠢᠯᠠᠨ | ᠪᠤᠷᠤᠯᠠᠭᠤᠯᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠡᠷ ᠪᠠᠶᠢᠰᠢᠩ ᠭᠠᠵᠠᠷ ᠰᠢᠷᠤᠢ ᠶᠢᠨ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠦᠨ᠎ᠡ᠃ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠰᠬᠤᠨ ᠱᠠᠲᠤᠨ ᠤ ᠵᠠᠮ | ᠨᠡᠪᠲᠡᠷᠡᠯᠭᠡ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ 192 | ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠬᠤ ᠪᠠ ᠠᠷᠠᠴᠢᠯᠠᠨ ᠬᠠᠮᠠᠭᠠᠯᠠᠵᠤ᠂ ᠾᠧᠢ ᠱᠠᠨ ᠮᠢᠶᠤᠤ ᠠᠴᠠ ᠰᠧ ᠯᠢᠶᠠᠨ | ᠬᠦᠷᠬᠦ ᠵᠠᠮ ᠤᠨ ᠥᠭᠡᠷᠡᠴᠢᠯᠡᠯᠲᠡ ᠶᠢ ᠪᠡᠶᠡᠯᠡᠬᠦᠯᠦᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ | ᠡᠬᠢᠯᠡᠬᠦ ᠶᠢ ᠠᠬᠢᠭᠤᠯᠵᠤ᠂ ᠲᠠᠢ ᠰᠢ ᠲᠡᠮᠦᠷ ᠵᠠᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠠᠵᠤ | ᠦᠢᠯᠡᠳᠪᠦᠷᠢ ᠶᠢᠨ ᠲᠣᠭᠤᠷᠢᠭ ᠤᠨ ᠴᠡᠪᠡᠷᠰᠢᠬᠦᠯᠦᠭᠰᠡᠨ ᠤᠰᠤᠨ ᠤ ᠠᠰᠢᠭᠯᠠᠯᠳᠠ᠂ ᠪᠤᠤᠴᠠᠩ ᠭᠤᠣᠯ ᠤᠨ ᠵᠠᠰᠠᠯᠳᠠ | ᠂ ᠲᠧᠦ ᠬᠤᠤ ᠲᠣᠰᠬᠤᠨ ᠤ ᠦᠶᠡᠷ ᠰᠡᠷᠭᠡᠶᠢᠯᠡᠬᠦ ᠢᠨᠵᠧᠨᠧᠷᠢᠩ ᠢ ᠡᠬᠢᠯᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 4᠂ ᠤᠰᠤ ᠴᠡᠪᠡᠷᠰᠢᠭᠦᠯᠬᠦ ᠲᠦᠬᠦᠭᠡᠷᠦᠮᠵᠢ 3 ᠶᠢ | ᠪᠠᠶᠢᠭᠤᠯᠤᠨ᠎ᠠ᠃ 35 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠳᠡᠭᠡᠨ ᠤ ᠪᠠᠭᠳᠠᠭᠠᠮᠵᠢ ᠶᠢ ᠶᠡᠬᠡᠰᠭᠡᠬᠦ ᠪᠠ | 10 ᠺᠢᠯᠤᠸᠤᠯᠲ ᠠᠴᠠ ᠳᠣᠷᠣᠭᠰᠢᠬᠢ ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠵᠡᠷᠭᠡ ᠶᠢ | ᠰᠢᠨ᠎ᠡ ᠪᠠᠷ ᠪᠠᠶᠢᠭᠤᠯᠤᠨ᠂ 358.6 ᠺᠢᠯᠣᠮᠧᠲᠷ ᠴᠠᠬᠢᠯᠭᠠᠨ ᠱᠤᠭᠤᠮ ᠢ ᠲᠠᠲᠠᠵᠤ᠂ 100 ᠰᠠᠤᠷᠢ ᠬᠦᠴᠦᠳᠡᠯ | ᠥᠭᠡᠷᠡᠴᠢᠯᠡᠭᠴᠢ ᠶᠢ ᠥᠭᠡᠷᠡᠴᠢᠯᠡᠨ ᠂ ᠱᠤ᠋ ᠭᠤᠸᠠᠩ ᠲᠤᠰᠬᠤᠨ ᠤ 110 ᠺᠢᠯᠤᠸᠤᠯᠲ ᠤᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠬᠡᠲᠦ ᠬᠠᠲᠠᠭᠤ ᠮᠠᠲ᠋ᠧᠷᠢᠶᠠᠯ ᠤᠨ | ᠠᠵᠤ ᠦᠢᠯᠡᠰ ᠤᠨ ᠬᠡᠯᠬᠢᠶᠡᠨ ᠤ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠴᠠᠬᠢᠯᠭᠠᠨ ᠬᠠᠩᠭᠠᠬᠤ ᠲᠤᠰᠬᠠᠢ | ᠱᠤᠭᠤᠮ ᠢ ᠨᠡᠬᠦᠯᠭᠡᠨ᠎ᠡ᠃ | ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ᠃ᠪᠣᠬᠢᠷᠲᠤᠯ ᠢ ᠰᠡᠷᠭᠡᠶᠢᠯᠡᠨ ᠵᠠᠰᠠᠬᠤ | ᠪᠤᠭᠤᠮᠳᠠ ᠰᠢᠪᠳᠤᠯᠬᠤ ᠲᠠᠶᠢᠨ ᠢ ᠰᠠᠶᠢᠨ ᠬᠢᠨ᠎ᠡ᠃ ᠤᠯᠤᠰ ᠂ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠰᠠᠶᠢᠲᠤᠷ ᠠᠳᠬᠤᠵᠤ᠂ ᠤᠯᠤᠰ ᠤᠨ ᠭᠤᠷᠪᠠᠳᠤᠭᠠᠷ ᠡᠭᠡᠯᠵᠢ ᠶᠢᠨ ᠪᠠᠶᠢᠴᠠᠭᠠᠯᠳᠠ᠂ ᠥᠪᠡᠷᠲᠡᠭᠡᠨ | ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠪᠠᠶᠢᠴᠠᠭᠠᠯᠳᠠ ᠶᠢ ᠤᠭᠳᠤᠬᠤ ᠳᠤ ᠰᠠᠭᠤᠷᠢ ᠲᠠᠯᠪᠢᠨ᠎ᠠ᠃ | ᠰᠢᠲᠠᠮᠠᠬᠠᠢ ᠬᠡᠢ ᠳᠤ ᠬᠤᠯᠪᠤᠭᠳᠠᠭᠰᠠᠨ ᠠᠵᠤ ᠠᠬᠤᠶᠢᠯᠠᠯ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠠᠭᠠᠷ ᠤᠨ ᠴᠢᠨᠰᠠᠭ᠎ᠠ ᠰᠠᠶᠢᠨ ᠡᠳᠦᠷ ᠤᠨ ᠬᠠᠷᠢᠴᠠᠯ 90% ᠠᠴᠠ ᠳᠡᠭᠡᠭᠰᠢ ᠪᠠᠶᠢᠬᠤ ᠶᠢ | ᠪᠠᠲᠤᠯᠠᠨ᠎ᠠ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠴᠢᠩᠭᠠᠳᠬᠠᠵᠤ᠂ ᠪᠥᠬᠦ ᠬᠤᠰᠢᠭᠤᠨ ᠤ 92 | ᠭᠤᠣᠯ ︵ᠨᠠᠭᠤᠷ︶ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠤᠰᠤᠨ ᠤ ᠣᠷᠴᠢᠨ | ᠲᠣᠭᠤᠷᠢᠨ ᠤ ︽ᠵᠠᠰᠠᠬᠤ᠂ ᠪᠠᠶᠢᠭᠤᠯᠬᠤ᠂ ᠬᠠᠮᠢᠶᠠᠷᠬᠤ︾ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠨᠢᠭᠡᠳᠦᠯᠲᠡᠢ | ᠲᠥᠯᠥᠪᠯᠡᠨ ᠰᠠᠶᠢᠲᠤᠷ ᠭᠡᠷᠡᠭᠵᠢᠬᠦᠯᠵᠦ᠂ ᠤᠰᠤᠨ ᠤ ᠡᠬᠢ ᠰᠤᠷᠪᠤᠯᠵᠢ ᠶᠢᠨ ᠣᠷᠣᠨ ᠤ ᠤᠰᠤᠨ ᠤ ᠴᠢᠨᠠᠷ ᠢ ᠪᠥᠬᠦ | ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠶᠢ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤ ᠶᠢᠨ ᠠᠰᠢᠭᠯᠠᠮᠵᠢ ᠶᠢ 85% ᠠᠴᠠ ᠳᠡᠭᠡᠭᠰᠢ ᠳᠤ | ᠬᠦᠷᠭᠡᠨ᠎ᠡ᠃ ᠠᠮᠢ ᠠᠬᠤᠢ ᠶᠢᠨ ᠪᠠᠶᠢᠭᠤᠯᠤᠯᠲᠠ ᠶᠢ ᠪᠥᠬᠦ ᠲᠠᠯᠠᠪᠠᠷ ᠴᠢᠩᠭᠠᠳᠬᠠᠨ᠎ᠠ᠃ ᠬᠢᠨᠠᠨ ᠪᠠᠶᠢᠴᠠᠭᠠᠬᠤ | ᠰᠠᠨᠠᠭᠤᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠬᠡᠬᠦ ᠲᠥᠷᠥ ᠶᠢᠨ ᠪᠣᠳᠣᠯᠭ᠎ᠠ ᠪᠠ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠳᠦᠷᠢᠮ ᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠨᠤᠲᠤᠭ ᠪᠡᠯᠴᠢᠭᠡᠷ | ᠤᠢ ᠰᠢᠭᠤᠢ ᠶᠢᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠲᠥᠷᠥᠯ | ᠵᠦᠢᠯ ᠤᠨ ᠣᠷᠣᠨ ᠳᠤ ᠮᠠᠯ ᠪᠡᠯᠴᠢᠭᠡᠷᠯᠡᠬᠦᠯᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠤᠣᠯ | ᠮᠥᠷᠡᠨ ᠨᠠᠭᠤᠷ ᠴᠥᠭᠦᠷᠥᠮ ᠤᠨ ︽ᠲᠦᠷᠪᠡ ᠶᠢ ᠴᠡᠭᠴᠡᠯᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠭᠤᠣᠯ ᠤᠨ ᠬᠠᠵᠠᠭᠤ ᠬᠠᠪᠢ ᠳᠤ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ | ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ︾ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠠᠰᠢᠯᠭ᠎ᠠ ᠲᠠᠯᠠᠩ ᠢ ᠳᠤᠷ᠎ᠠ ᠪᠠᠷ ᠢᠶᠠᠨ ᠮᠠᠯᠳᠠᠬᠤ ᠵᠡᠷᠭᠡ ᠲᠣᠪᠣᠶᠢᠮ᠎ᠠ ᠠᠰᠠᠭᠤᠳᠠᠯ ᠢ ᠡᠷᠡᠰ | ᠴᠡᠭᠴᠡᠯᠡᠨ᠎ᠡ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠵᠠᠰᠠᠯᠳᠠ ᠶᠢᠨ | ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ 18.97 ᠲᠦᠮᠡᠨ ᠮᠦ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠭᠦᠷᠭᠡ ᠶᠢ ᠪᠡᠶᠡᠯᠡᠭᠦᠯᠵᠦ᠂ | ᠠᠭᠤᠷᠬᠠᠢ ᠶᠢᠨ ᠤᠷᠤᠨ ᠤ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢ ᠴᠢᠩᠭᠠᠷᠠᠭᠤᠯᠤᠨ᠂ ᠳᠤᠷ᠎ᠠ ᠪᠠᠷ ᠢᠶᠠᠨ | ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ᠡᠨᠡ ᠵᠢᠯ ᠳᠤ᠂ 40 ᠾᠧᠺᠲ᠋ᠠᠷ ᠠᠭᠤᠷᠬᠠᠢ | ᠶᠢᠨ ᠤᠷᠤᠨ ᠤ ᠵᠠᠰᠠᠯᠲᠠ ᠶᠢ ᠪᠡᠶᠡᠯᠡᠭᠦᠯᠵᠦ᠂ 25 ᠾᠧᠺᠲ᠋ᠠᠷ ᠪᠣᠬᠢᠷᠲᠤᠯ ᠦᠭᠡᠢ ᠠᠭᠤᠷᠬᠠᠢ ᠶᠢᠨ | ᠪᠠᠶᠢᠭᠤᠯᠤᠯᠲᠠ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠲᠤ ᠦᠢᠯᠡᠴᠢᠯᠡᠬᠦ ᠠᠷᠠᠳ ᠢ ᠪᠠᠶᠠᠵᠢᠭᠤᠯᠬᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠤᠳᠤᠷᠢᠳᠤᠮᠵᠢ ᠶᠢ ᠲᠣᠪᠤᠶᠢᠯᠭᠠᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠦᠯᠦᠰᠦᠨ ᠠᠵᠢᠯᠴᠢᠳ᠂ | ᠴᠡᠷᠢᠭ ᠠᠴᠠ ᠬᠠᠯᠠᠭᠳᠠᠭᠰᠠᠳ᠂ ᠬᠤᠳᠠ ᠪᠠᠯᠭᠠᠰᠤᠨ ᠤ ᠬᠦᠴᠢᠷᠳᠡᠯ ᠲᠠᠢ ᠬᠥᠮᠥᠰ ᠵᠡᠷᠭᠡ ᠭᠤᠣᠯᠳᠠᠯᠭ᠎ᠠ ᠲᠠᠢ | ᠬᠦᠮᠦᠰ ᠲᠤ ᠠᠩᠬᠠᠷᠤᠯ ᠲᠠᠯᠪᠢᠵᠤ᠂ ᠠᠵᠢᠯ ᠣᠯᠭᠤᠯᠲᠠ ᠶᠢ ᠲᠤᠭᠳᠠᠪᠤᠷᠢᠵᠢᠭᠤᠯᠬᠤ᠂ ᠠᠵᠢᠯ ᠣᠯᠭᠤᠯᠲᠠ ᠶᠢ | ᠪᠠᠲᠤᠯᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢᠨ | ᠠᠷᠭ᠎ᠠ ᠵᠠᠮ ᠢ ᠥᠷᠭᠡᠳᠬᠡᠵᠦ᠂ ᠬᠤᠳᠠ ᠪᠠᠯᠭᠠᠰᠤᠨ ᠤ 800 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ | ᠤᠯᠭᠤᠨ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5 % ᠳᠣᠲᠣᠷ᠎ᠠ | ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠤᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠬᠤᠳᠠ ᠬᠥᠳᠡᠭᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠨ᠎ᠠ᠃ ᠴᠠᠯᠢᠩ ᠥᠷᠢᠲᠦᠬᠦ ᠠᠰᠠᠭᠤᠳᠠᠯ ᠢ ᠦᠨᠳᠦᠰᠦᠨ ᠠᠴᠠ | ᠨᠢ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠯᠦᠰᠦᠨ ᠠᠵᠢᠯᠴᠢᠳ ᠤᠨ ︽ᠬᠦᠴᠦ | ᠬᠦᠳᠡᠯᠮᠦᠷᠢ ᠶᠢᠨ ᠬᠠᠷᠠᠮᠵᠢ ︾ ᠶᠢ ᠡᠷᠡᠰ ᠬᠠᠮᠠᠭᠠᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ | ᠪᠠᠶᠠᠯᠢᠭ ᠢ ᠰᠢᠯᠢᠳᠡᠭᠵᠢᠭᠦᠯᠦᠨ ᠨᠡᠶᠢᠳᠭᠡᠵᠦ᠂ ᠨᠡᠶᠢᠭᠡᠮ ᠤᠨ ᠬᠦᠴᠦᠨ ᠢ ᠲᠠᠶᠢᠴᠢᠯᠠᠨ ᠠᠰᠠᠷᠠᠨ ᠬᠠᠷᠠᠭᠠᠯᠵᠠᠬᠤ | ᠦᠢᠯᠡᠴᠢᠯᠡᠭᠡ ᠶᠢ ᠬᠦᠭᠵᠢᠬᠦᠯᠵᠦ᠂ ︽ ᠨᠠᠰᠤᠳᠠᠳ ᠨᠢᠯᠬᠠᠰ︾ ᠤᠨ ᠠᠰᠠᠭᠤᠳᠠᠯ ᠢ ᠨᠢᠭᠡᠳᠦᠯᠲᠡᠢ ᠲᠥᠯᠥᠪᠯᠡᠨ | ᠰᠠᠶᠢᠲᠤᠷ ᠰᠢᠢᠳᠪᠦᠷᠢᠯᠡᠨ᠎ᠡ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ ᠬᠦᠮᠦᠰ᠂ ᠣᠨᠴᠠ | ᠬᠦᠴᠢᠷᠳᠡᠯ ᠲᠠᠢ ᠬᠦᠮᠦᠰ᠂ ᠨᠠᠰᠤᠨ ᠬᠤᠳᠤᠭ ᠦᠨᠳᠦᠷ ᠬᠦᠮᠦᠰ ᠪᠠ ᠵᠡᠮᠳᠡᠭ ᠬᠦᠮᠦᠰ ᠵᠡᠷᠭᠡ ᠶᠢᠨ ᠠᠮᠢᠳᠤᠷᠠᠯ ᠤᠨ | ᠪᠠᠳᠤᠯᠠᠭᠠᠨ ᠤ ᠠᠵᠢᠯ ᠢ ᠬᠢᠨᠠᠮᠠᠭᠠᠢ ᠰᠠᠶᠢᠨ ᠠᠳᠬᠤᠵᠤ᠂ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠂ | ᠡᠮᠡᠭᠲᠡᠶᠢᠴᠦᠳ ᠬᠡᠦᠬᠡᠳ ᠪᠠᠭᠠᠴᠤᠳ᠂ ᠨᠠᠰᠤᠨ ᠳᠤ ᠦᠯᠤ ᠬᠥᠷᠦᠭᠰᠡᠳ ᠢ ᠬᠠᠯᠠᠮᠵᠢᠯᠠᠨ ᠬᠠᠶᠢᠷᠠᠯᠠᠬᠤ ᠪᠠ ᠲᠡᠳᠡᠨ | ᠤ ᠡᠷᠬᠡ ᠠᠰᠢᠭ ᠢ ᠬᠠᠮᠠᠭᠠᠯᠠᠬᠤ ᠪᠠᠨ ᠴᠢᠩᠭᠠᠳᠬᠠᠵᠤ᠂ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠭᠦᠨᠵᠡᠭᠡᠢ ᠭᠡᠷᠡᠭᠵᠢᠬᠦᠯᠦᠨ᠂ ᠵᠠᠯᠠᠭᠤᠴᠤᠳ ᠤᠨ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠤᠨ᠎ᠠ᠃ | ᠣᠷᠣᠰᠢᠭᠤᠯᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠨᠡᠶᠢᠳᠡ ᠶᠢᠨ | ᠠᠰᠠᠷᠠᠮᠵᠢ ᠶᠢᠨ ᠴᠢᠨᠠᠷᠲᠠᠢ ᠴᠢᠨᠳᠠᠷ ᠲᠠᠯᠪᠢᠬᠤ ᠲᠦᠬᠦᠭᠡᠷᠦᠮᠵᠢ ᠶᠢᠨ ᠪᠠᠶᠢᠭᠤᠯᠤᠯᠳᠠ ᠶᠢ ᠠᠬᠢᠭᠤᠯᠤᠨ᠂ | ᠣᠷᠣᠰᠢᠭᠤᠯᠭ᠎ᠠ ᠶᠢᠨ ᠤᠷᠳᠤᠨ ᠢ ᠥᠷᠭᠡᠳᠬᠡᠨ ᠪᠠᠶᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠢ | ᠪᠠᠶᠢᠭᠤᠯᠤᠨ᠎ᠠ ᠃ ᠬᠤᠳᠠ ᠪᠠᠯᠭᠠᠰᠤᠨ ᠤ ᠴᠡᠪᠡᠷᠯᠡᠭᠡ ᠶᠢᠨ ᠲᠦᠬᠦᠭᠡᠷᠦᠮᠵᠢ ᠪᠠ ᠨᠡᠶᠢᠲᠡ ᠶᠢᠨ ᠮᠠᠰᠢᠨ ᠢ ᠨᠡᠮᠡᠵᠦ | ᠨᠦᠬᠦᠪᠦᠷᠢᠯᠡᠨ᠂ ᠮᠠᠰᠢᠨᠴᠢᠯᠠᠭᠰᠠᠨ ᠴᠡᠪᠡᠷᠯᠡᠭᠡ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠤᠯᠠᠨ ᠲᠦᠮᠡᠨ ᠤ | ᠶᠠᠪᠤᠵᠤ ᠰᠠᠭᠤᠬᠤ ᠳᠤ ᠲᠦᠬᠦᠮ ᠦᠵᠡᠬᠦᠯᠦᠨ᠎ᠡ᠃ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠪᠴᠢᠯᠡᠨ | ᠨᠥᠬᠦᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠷᠢᠮᠵᠢᠶ᠎ᠠ ᠳᠤ | ᠬᠦᠷᠭᠡᠬᠦ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠂ ︽ᠬᠤᠶᠠᠷ ᠢ ᠬᠦᠩᠭᠡᠷᠡᠬᠦᠯᠬᠦ︾ ᠦᠷ᠎ᠡ ᠪᠦᠲᠦᠮᠵᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠰᠤᠷᠭᠠᠭᠤᠯᠢ ᠶᠢᠨ ᠤᠳᠤᠷᠢᠳᠬᠤ ᠪᠠᠭ᠂ ᠪᠠᠭᠰᠢ᠂ ᠵᠢᠭᠠᠬᠤ | ᠶᠢ ᠰᠤᠳᠤᠯᠬᠤ ᠭᠤᠷᠪᠠᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠬᠡᠳᠦᠭᠡᠷ ᠹᠷᠣᠨᠲ ᠲᠤ ᠳᠤᠲᠠᠭᠳᠠᠵᠤ | ᠪᠠᠶᠢᠭ᠎ᠠ 30 ᠪᠠᠭᠰᠢ ᠶᠢ ᠤᠷᠢᠵᠤ ᠣᠷᠣᠭᠤᠯᠤᠨ ᠂ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠪᠠ ᠰᠤᠷᠭᠠᠨ | ᠬᠥᠮᠦᠵᠢᠯ ᠤᠨ ᠶᠠᠰᠤ ᠴᠢᠨᠠᠷ ᠢ ᠠᠯᠬᠤᠮ ᠠᠯᠬᠤᠮ ᠢᠶᠠᠷ ᠲᠡᠭᠡᠭᠰᠢᠯᠡᠬᠦᠯᠵᠦ᠂ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠢ ᠳᠤᠮᠳᠠᠳᠤ ᠰᠤᠷᠭᠠᠭᠤᠯᠢ ᠶᠢᠨ | ᠰᠢᠯᠭᠠᠷᠠᠭᠤᠯᠤᠯᠲᠠ ᠶᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠨ᠎ᠠ᠃ 2 ᠰᠢᠶᠠᠩ ᠪᠠᠯᠭᠠᠰᠤᠨ ᠤ ᠬᠡᠦᠬᠡᠳ ᠤᠨ | ᠴᠡᠴᠡᠷᠯᠢᠭ ᠤᠨ ᠵᠢᠭᠠᠨ ᠰᠤᠷᠭᠠᠬᠤ ᠠᠰᠠᠷ᠂ 2 ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ᠂ 1 ᠳᠤᠮᠳᠠᠳᠤ | ᠰᠤᠷᠭᠠᠭᠤᠯᠢ ᠶᠢᠨ ᠪᠠᠶᠢᠷᠢ ᠶᠢᠨ ᠠᠰᠠᠷ᠂ 1 ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠬᠠᠯᠬᠠᠯᠠᠬᠤ ᠲᠠᠮᠢᠷ ᠤᠨ | ᠲᠠᠯᠠᠪᠠᠶ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠳᠡᠭᠡᠨ ᠠᠰᠢᠭᠯᠠᠯᠲᠠ ᠳᠤ ᠤᠷᠤᠭᠤᠯᠤᠨ᠎ᠠ | ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠬᠦ | ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠳᠠ ᠶᠢ ᠠᠬᠢᠭᠤᠯᠬᠤ ᠡᠯ᠎ᠡ | ᠲᠦᠷᠦᠯ ᠤᠨ ᠠᠵᠢᠯ ᠢ ᠰᠠᠶᠢᠲᠤᠷ ᠠᠳᠬᠤᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ | ᠵᠣᠬᠢᠴᠠᠬᠤ ᠴᠢᠨᠠᠷᠲᠠᠢ ᠵᠢᠭᠠᠨ ᠰᠤᠷᠭᠠᠯᠲᠠ ᠶᠢ ᠡᠬᠢᠯᠡᠬᠦᠯᠦᠨ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠬᠢᠴᠢᠶᠡᠯ ᠲᠦᠷᠦᠯ ᠳᠤ | ᠲᠡᠯᠭᠡᠷᠡᠬᠦᠯᠦᠨ ᠭᠡᠷᠡᠭᠯᠡᠨ᠎ᠡ᠃ ᠡᠮᠴᠢᠯᠡᠭᠡᠨ ᠤ ᠬᠤᠯᠪᠤᠭᠠᠳᠤ ᠴᠣᠭᠴᠠ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ | ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ᠂ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ | ᠭᠠᠷᠭᠠᠬᠤ ᠪᠠᠷ ᠴᠢᠷᠮᠠᠶᠢᠨ᠎ᠠ᠃ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠠᠷᠭ᠎ᠠ ᠵᠠᠮ ᠢᠶᠠᠷ ᠪᠡᠯᠡ | ᠮᠥᠩᠭᠦ ᠴᠤᠭᠯᠠᠭᠤᠯᠤᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ | ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠡᠮᠴᠢᠯᠡᠭᠡᠨ ᠤ ᠦᠢᠯᠡᠴᠢᠯᠡᠭᠡ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠪᠠ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠂ ᠬᠤᠰᠢᠭᠤᠨ | ᠳᠣᠲᠣᠷ᠎ᠠ ᠪᠠᠨ ᠨᠠᠩ ᠥᠨᠳᠥᠷ ᠬᠢᠷᠢ ᠲᠦᠪᠰᠢᠨ ᠪᠦᠬᠦᠢ ᠤᠨᠤᠰᠢᠯᠠᠯᠳᠠ ᠪᠠ ᠡᠮᠴᠢᠯᠡᠭᠡ ᠬᠢᠵᠦ ᠦᠢᠯᠡᠴᠢᠯᠡᠭᠡ ᠲᠠᠢ | ᠪᠤᠯᠭᠠᠵᠤ᠂ ᠤᠯᠠᠨ ᠲᠦᠮᠡᠨ ᠳᠤ ᠲᠦᠬᠦᠮ ᠦᠵᠡᠬᠦᠯᠦᠨ᠎ᠡ᠃ ᠰᠣᠶᠣᠯ ᠲᠠᠮᠢᠷ ᠤᠨ ᠦᠢᠯᠡᠰ ᠢ ᠬᠦᠴᠦᠯᠡᠨ | ᠬᠦᠭᠵᠢᠬᠦᠯᠦᠨ᠎ᠡ᠃ ᠠᠷᠢᠬᠢᠨ ᠤ ᠰᠣᠶᠣᠯ ᠤᠨ ᠮᠦᠽᠧᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠳ᠋ᠦᠩ ᠵᠢᠶᠤᠤ ᠪᠡᠶ᠎ᠡ ᠴᠢᠭᠢᠷᠠᠭᠵᠢᠭᠤᠯᠬᠤ ᠲᠥᠪ᠂ ᠰᠢ ᠱᠠᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠵᠤ | ᠠᠰᠢᠭᠯᠠᠯᠲᠠ ᠳᠤ ᠤᠷᠤᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ | ᠠᠬᠢᠭᠤᠯᠤᠨ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠤᠳᠬ᠎ᠠ ᠤᠷᠠᠯᠢᠭ ᠤᠨ | ᠵᠣᠬᠢᠶᠠᠨ ᠪᠦᠲᠦᠭᠡᠬᠦ ᠴᠢᠳᠠᠪᠤᠷᠢ ᠶᠢ ᠨᠡᠮᠡᠭᠳᠡᠭᠦᠯᠦᠨ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠴᠢᠳᠠᠯ ᠢ | ᠨᠢᠭᠲᠠᠷᠠᠭᠤᠯᠤᠭᠰᠠᠨ ᠨᠠᠩ ᠣᠯᠠᠨ ᠰᠢᠯᠢᠳᠡᠭ ᠪᠦᠲᠦᠭᠡᠯ ᠢ ᠵᠤᠬᠢᠶᠠᠨ ᠪᠦᠳᠦᠭᠡᠵᠦ᠂ ᠠᠷᠠᠳ ᠲᠤ ᠠᠰᠢᠭ ᠬᠦᠷᠲᠡᠭᠡᠬᠦ | ᠤᠳᠬ᠎ᠠ ᠤᠷᠠᠯᠢᠭ ᠤᠨ ᠲᠣᠭᠯᠠᠯᠲᠠ ᠶᠢ ᠰᠠᠶᠢᠲᠤᠷ ᠥᠷᠨᠢᠭᠦᠯᠦᠨ᠎ᠡ᠃ ᠪᠥᠬᠦ ᠣᠷᠣᠨ ᠪᠥᠬᠦ ᠠᠶᠢᠮᠠᠭ ᠤᠨ ᠴᠢᠨᠠᠷᠳᠠᠢ | ᠡᠯ᠎ᠡ ᠲᠥᠷᠥᠯ ᠤᠨ ᠤᠷᠤᠯᠳᠤᠭᠠᠨ ᠨᠠᠭᠠᠳᠤᠮ ᠢ ᠢᠳᠡᠪᠬᠢᠲᠡᠢ ᠲᠠᠭᠠᠭᠠᠴᠢᠯᠠᠨ ᠡᠷᠭᠢᠯᠡᠵᠦ᠂ ᠳᠠᠭᠤᠤ ᠬᠥᠭᠵᠢᠮ ᠤᠨ | ᠨᠠᠶᠢᠷ᠂ ᠳᠤᠮᠳᠠᠳᠤ ᠶᠢᠨ ᠦᠨᠳᠦᠰᠦᠲᠡᠨ ᠤ ᠮᠣᠷᠢᠨ ᠤᠷᠤᠯᠳᠤᠭᠠᠨ᠂ ᠬᠦᠭᠵᠢᠮᠴᠢᠳ ᠤᠨ ᠴᠤᠭᠯᠠᠭᠠᠨ ᠵᠡᠷᠭᠡ | ᠣᠯᠠᠨ ᠲᠦᠮᠡᠨᠴᠢ ᠴᠢᠨᠠᠷᠲᠠᠢ ᠬᠦᠳᠡᠯᠪᠦᠷᠢ ᠠᠵᠢᠯᠯᠠᠭ᠎ᠠ ᠶᠢ ᠡᠷᠬᠢᠯᠡᠨ᠂ ᠣᠯᠠᠨ ᠲᠦᠮᠡᠨ ᠤ ᠰᠣᠶᠣᠯ ᠲᠠᠮᠢᠷ ᠤᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠢ | ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ | ᠴᠢᠩᠭᠠᠳᠬᠠᠨ᠂ ᠲᠠᠶᠢᠹᠤᠰᠧ ᠬᠤᠰᠢᠭᠤᠨ ᠤ ᠮᠦᠽᠧᠢ ᠶᠢᠨ ᠠᠰᠢᠭᠯᠠᠯᠲᠠ ᠳᠤ ᠣᠷᠣᠬᠤ ᠶᠢ ᠲᠦᠷᠭᠡᠳᠬᠡᠨ | ᠠᠬᠢᠭᠤᠯᠤᠨ᠎ᠠ᠃ | ︵ᠳᠣᠯᠤᠭ᠎ᠠ︶ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭ᠎ᠠ ᠱᠤᠭᠤᠮ ᠢ ᠰᠠᠬᠢᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠤᠷ ᠲᠦᠪᠰᠢᠨ ᠬᠦᠭᠵᠢᠯᠳᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠦᠭᠵᠢᠯᠳᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ | ᠰᠠᠶᠢᠲᠤᠷ ᠠᠳᠬᠤᠵᠤ᠂ ︽ᠭᠤᠷᠪᠠᠨ ᠬᠠᠮᠢᠶᠠᠷᠤᠯᠳᠠ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ ᠂ ᠡᠯ᠎ᠡ ᠲᠦᠷᠦᠯ ᠤᠨ ᠲᠤᠰᠬᠠᠢ ᠴᠡᠭᠴᠡᠯᠡᠯᠳᠡ ᠪᠠ ᠪᠤᠭᠤᠮᠳᠠ ᠰᠢᠪᠳᠤᠯᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠴᠢᠳᠠᠪᠤᠷᠢ ᠪᠠᠨ ᠲᠡᠭᠡᠭᠰᠢᠯᠡᠬᠦᠯᠦᠨ᠂ | ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠨ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠭᠡᠷᠡᠭᠳᠡᠢ᠃ ᠠᠶᠤᠯ ᠲᠦᠭᠰᠢᠭᠦᠷᠢ ᠶᠢᠨ ᠤᠬᠠᠮᠰᠠᠷ ᠪᠠ | ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢᠨ | ᠨᠡᠮᠡᠭᠳᠡᠯ ᠢ ᠡᠷᠡᠰ ᠬᠤᠷᠢᠭᠯᠠᠨ᠎ᠠ᠃ ᠠᠵᠢᠯ ᠲᠥᠷᠥᠯ ᠤᠨ ᠬᠢᠷᠢ ᠬᠡᠮ ᠲᠠᠢ ᠨᠤᠳᠤᠭ ᠤᠨ ᠠᠵᠤ ᠠᠬᠤᠶᠢᠯᠠᠯ ᠢ | ᠪᠤᠶᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠵᠤ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠡᠯ᠎ᠡ ᠲᠦᠷᠦᠯ ᠤᠨ ᠠᠵᠤ | ᠠᠬᠤᠢ ᠶᠢᠨ ᠠᠷᠭ᠎ᠠ ᠪᠠᠷᠢᠯ ᠢ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠲᠣᠭᠲᠠᠭᠤᠨ ᠢᠶᠠᠷ ᠠᠷᠢᠯᠭᠠᠵᠤ | ᠂ ᠳᠠᠯᠳᠠ ᠥᠷᠢ ᠥᠭᠴᠡᠭᠡ ᠶᠢᠨ ᠬᠡᠪᠴᠢᠶ᠎ᠡ ᠪᠠ ᠲᠦᠭᠰᠢᠭᠦᠷᠢ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠎ᠡ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ | ᠦᠨᠡᠨᠴᠢ ᠢᠲᠡᠭᠡᠮᠵᠢ ᠶᠢᠨ ᠢᠨᠵᠧᠨᠧᠷᠢᠩ︾ ᠢ ᠰᠠᠶᠢᠲᠤᠷ ᠭᠡᠷᠡᠭᠵᠢᠬᠦᠯᠦᠨ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠢ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠭᠡᠷᠡᠭᠳᠡᠢ᠃ | ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠤᠯᠭᠠᠨ᠂ ᠣᠯᠠᠨ | ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠬᠤ ᠭᠡᠷᠡᠭᠳᠡᠢ᠃ | ᠨᠡᠶᠢᠬᠡᠮ ᠤᠨ ᠵᠠᠰᠠᠯᠲᠠ ᠶᠢ ᠲᠠᠰᠤᠷᠠᠯᠲᠠ ᠦᠭᠡᠢ ᠰᠢᠨᠡᠴᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ | ᠵᠢᠱᠢᠶ᠎ᠡ ᠦᠵᠡᠭᠦᠯᠬᠦ ᠠᠶᠢᠮᠠᠭ ᠤᠨ ᠪᠠᠶᠢᠭᠤᠯᠤᠯᠳᠠ ᠶᠢᠨ ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠢ ᠰᠠᠶᠢᠨ | ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠢᠳᠡᠪᠬᠢᠲᠡᠢ ᠪᠠᠷ ᠪᠦᠯᠬᠦᠮᠳᠡᠬᠦᠯᠦᠨ ᠵᠢᠯᠤᠭᠤᠳᠴᠤ᠂ ︽ | ᠨᠠᠮ ᠤᠨ ᠢᠶᠠᠨ ᠠᠴᠢ ᠳᠤ ᠲᠠᠯᠠᠷᠬᠠᠬᠤ᠂ ᠨᠠᠮ ᠤᠨ ᠢᠶᠠᠨ ᠦᠭᠡ ᠶᠢ ᠰᠤᠨᠤᠰᠬᠤ᠂ ᠨᠠᠮ ᠢᠶᠠᠨ ᠡᠬᠦᠷᠢᠳᠡ ᠲᠠᠭᠠᠬᠤ︾ | ᠶᠢ ᠪᠡᠶᠡᠯᠡᠬᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ | ᠬᠠᠮᠠᠭᠠᠯᠠᠬᠤ ᠲᠠᠯ᠎ᠠ ᠪᠠᠷ ᠲᠠᠶᠢᠹᠤᠰᠧ ᠬᠤᠰᠢᠭᠤᠨ ᠤ ᠰᠢᠨ᠎ᠡ ᠡᠭᠦᠷᠭᠡᠯᠡᠯ ᠢ ᠢᠯᠡᠷᠡᠭᠦᠯᠦᠨ᠎ᠡ᠃ ︽ᠨᠠᠢᠮᠠᠳᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂ ᠰᠢᠨ᠎ᠡ ᠴᠠᠭ ᠦᠶ᠎ᠡ ᠶᠢᠨ ︽ | ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠮᠤᠷ ᠠᠮᠤᠭᠤᠯᠠᠩ ᠲᠠᠶᠢᠹᠤᠰᠧ ᠬᠤᠰᠢᠭᠤᠨ ᠤ | ᠪᠠᠶᠢᠭᠤᠯᠤᠯᠳᠠ ᠶᠢ ᠤᠯᠠᠮ ᠬᠦᠨᠵᠡᠬᠡᠶᠢᠷᠡᠬᠦᠯᠦᠨ᠂ ᠵᠥᠷᠢᠴᠡᠯ ᠵᠢᠭᠤᠷᠠᠭᠠᠨ ᠢ ᠤᠯᠠᠨ ᠲᠠᠯ᠎ᠠ ᠠᠴᠠ ᠰᠢᠢᠳᠪᠦᠷᠢᠯᠡᠬᠦ | ᠲᠣᠭᠲᠠᠴᠠ ᠶᠢ ᠲᠡᠬᠦᠯᠳᠡᠷᠵᠢᠬᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠲᠣᠬᠢᠲᠠᠢ | ᠰᠢᠢᠳᠪᠦᠷᠢᠯᠡᠨ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠠᠷᠭ᠎ᠠ ᠤᠬᠠᠭᠠᠨ | ᠰᠦᠪᠡᠭᠴᠢᠯᠡᠵᠦ ᠪᠠᠶᠢᠭᠠᠳ ᠲᠡᠦᠬᠡᠨ ᠠᠴᠠ ᠦᠯᠡᠳᠡᠭᠳᠡᠵᠦ ᠢᠷᠡᠭᠰᠡᠨ ᠭᠡᠷ ᠪᠠᠶᠢᠰᠢᠩ ᠭᠠᠵᠠᠷ ᠰᠢᠷᠣᠢ ᠶᠢᠨ | ᠠᠰᠠᠭᠤᠳᠠᠯ ᠢ ᠰᠢᠢᠳᠪᠦᠷᠢᠯᠡᠵᠦ᠂ ᠭᠡᠷ ᠪᠠᠶᠢᠰᠢᠩ ᠭᠠᠵᠠᠷ ᠰᠢᠷᠤᠢ ᠶᠢᠨ ᠵᠠᠬ᠎ᠠ ᠲᠡᠯᠬᠡᠬᠦᠷ ᠤᠨ ᠡᠮᠬᠢ ᠲᠢᠭᠯᠡᠮ | ᠡᠪᠳᠡᠭᠳᠡᠬᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ︽ᠲᠠᠯᠠᠭᠠᠷ ᠰᠦᠢᠳᠬᠦ︾ ᠶᠢ ᠰᠡᠷᠭᠡᠶᠢᠯᠡᠨ᠎ᠡ᠃ ᠠᠷᠭ᠎ᠠ | ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠭᠠᠵᠠᠷ ᠰᠢᠷᠣᠢ ᠶᠢ ᠰᠤᠯᠠ ᠪᠠᠶᠢᠯᠭᠠᠬᠤ ᠪᠠ ᠦᠷ᠎ᠡ ᠠᠰᠢᠭ | ᠦᠬᠡᠢ ᠭᠡᠷᠡᠭᠯᠡᠬᠦ ᠠᠰᠠᠭᠤᠳᠠᠯ ᠢ ᠵᠠᠰᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ᠂ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠪᠤᠰᠤ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠮᠡᠳᠡᠭᠡ ᠵᠠᠩᠭᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠲᠤᠭ᠎ᠠ ᠪᠦᠷᠢᠳᠭᠡᠯ᠂ | ᠬᠢᠨᠠᠨ ᠪᠤᠳᠤᠬᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠰᠣᠨᠢᠨ ᠮᠡᠳᠡᠭᠡᠨ ᠤ ᠤᠬᠠᠭᠤᠯᠭ᠎ᠠ᠂ ᠲᠠᠩᠰᠠ | ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠤᠨ ᠬᠡᠮᠵᠢᠯᠲᠡ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠪ ᠬᠠᠮᠲᠤ | ᠵᠠᠯᠠᠭᠤᠴᠤᠳ ᠤᠨ ᠡᠪᠯᠡᠯ ᠵᠡᠷᠭᠡ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠨ᠎ᠡ᠃ | ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠪᠠᠨ ᠤᠯᠠᠮ ᠲᠡᠭᠡᠭᠰᠢᠯᠡᠬᠦᠯᠦᠨ᠎ᠡ᠃ ᠰᠤᠷᠲᠠᠯ ᠤᠨ ᠪᠠᠶᠢᠭᠤᠯᠤᠯᠲᠠ ᠶᠢ | ᠢᠮᠠᠭᠲᠠ ᠪᠠᠷᠢᠮᠳᠠᠯᠠᠨ᠎ᠠ᠃ ᠵᠠᠰᠠᠭ ᠤᠨ ᠰᠤᠷᠲᠠᠯ ᠪᠤᠯ ᠵᠠᠰᠠᠭ ᠤᠨ ᠣᠷᠳᠣᠨ ᠤ ᠳᠦᠷᠢ ᠲᠥᠷᠬᠦ ᠪᠣᠯᠬᠤ ᠪᠠᠷ ᠪᠠᠷᠠᠬᠤ | ᠦᠭᠡᠢ ᠨᠡᠩ ᠴᠤ ᠬᠥᠭᠵᠢᠯᠲᠡ ᠶᠢᠨ ᠠᠮᠢ ᠨᠠᠰᠤ ᠪᠣᠯᠬᠤ ᠶᠤᠮ᠃ ᠪᠥᠬᠦ ᠬᠤᠰᠢᠭᠤᠨ ᠤ ᠳᠡᠭᠡᠳᠦ ᠳᠣᠣᠷᠠᠳᠤ | ᠱᠠᠲᠤᠨ ᠤ ᠬᠢᠨ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠬᠦᠯᠦᠨ᠂ ᠨᠢᠭᠤᠷ ᠲᠠᠯ᠎ᠠ ᠬᠠᠷᠠᠬᠤ ᠦᠭᠡᠢ᠂ ᠬᠢᠷᠢ | ᠬᠡᠮ ᠢ ᠬᠠᠮᠢᠶᠠᠷᠬᠤ ᠦᠭᠡᠢ ᠪᠠᠶᠢᠵᠤ᠂ ᠣᠪᠣᠷ ᠤᠨ ᠲᠠᠯ᠎ᠠ ᠪᠠᠷ ︽ᠬᠦᠯᠢᠶᠡᠬᠦ︾ ︽ ᠨᠠᠶᠢᠳᠠᠬᠤ︾ ︽ᠬᠢᠬᠠᠬᠤ︾᠂ | ᠴᠠᠭ ᠤᠨ ᠲᠠᠯ᠎ᠠ ᠪᠠᠷ ︽ᠲᠦᠯᠬᠢᠬᠦ︾ ︽ᠵᠠᠶᠢᠯᠠᠬᠤ︾ ︽ᠲᠦᠰᠢᠭᠯᠡᠬᠦ︾᠂ ᠬᠡᠷᠡᠭᠵᠢᠭᠦᠯᠦᠯᠲᠡ ᠶᠢᠨ ᠲᠠᠯ᠎ᠠ ᠪᠠᠷ ︽ | ᠠᠯᠵᠠᠭᠤᠷᠠᠬᠤ︾ ︽ᠬᠤᠶᠢᠷᠭᠤᠰᠢᠬᠤ︾ ︽ᠰᠤᠯᠠᠷᠠᠬᠤ︾ ᠵᠡᠷᠭᠡ ᠦᠶᠯᠡ ᠠᠵᠢᠯᠯᠠᠭ᠎ᠠ ᠶᠢ ᠡᠷᠡᠰ ᠴᠡᠭᠡᠷᠯᠡᠬᠦ ᠬᠡᠷᠡᠭᠲᠡᠢ | ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠠᠭ ᠢᠮᠠᠭᠲᠠ ᠵᠠᠰᠠᠭ ᠤᠨ ᠣᠷᠳᠣᠨ ᠤ ᠠᠵᠢᠯ ᠤᠨ ᠲᠡᠷᠢᠬᠦᠨ | ᠱᠠᠭᠠᠷᠳᠠᠯᠭ᠎ᠠ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠠᠳᠬᠤᠵᠤ᠂ ᠪᠤᠰᠢᠭᠤ ᠱᠠᠯᠠᠮᠠᠭᠠᠢ ᠪᠠᠷ | ᠠᠳᠬᠤᠵᠤ᠂ ᠦᠨᠡᠨ ᠪᠣᠳᠠᠲᠠᠢ ᠠᠳᠬᠤᠵᠤ᠂ ᠢᠳᠡᠭᠡᠯ ᠵᠣᠷᠢᠭᠲᠠᠢ ᠠᠳᠬᠤᠬᠤ ᠬᠡᠷᠡᠭᠲᠡᠢ᠂ ᠶᠠᠭᠠᠬᠢᠭᠰᠠᠨ ᠴᠤ | ᠬᠦᠴᠢᠷᠳᠡᠯ ᠲᠤᠯᠭᠠᠷᠠᠪᠠᠯ ︽ᠵᠣᠭᠰᠣᠵᠤ︾᠂ ᠪᠣᠭᠤᠮᠢ ᠲᠤᠯᠭᠠᠷᠠᠪᠠᠯ ︽ᠤᠬᠤᠷᠢᠵᠤ︾᠂ ᠵᠥᠷᠢᠴᠡᠯ ᠲᠤᠯᠭᠠᠷᠠᠪᠠᠯ ︽ | ᠪᠤᠷᠤᠭᠤᠯᠠᠵᠤ︾ ᠪᠣᠯᠬᠤ ᠦᠭᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠠᠵᠢᠯ ᠦᠢᠯᠡᠰ ᠢᠶᠠᠨ | ᠲᠡᠭᠡᠳᠦᠯᠡᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠦᠨᠡᠨ | ᠪᠤᠳᠠᠳᠠᠢ ᠠᠵᠢᠯᠯᠠᠨ᠂ ︽ ᠤᠷᠤᠭᠰᠢᠯᠠᠵᠤ ᠲᠠᠪᠰᠢᠬᠤ︾ ᠠᠴᠠ ᠪᠢᠰᠢ ︽ᠤᠷᠤᠨ ᠳᠠᠭᠠᠨ ᠵᠤᠭᠰᠤᠬᠤ︾ ᠦᠬᠡᠢ ᠂ | ︽ ᠬᠦᠳᠡᠯᠵᠦ ᠬᠢᠬᠦ︾ ᠠᠴᠠ ᠪᠢᠰᠢ ︽ ᠬᠦᠳᠦᠯᠦᠬᠦᠯᠵᠦ ᠠᠯᠬᠤᠬᠤ︾ ᠦᠭᠡᠢ ᠪᠠᠶᠢᠵᠤ᠂ ᠠᠵᠢᠯ ᠶᠠᠪᠤᠳᠠᠯ | ᠨᠢᠬᠡᠪᠦᠷᠢ ᠶᠢ ᠦᠨᠡᠨ ᠪᠤᠳᠠᠳᠠᠢ ᠨᠠᠶᠢᠳᠠᠪᠤᠷᠢᠵᠢᠭᠤᠯᠤᠨ᠂ ︽ᠰᠢᠪᠠᠷ ᠦᠬᠡᠷ ᠳᠠᠯᠠᠢ ᠳᠤ ᠤᠷᠤᠵᠤ ᠰᠢᠪᠠᠷ ᠪᠤᠷᠬᠠᠨ | ᠭᠤᠤᠯ ᠭᠠᠳᠤᠯᠬᠤ︾ ᠦᠵᠡᠭᠳᠡᠯ ᠢ ᠶᠠᠭᠠᠬᠢᠭᠰᠠᠨ ᠴᠤ ᠭᠠᠷᠭᠠᠵᠤ ᠪᠣᠯᠬᠤ ᠦᠭᠡᠢ᠃ ᠵᠠᠰᠠᠭ ᠤᠨ ᠣᠷᠳᠣᠨ ᠤ | ᠤᠳᠤᠷᠢᠳᠬᠤ ᠪᠠᠭ ᠤᠨ ᠭᠡᠰᠢᠬᠦᠳ ︽ᠬᠥᠭᠵᠢᠯᠲᠡ ᠳᠤ ᠬᠤᠷᠳᠤᠳᠬᠠᠭᠤᠷ ᠪᠠᠶᠢᠬᠤ ᠠᠴᠠ ᠪᠢᠰᠢ ᠲᠤᠷᠮᠤᠰᠯᠠᠭᠤᠷ | ᠪᠠᠶᠢᠬᠤ ᠦᠭᠡᠢ᠂ ᠲᠦᠷᠭᠡᠳᠭᠡᠬᠦᠷ ᠪᠠᠶᠢᠬᠤ ᠠᠴᠠ ᠪᠢᠰᠢ ᠲᠡᠬᠦᠰᠬᠡᠯ ᠪᠠᠶᠢᠬᠤ ᠦᠬᠡᠢ ︾ ᠭᠡᠳᠡᠭ ᠢ ᠰᠡᠷᠭᠡᠭ ᠢᠶᠠᠷ | ᠲᠠᠨᠢᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ | ᠵᠢᠷᠤᠮᠯᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ | ᠵᠠᠬᠢᠷᠭ᠎ᠠ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ | ᠪᠦᠳᠦᠮᠵᠢᠳᠡᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ | ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠪᠠᠷ | ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠬᠠᠤᠯᠢ ᠪᠠᠷ | ᠲᠣᠭᠲᠠᠭᠠᠭᠰᠠᠨ ᠡᠬᠦᠷᠭᠡ ᠲᠤᠰᠢᠶᠠᠯ ᠢᠶᠠᠨ ᠡᠷᠬᠡᠪᠰᠢ ᠬᠦᠢᠴᠡᠳᠭᠡᠬᠦ ᠭᠡᠷᠡᠭᠳᠡᠢ᠃ ᠢᠨᠵᠧᠨᠧᠷᠢᠩ ᠤᠨ ᠶᠠᠰᠤ | ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠬᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ | ᠳᠡᠭᠡᠭᠰᠢᠯᠡᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ︽ᠭᠤᠷᠪᠠᠨ ᠴᠢᠬᠤᠯᠠ ᠨᠢᠭᠡ ᠲᠤᠮᠤ︾ | ᠶᠢᠨ ᠳᠦᠷᠢᠮ ᠢ ᠬᠡᠷᠡᠭᠵᠢᠭᠦᠯᠬᠦ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠬᠦᠴᠦᠯᠡᠬᠦ ᠴᠡᠭ ᠤᠨ ᠨᠢᠭᠡ | ᠪᠣᠯᠭᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ᠎ᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ | ᠠᠵᠢᠯ ᠢ ᠢᠮᠠᠭᠲᠠ ᠬᠠᠤᠯᠢᠵᠢᠯ ᠤᠨ ᠵᠠᠮ ᠢᠶᠠᠷ ᠥᠨᠳᠥᠷ ᠪᠦᠲᠦᠮᠵᠢᠲᠡᠶ ᠶᠠᠪᠤᠭᠳᠠᠭᠤᠯᠤᠨ᠎ᠠ᠃ ᠪᠣᠳᠠᠲᠠᠢ ᠠᠵᠢᠯᠯᠠᠵᠤ | ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠠᠷᠢᠮᠳᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ | ᠦᠵᠡᠯᠲᠡ ᠶᠢ ᠦᠢᠯᠡᠳᠦᠯᠭᠡᠵᠢᠬᠦᠯᠦᠨ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠶᠡᠭᠡ ᠠᠵᠢᠯ ᠤᠨ | ᠠᠮᠵᠢᠯᠲᠠ ᠪᠠᠨ ᠪᠣᠯᠭᠠᠬᠤ ᠬᠡᠷᠡᠭᠲᠡᠢ᠃ ᠪᠣᠳᠠᠲᠠᠢ ᠠᠵᠢᠯᠯᠠᠬᠤ ᠲᠠᠯ᠎ᠠ ᠪᠠᠷ᠂ ︽ᠰᠢᠨ᠎ᠡ ᠨᠣᠶᠠᠨ ᠬᠠᠭᠤᠴᠢᠨ | ᠲᠠᠩᠰᠠ ᠶᠢ ᠦᠯᠦ ᠬᠠᠮᠢᠶᠠᠷᠬᠤ︾ ᠶᠠᠪᠤᠳᠠᠯ ᠢ ᠬᠢᠵᠦ ᠪᠣᠯᠬᠤ ᠦᠭᠡᠢ ᠮᠥᠷᠲᠡᠭᠡᠨ ᠨᠢᠳᠦᠨ ᠡᠮᠦᠨᠡᠬᠢ ᠪᠠᠨ ᠯᠠ | ᠪᠤᠳᠤᠭᠠᠳ ᠠᠯᠤᠰ ᠢᠷᠡᠭᠡᠳᠦᠢ ᠶᠢ ᠬᠠᠶᠢᠬᠤᠷᠬᠤ ᠦᠭᠡᠢ᠂ ᠢᠷᠡᠭᠡᠳᠦᠢ ᠳᠤ ᠶᠠᠷᠰᠢᠭ ᠲᠦᠪᠡᠭ ᠦᠯᠡᠳᠡᠭᠡᠬᠦ ᠶᠠᠪᠤᠳᠠᠯ ᠢ | ᠴᠤ ᠬᠢᠵᠦ ᠪᠣᠯᠬᠤ ᠦᠭᠡᠢ᠂ ᠨᠡᠩ ᠴᠤ ︽ ᠤᠷᠤ ᠡᠵᠡᠯᠡᠨ ᠪᠤᠳᠠᠭ᠎ᠠ ᠢᠳᠡᠵᠦ︾ ᠵᠠᠰᠠᠭ ᠤᠨ ᠶᠠᠪᠤᠳᠠᠯ ᠢ | ᠪᠣᠳᠣᠯᠬᠢᠯᠠᠬᠤ ᠦᠭᠡᠢ ᠪᠠᠶᠢᠵᠤ ᠶᠠᠭᠠᠬᠢᠭᠰᠠᠨ ᠪᠣᠯᠬᠤ ᠦᠭᠡᠢ᠃ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ᠂ ᠬᠡᠨ | ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠲᠡᠭᠦᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠬᠡᠨ ᠠᠵᠢᠯ ᠤᠨ | ᠪᠠᠶᠢᠷᠢ ᠪᠠᠨ ᠬᠠᠶᠢᠷᠠᠯᠠᠬᠤ ᠦᠭᠡᠢ ᠪᠣᠯ ᠲᠡᠭᠦᠨ ᠢ ︽ ᠠᠵᠢᠯ ᠤᠨ ᠪᠠᠶᠢᠷᠢ ᠠᠴᠠ ᠪᠠᠭᠤᠬᠤ︾ ᠶᠢ ᠰᠠᠨᠠᠭᠤᠯᠤᠨ᠎ᠠ᠃ ︽ | 12345︾ ᠪᠣᠯ ᠤᠯᠠᠨ ᠲᠦᠮᠡᠨ ᠠᠴᠠ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ | ᠬᠢᠨᠠᠯᠲᠠ ᠲᠠᠯᠪᠢᠬᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ᠂ ᠪᠦᠬᠦ ᠶᠠᠪᠤᠴᠠ ᠶᠢᠨ ᠠᠷᠠᠳ ᠤᠨ | ᠠᠷᠠᠳᠴᠢᠯᠠᠯ ᠢ ᠬᠡᠷᠡᠭᠵᠢᠭᠦᠯᠬᠦ ᠨᠢᠭᠡ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠮᠥᠨ᠂ ᠪᠢᠳᠡ ᠡᠷᠬᠡᠪᠰᠢ ᠨᠠᠷᠢᠨ | ᠬᠢᠨᠠᠮᠠᠭᠠᠢ ᠬᠠᠨᠳᠤᠵᠤ᠂ ᠴᠠᠭ ᠲᠤᠬᠠᠢ ᠳᠤᠨᠢ ᠬᠠᠷᠢᠭᠤ ᠥᠭᠴᠦ᠂ ᠡᠪ ᠲᠤᠮᠳᠠᠢ ᠰᠢᠢᠳᠪᠦᠷᠢᠯᠡᠵᠦ᠂ ᠨᠡᠶᠢᠭᠡᠮ ᠤᠨ | ᠡᠯ᠎ᠡ ᠡᠳᠡᠭᠡᠳ ᠤᠨ ᠰᠢᠭᠦᠮᠵᠢᠯᠡᠯ ᠪᠠ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠬᠦᠯᠢᠶᠡᠨ᠂ ᠵᠠᠰᠠᠭ ᠤᠨ ᠣᠷᠳᠣᠨ | ᠤ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠶᠢ ᠪᠠᠳᠤᠯᠠᠬᠤ ᠬᠡᠷᠡᠭᠲᠡᠢ᠃ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ | ᠪᠠᠳᠠᠷᠠᠭᠤᠯᠤᠨ᠂ ᠪᠠᠶᠢᠳᠠᠯ ᠢ ᠨᠢᠭᠡᠳᠦᠭᠡᠷ ᠹᠷᠣᠨᠲ ᠲᠤ ᠡᠵᠡᠮᠰᠢᠵᠦ᠂ ᠠᠵᠢᠯ ᠢ ᠨᠢᠭᠡᠳᠦᠭᠡᠷ ᠹᠷᠣᠨᠲ ᠲᠤ | ᠨᠠᠶᠢᠳᠠᠪᠤᠷᠢᠵᠢᠭᠤᠯᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠬᠦ ᠬᠡᠷᠡᠭᠲᠡᠢ᠃ ᠠᠷᠢᠭᠤᠨ ᠴᠢᠬᠡᠴᠢ | ᠠᠵᠢᠯᠴᠢ ᠠᠷᠪᠢᠴᠢ ᠪᠠᠶᠢᠬᠤ ᠶᠢ ᠢᠮᠠᠭᠲᠠ ᠪᠠᠷᠢᠮᠲᠠᠯᠠᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠢ ᠬᠦᠢᠴᠡᠳᠭᠡᠨ᠂ | ᠵᠠᠰᠠᠭ ᠤᠨ ᠣᠷᠳᠣᠨ ᠤ ᠰᠢᠰᠲ᠋ᠧᠮ ᠪᠠ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠨ ᠠᠳᠬᠤᠬᠤ ᠭᠡᠷᠡᠭᠳᠡᠢ᠃ ︽ᠡᠮᠡᠬᠡᠯ ᠢᠶᠠᠨ | ᠵᠠᠰᠠᠵᠤ ᠵᠢᠯᠣᠭᠤ ᠪᠠᠨ ᠲᠠᠳᠠᠬᠤ︾ ᠲᠣᠭᠲᠠᠯ ᠬᠦᠴᠦᠨ ᠢᠶᠠᠷ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠡᠷᠡᠰ ᠴᠡᠭᠴᠡᠯᠡᠨ᠂ ᠲᠥᠪ ᠤᠨ | ᠨᠠᠢᠮᠠᠨ ᠲᠣᠭᠲᠠᠭᠠᠯ ᠪᠠ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ | ᠡᠩ ᠤᠨ ᠴᠢᠨᠠᠷᠲᠠᠢ ᠵᠠᠷᠤᠯᠭ᠎ᠠ︾ ᠶᠢ ᠪᠠᠭᠠᠰᠬᠠᠨ᠂ ︽ᠭᠤᠷᠪᠠᠨ ᠠᠯᠪᠠᠨ ᠵᠠᠷᠤᠳᠠᠯ︾ ᠢ ᠬᠢᠵᠠᠭᠠᠷᠯᠠᠵᠤ᠂ ᠴᠢᠬᠤᠯᠠ | ᠪᠤᠰᠤ ᠡᠳ᠋ ᠤᠨ ᠵᠠᠰᠠᠭ ᠤᠨ ᠵᠠᠷᠤᠯᠭ᠎ᠠ ᠶᠢ ᠴᠡᠭᠡᠷᠯᠡᠨ᠂ ᠴᠢᠬᠤᠯᠠ ᠪᠦᠬᠦᠢ ᠡᠳ᠋ ᠤᠨ ᠵᠠᠰᠠᠭ ᠤᠨ ᠵᠠᠷᠤᠯᠭ᠎ᠠ ᠶᠢ ᠴᠢᠩᠭ᠎ᠠ | ᠬᠢᠵᠠᠭᠠᠷᠯᠠᠵᠤ᠂ ᠵᠠᠰᠠᠭ ᠤᠨ ᠣᠷᠳᠣᠨ ᠤ ︽ᠭᠠᠴᠢᠭ ᠠᠮᠢᠳᠤᠷᠠᠯ︾ ᠢᠶᠠᠷ ᠠᠷᠠᠳ ᠲᠦᠮᠡᠨ ᠤ ︽ᠵᠢᠷᠭᠠᠯᠳᠤ | ᠠᠮᠢᠳᠤᠷᠠᠯ︾ ᠢ ᠰᠣᠯᠢᠵᠤ ᠠᠪᠴᠢᠷᠠᠬᠤ ᠭᠡᠷᠡᠭᠳᠡᠢ᠃ | ᠲᠥᠯᠥᠭᠡᠯᠡᠭᠴᠢᠳ ᠠ᠋᠂ ᠬᠦᠮᠦᠨ ᠤ ᠨᠢᠬᠡ ᠨᠠᠰᠤᠨ ᠳᠤ ᠲᠠᠪᠤᠨ ᠵᠢᠯ ᠤᠯᠠᠨ ᠲᠤᠬᠢᠶᠠᠯᠳᠤᠬᠤ ᠦᠬᠡᠢ ᠶᠤᠮ᠂ | ᠨᠢᠬᠡ ᠮᠡᠳᠡᠬᠦ ᠳᠤ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠡᠬᠦᠷᠭᠡᠯᠡᠬᠦ ᠬᠤᠭᠤᠴᠠᠭ᠎ᠠ ᠴᠤ | ᠬᠠᠭᠠᠰᠯᠠᠭᠠᠳ ᠪᠠᠶᠢᠭ᠎ᠠ᠂ ᠭᠡᠬᠦ ᠳᠡᠭᠡᠨ ᠮᠠᠰᠢ ᠤᠯᠠᠨ ᠠᠵᠢᠯ ᠰᠠᠶ᠋ᠢᠬᠠᠨ ᠡᠬᠢᠯᠡᠵᠦ᠂ ᠮᠠᠨ ᠤ ᠠᠵᠢᠯ ᠡᠭᠦᠷᠭᠡ ᠴᠤ | ᠲᠤᠶᠢᠯ ᠤᠨ ᠬᠦᠨᠳᠦ ᠨᠦᠰᠡᠷ ᠪᠠᠶᠢᠨ᠎ᠠ᠃ ᠥᠨᠥᠳᠥᠷ ᠤᠨ ᠲᠠᠶᠢᠹᠤᠰᠧ ᠬᠤᠰᠢᠭᠤ ᠨᠢ ᠶᠠᠭ ᠰᠠᠶᠢᠬᠠᠨ ᠶᠡᠭᠡ ᠦᠢᠯᠡᠰ | ᠢ ᠪᠦᠳᠦᠭᠡᠬᠦ ᠰᠢᠨ᠎ᠡ ᠴᠠᠭ ᠦᠶ᠎ᠡ ᠳᠤ ᠣᠷᠣᠰᠢᠵᠤ᠂ ᠬᠦᠭᠵᠢᠯᠳᠡ ᠶᠢᠨ ᠢᠷᠡᠭᠡᠳᠦᠢ ᠴᠠᠭᠯᠠᠰᠢ ᠦᠬᠡᠢ ᠭᠡᠭᠡᠨ | ᠰᠠᠷᠠᠭᠤᠯ ᠪᠠᠶᠢᠭ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ | ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ | ᠡᠭᠦᠷᠭᠡᠯᠡᠵᠦ᠂ ᠡᠷᠴᠢ ᠵᠤᠷᠢᠭ ᠲᠠᠢ ᠡᠷᠡᠮᠡᠬᠡᠶᠢᠯᠡᠨ ᠤᠷᠤᠭᠰᠢᠯᠠᠵᠤ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ | ᠡᠶ᠎ᠡ ᠵᠣᠬᠢᠴᠠᠯ ᠲᠠᠢ᠂ ᠦᠵᠡᠰᠬᠦᠯᠡᠩᠲᠦ ᠲᠠᠩᠰᠤᠭ ᠲᠠᠶᠢᠹᠤᠰᠧ ᠬᠤᠰᠢᠭᠤ ᠶᠢ ᠲᠦᠷᠭᠡᠭᠡᠨ ᠪᠠᠶᠢᠭᠤᠯᠬᠤ ᠶᠢᠨ | ᠲᠥᠯᠥᠭᠡ ᠴᠥᠬᠦᠷᠡᠰᠢ ᠦᠭᠡᠢ ᠴᠢᠷᠮᠠᠶᠢᠨ ᠲᠡᠮᠡᠴᠡᠵᠡᠭᠡᠶ᠎ᠡ︕ | | | | ᠨᠡᠷ᠎ᠡ ᠦᠭᠡ ᠶᠢᠨ ᠲᠠᠶᠢᠯᠪᠤᠷᠢ᠄ | ᠲᠠᠪᠤᠨ ᠶᠡᠭᠡ ᠡᠭᠦᠷᠭᠡ᠄ ᠥᠪᠥᠷ ᠮᠣᠩᠭᠤᠯ ᠢ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ | ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠠᠶᠢᠭᠤᠯᠤᠨ᠎ᠠ᠃ | ᠪᠠᠭᠤᠯᠭᠠᠬᠤ ᠬᠠᠮᠢᠶᠠᠷᠬᠤ ᠦᠢᠯᠡᠴᠢᠯᠡᠬᠦ᠄ ︽ᠪᠠᠭᠤᠯᠭᠠᠬᠤ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠵᠤ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠬᠤ ᠶᠢ ᠬᠡᠯᠡᠨ᠎ᠡ᠃ ︽ | ᠬᠠᠮᠢᠶᠠᠷᠬᠤ︾ ᠭᠡᠳᠡᠭ ᠨᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ | ᠥᠷᠢᠰᠦᠯᠳᠦᠭᠡᠨ ᠢ ᠠᠬᠢᠭᠤᠯᠬᠤ ᠶᠠᠪᠤᠳᠠᠯ ᠪᠣᠯᠣᠨ᠎ᠠ᠃ ︽ᠦᠢᠯᠡᠴᠢᠯᠡᠬᠦ︾ ᠭᠡᠳᠡᠭ ᠨᠢ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ ᠨᠦᠬᠦᠴᠡᠯ ᠢ ᠪᠣᠶ ᠪᠣᠯᠭᠠᠬᠤ ᠶᠢ ᠬᠡᠯᠡᠨ᠎ᠡ᠃ | ᠲᠦᠷᠪᠡᠨ ᠬᠦᠢᠴᠡᠳᠭᠡᠬᠦ᠄ ᠲᠦᠷᠭᠡᠨ ᠬᠦᠢᠴᠡᠳᠭᠡᠬᠦ᠂ ᠰᠦᠯᠵᠢᠶᠡᠨ ᠳᠡᠭᠡᠷ᠎ᠡ ᠬᠦᠢᠴᠡᠳᠭᠡᠬᠦ ᠂ ᠣᠶᠢᠷ᠎ᠠ | ᠬᠠᠪᠢ ᠳᠠᠭᠠᠨ ᠬᠦᠢᠴᠡᠳᠭᠡᠬᠦ᠂ ᠨᠢᠭᠡ ᠯᠡ ᠤᠳᠠᠭ᠎ᠠ ᠳᠤ ᠬᠦᠢᠴᠡᠳᠭᠡᠬᠦ ᠃ | ᠨᠢᠭᠡ ᠰᠦᠯᠵᠢᠶ᠎ᠡ ᠪᠠᠷ ᠬᠦᠢᠴᠡᠳᠭᠡᠬᠦ ᠄ ᠳᠠᠷᠤᠢ ᠨᠢᠬᠡ ᠯᠡ ᠰᠦᠯᠵᠢᠶ᠎ᠡ ᠪᠠᠷ ᠪᠥᠬᠦ ᠶᠠᠪᠤᠳᠠᠯ ᠢ ᠬᠦᠢᠴᠡᠳᠬᠡᠬᠦ | ᠶᠢ ᠬᠡᠯᠡᠨ᠎ᠡ᠂ ᠠᠳᠠᠯᠢ ᠪᠤᠰᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠪᠳᠡᠷᠡᠬᠦᠯᠵᠦ᠂ ᠣᠯᠠᠨ | ᠲᠦᠮᠡᠨ ᠵᠥᠪᠬᠡᠨ ᠨᠢᠭᠡ ᠯᠡ ᠰᠢᠰᠲ᠋ᠧᠮ ᠲᠡᠭᠡᠷ᠎ᠡ ᠠᠵᠢᠯᠯᠠᠪᠠᠯ ᠠᠳᠠᠯᠢ ᠪᠤᠰᠤ ᠬᠦᠷᠢᠶ᠎ᠡ ᠴᠠᠷᠠᠭᠠᠨ ᠤ ᠶᠠᠪᠤᠳᠠᠯ ᠢ | ᠬᠦᠢᠴᠡᠳᠭᠡᠵᠦ ᠲᠡᠶᠢᠯᠦᠨ᠎ᠡ᠂ ᠡᠶᠢᠨᠬᠦ ︽ ᠬᠢᠭᠡᠳ ᠲᠠᠭᠤᠰᠬᠤ ᠦᠭᠡᠢ ᠭᠦᠢᠴᠡᠳᠬᠡᠯ᠂ ᠳᠠᠷᠤᠭᠠᠳ ᠬᠦᠢᠴᠡᠬᠦ ᠦᠭᠡᠢ | ᠲᠠᠮᠠᠭ᠎ᠠ᠂ ᠭᠦᠶᠦᠭᠡᠳ ᠪᠠᠷᠠᠬᠤ ᠦᠭᠡᠢ ᠵᠠᠮ︾ ᠤᠨ ᠠᠰᠠᠭᠤᠳᠠᠯ ᠢ ᠰᠢᠢᠳᠪᠦᠷᠢᠯᠡᠵᠦ᠂ ᠲᠤᠭ᠎ᠠ ᠪᠠᠷᠢᠮᠲᠠ ᠶᠢ ᠢᠯᠡᠭᠦᠦ | ᠶᠠᠪᠤᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠨᠠ᠃ | ᠬᠤᠶᠠᠷ ᠢ ᠰᠢᠯᠢᠳᠡᠭᠵᠢᠬᠦᠯᠬᠦ ᠲᠤᠰᠬᠠᠢ ᠠᠵᠢᠯᠯᠠᠭ᠎ᠠ᠄ ᠡᠭᠦᠷᠭᠡ ᠬᠠᠷᠢᠭᠤᠴᠠᠯᠭ᠎ᠠ ᠦᠢᠯᠡᠳᠦᠯ ᠴᠢᠳᠠᠮᠵᠢ ᠶᠢ | ᠰᠢᠯᠢᠳᠡᠭᠵᠢᠭᠦᠯᠬᠦ᠂ ᠠᠵᠢᠯ ᠤᠨ ᠠᠯᠬᠤᠮ ᠶᠠᠪᠤᠴᠠ ᠶᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ᠃ ᠵᠣᠷᠢᠯᠭ᠎ᠠ ᠨᠢ | ᠡᠯ᠎ᠡ ᠲᠦᠷᠦᠯ ᠤᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠳᠬᠠᠬᠤ ᠶᠢ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯᠠᠪᠠᠷ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠬᠦᠯᠦᠨ᠎ᠡ᠃ | ᠮᠢᠩᠭᠠᠨ ᠲᠦᠮᠡ ᠶᠢᠨ ᠢᠨᠵᠧᠨᠧᠷᠢᠩ᠄ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ | ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ | ᠠᠬᠢᠭᠤᠯᠤᠭᠰᠠᠨ ᠨᠢᠭᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠣᠨ᠎ᠠ᠂ ᠲᠤᠬᠠᠶᠢᠯᠠᠪᠠᠯ | ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠪᠠᠷ | ᠲᠠᠮᠵᠢᠭᠠᠳ ᠲᠦᠭ ᠲᠦᠮᠡᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ | ᠬᠤᠶᠠᠷ ᠢ ᠪᠠᠭᠠᠰᠬᠠᠵᠤ ᠬᠤᠶᠠᠷ ᠢ ᠬᠢᠵᠠᠭᠠᠷᠯᠠᠬᠤ᠄ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠷᠡᠭᠯᠡᠬᠦ | ᠬᠡᠮᠵᠢᠶ᠎ᠡ ᠶᠢ ᠪᠠᠭᠠᠰᠬᠠᠨ᠎ᠠ ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠷᠡᠭᠯᠡᠯᠲᠡ ᠳᠤ ᠶᠡᠷᠦᠩᠬᠡᠢ ᠬᠡᠮᠵᠢᠶ᠎ᠡ ᠶᠢ | ᠬᠢᠵᠠᠭᠠᠷᠯᠠᠬᠤ ᠪᠠᠷ ᠪᠠᠷᠠᠬᠤ ᠦᠭᠡᠢ ᠪᠠᠰᠠ ᠢᠳᠡ ᠬᠦᠴᠦ ᠶᠢ ᠬᠢᠵᠠᠭᠠᠷᠯᠠᠨ᠎ᠠ᠃ | ᠬᠤᠶᠠᠷ ᠢ ᠬᠦᠩᠬᠡᠷᠡᠬᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠬᠡᠳᠦ | ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠪᠦᠲᠦᠮᠵᠢᠲᠡᠶ | ᠬᠥᠩᠭᠡᠷᠡᠭᠦᠯᠦᠨ᠎ᠡ᠃ | ᠭᠤᠷᠪᠠᠨ ᠳᠠᠪᠬᠤᠷ ᠪᠠᠲᠤᠯᠠᠭ᠎ᠠ᠄ ᠳᠠᠷᠤᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠣᠯᠣᠨ᠎ᠠ᠃ | ︽8.5︾ ᠬᠠᠤᠯᠢ ᠲᠦᠬᠡᠮᠡᠯᠵᠢᠬᠦᠯᠦᠯᠳᠡ᠄ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ | ᠲᠤᠬᠠᠢ ᠲᠥᠪ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠶᠠᠮᠤᠨ ᠤ ︽ᠨᠠᠢᠮᠠᠳᠤᠭᠠᠷ ᠲᠠᠪᠤᠨ ᠵᠢᠯ | ︾ ᠤᠨ ᠲᠥᠯᠦᠪᠵᠢᠭᠦᠯᠭᠡ ︵2021 ︱ 2025 ᠣᠨ︶᠃ | ᠲᠤᠷᠠᠨ ᠬᠠᠷᠠᠭ᠎ᠠ ᠢᠨᠵᠧᠨᠧᠷᠢᠩ᠄ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ | ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ | ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠨ᠂ ᠲᠣᠥᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ | ᠪᠣᠯᠭᠠᠵᠤ᠂ ᠬᠠᠷᠠᠭᠠᠨ ᠲᠠᠪᠳᠠᠮᠵᠢᠳᠤ ᠡᠵᠡᠮᠳᠡᠯ ᠢᠶᠠᠷ ᠭᠤᠣᠯᠳᠠᠯᠭ᠎ᠠ ᠪᠣᠯᠭᠠᠭᠰᠠᠨ ᠣᠯᠠᠨ ᠲᠦᠮᠡᠨᠴᠢ ᠴᠢᠨᠠᠷᠲᠠᠢ ᠠᠮᠤᠷ | ᠲᠦᠪᠰᠢᠨ ᠤ ᠰᠡᠷᠭᠡᠶᠢᠯᠡᠯᠳᠡ ᠶᠢᠨ ᠢᠨᠵᠧᠨᠧᠷᠢᠩ ᠃ | ᠲᠦᠷᠪᠡᠨ ᠡᠶᠡᠳᠡᠬᠦᠯᠬᠡ ᠶᠢ ᠠᠭᠤᠰᠤᠯᠴᠠᠭᠤᠯᠬᠤ᠄ ᠠᠩᠬᠠᠨ ᠤ ᠵᠥᠷᠢᠴᠡᠯ ᠢ ᠲᠤᠬᠠᠢ ᠶᠢᠨ ᠭᠠᠵᠠᠷ ᠲᠤᠨᠢ | ᠡᠶᠡᠳᠡᠬᠦᠯᠬᠦ᠂ ᠤᠯᠠᠨ ᠳᠤ ᠬᠤᠯᠪᠣᠭᠳᠠᠭᠰᠠᠨ ᠵᠥᠷᠢᠴᠡᠯ ᠢ ᠲᠥᠯᠥᠭᠡᠯᠡᠭᠴᠢ ᠲᠤᠮᠢᠯᠠᠵᠤ ᠡᠶᠡᠳᠡᠬᠦᠯᠬᠦ᠂ ᠬᠦᠴᠢᠷ | ᠲᠦᠪᠡᠭᠲᠡᠢ ᠵᠥᠷᠢᠴᠡᠯ ᠢ ᠬᠠᠮᠳᠤᠷᠠᠵᠤ ᠪᠠᠶᠢᠭ᠎ᠠ ᠡᠶᠡᠳᠡᠬᠦᠯᠬᠦ᠂ ᠵᠠᠷᠭᠤ ᠠᠴᠠ ᠡᠮᠦᠨᠡᠬᠢ ᠵᠥᠷᠢᠴᠡᠯ ᠢ ᠲᠤᠰᠬᠠᠢ | ᠲᠤᠰᠢᠶᠠᠯᠳᠠᠨ ᠡᠶᠡᠳᠡᠬᠦᠯᠬᠦ᠃ | ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ᠄ ᠨᠡᠶᠢᠭᠡᠮ ᠤᠨ ᠵᠠᠰᠠᠯᠲᠠ ᠶᠢ ᠥᠷᠨᠢᠭᠦᠯᠬᠦ | ᠶᠠᠪᠤᠴᠠ ᠳᠤ ︽ᠲᠠᠪᠤ ᠶᠢ ᠪᠠᠷᠢᠮᠲᠠᠯᠠᠬᠤ ︾ ᠶᠢ ᠭᠡᠷᠡᠭᠵᠢᠬᠦᠯᠦᠨ᠎ᠡ᠂ ᠲᠤᠬᠠᠶᠢᠯᠠᠪᠠᠯ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ | ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ︽ᠭᠤᠷᠪᠠᠨ ᠵᠠᠰᠠᠯᠲᠠ ᠶᠢᠨ | ᠠᠭᠤᠰᠤᠯᠴᠠᠯ︾ ᠢ ᠪᠠᠷᠢᠮᠲᠠᠯᠠᠵᠤ᠂ ᠬᠥᠮᠥᠨ ᠤ ᠰᠡᠷᠭᠡᠶᠢᠯᠡᠯᠳᠡ᠂ ᠪᠣᠳᠠᠰ ᠤᠨ ᠰᠡᠷᠭᠡᠶᠢᠯᠡᠯᠳᠡ᠂ ᠮᠡᠷᠭᠡᠵᠢᠯ ᠤᠨ | ᠰᠡᠷᠭᠡᠶᠢᠯᠡᠯᠳᠡ᠂ ᠰᠡᠳᠬᠢᠯ ᠤᠨ ᠰᠡᠷᠭᠡᠶᠢᠯᠡᠯᠳᠡ ︽ᠲᠦᠷᠪᠡᠨ ᠰᠡᠷᠭᠡᠶᠢᠯᠡᠯᠳᠡ ᠶᠢ ᠵᠡᠷᠭᠡᠪᠡᠷ ᠠᠳᠬᠤᠬᠤ︾ ᠶᠢ | ᠪᠠᠷᠢᠮᠲᠠᠯᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃ | ᠲᠦᠷᠪᠡᠨ ᠰᠤᠷᠲᠠᠯ᠄ ᠬᠡᠯᠪᠡᠷᠢᠴᠢ ᠦᠵᠡᠯ ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠰᠤᠷᠳᠠᠯ ᠪᠠ | ᠱᠠᠯᠢᠨ ᠪᠦᠷᠢᠯᠭᠡᠬᠦ ᠰᠤᠷᠲᠠᠯ ᠵᠡᠷᠭᠡ ᠲᠦᠷᠪᠡᠨ ᠵᠦᠢᠯ ᠤᠨ ᠲᠥᠪ ᠪᠤᠰᠤ ᠰᠤᠷᠲᠠᠯ᠃ | ᠡᠮᠨᠡᠯᠭᠡ ᠶᠢᠨ ᠬᠤᠯᠪᠤᠭᠠᠳᠤ ᠴᠣᠭᠴᠠ᠄ ᠬᠤᠰᠢᠭᠤ ᠱᠠᠳᠤᠨ ᠤ ᠡᠮᠨᠡᠯᠭᠡ ᠶᠢᠨ ᠬᠤᠷᠢᠶ᠎ᠠ ᠪᠠᠷ ᠳᠠᠭᠠᠭᠤᠯᠤᠭᠴᠢ | ᠪᠣᠯᠭᠠᠵᠤ᠂ ᠬᠤᠰᠢᠭᠤ᠂ ᠰᠤᠮᠤ ᠰᠢᠶᠠᠩ ᠪᠠᠯᠭᠠᠰᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ | ᠨᠡᠶᠢᠳᠭᠡᠨ᠂ ᠨᠢᠭᠡ ᠡᠮᠴᠢᠯᠡᠭᠡᠨ ᠤ ᠰᠢᠰᠲ᠋ᠧᠮᠵᠢ ᠶᠢ ᠪᠦᠷᠢᠯᠳᠦᠬᠦᠯᠵᠦ᠂ ᠡᠬᠢ ᠪᠠᠶᠠᠯᠢᠭ ᠤᠨ ᠳᠠᠪᠠᠭᠤᠯᠢᠭ ᠪᠠ | ᠮᠡᠷᠭᠡᠵᠢᠯ ᠤᠨ ᠳᠠᠪᠠᠭᠤᠯᠢᠭ ᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃ | ᠳᠥᠷᠪᠡᠨ ᠬᠠᠮᠤᠭ ᠤᠨ ᠴᠢᠩᠭ᠎ᠠ ᠱᠠᠭᠠᠷᠳᠠᠯᠭ᠎ᠠ᠄ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠳᠤ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ | ᠬᠠᠮᠢᠶᠠᠷᠤᠯᠲᠠ᠂ ᠬᠠᠮᠤᠭ ᠤᠨ ᠴᠢᠩᠭ᠎ᠠ ᠵᠠᠯᠬᠠᠭᠠᠯ ᠰᠢᠳᠬᠡᠯ ᠢ ᠭᠡᠷᠡᠭᠵᠢᠬᠦᠯᠵᠦ᠂ ᠬᠠᠮᠤᠭ ᠤᠨ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠠ᠃ | ᠲᠤᠯᠤᠭ᠎ᠠ ᠶᠢ ᠲᠠᠶᠠᠭᠳᠠᠬᠤ᠄ ︽ᠬᠥᠮᠥᠨ ᠢ ᠪᠢᠳᠡ ᠬᠡᠵᠢᠶᠡᠳᠡ ᠬᠦᠷᠬᠦ ᠦᠭᠡᠢ︾ ᠬᠡᠮᠡᠬᠦ ᠦᠵᠡᠯ᠂ ︽ | ᠬᠥᠭᠵᠢᠭᠦᠯᠬᠦ ᠳᠤ ᠲᠡᠩᠳᠡᠬᠦᠦ ᠶᠠᠭᠠᠷᠠᠬᠤ ᠭᠡᠷᠡᠭ ᠦᠭᠡᠢ︾ ᠬᠡᠮᠡᠬᠦ ᠪᠤᠳᠤᠯ᠂ ︽ᠶᠠᠪᠤᠴᠠ ᠶᠢ ᠴᠢᠬᠤᠯᠠᠴᠢᠯᠠᠭᠠᠳ | ᠳ᠋ᠦᠩ ᠢ ᠴᠢᠬᠤᠯᠠᠴᠢᠯᠠᠬᠤ ᠦᠭᠡᠢ︾ ᠤᠬᠠᠮᠰᠠᠷ᠂ ︽ᠵᠣᠷ ᠦᠭᠡᠢ ᠪᠣᠯ ᠡᠮ ᠦᠭᠡᠢ︾ ᠬᠡᠮᠡᠬᠦ ᠤᠶᠢᠯᠠᠭᠠᠯᠳᠠ᠂ ︽ | ᠡᠮᠦᠨᠡᠬᠢ ᠪᠠᠨ ᠬᠠᠷᠠᠭᠠᠳ ᠬᠤᠯᠠ ᠶᠢ ᠪᠠᠷᠠᠯᠠᠬᠤ ᠦᠭᠡᠢ︾ ᠰᠡᠳᠬᠢᠴᠡ᠂ ︽ᠨᠠᠷᠢᠨ ᠵᠦᠢᠯᠡᠰ ᠴᠢᠬᠤᠯᠠ ᠪᠤᠰᠤ᠂ | ᠪᠠᠷᠤᠭᠳᠠᠢ ᠪᠤᠯ ᠪᠤᠯᠴᠢᠬᠠᠨ᠎ᠠ︾ ᠬᠡᠮᠡᠬᠦ ᠰᠡᠳᠬᠢᠯᠭᠡ ᠂ ︽ᠦᠢᠯᠡᠳᠪᠦᠷᠢᠯᠡᠯ ᠢ ᠴᠢᠬᠤᠯᠠᠴᠢᠯᠠᠭᠠᠳ ᠡᠵᠡᠩᠨᠡᠯᠲᠡ ᠶᠢ | ᠬᠥᠩᠭᠡᠪᠴᠢᠯᠡᠬᠦ︾ ᠦᠵᠡᠯᠲᠡ ᠶᠢ ᠲᠠᠶᠠᠭᠳᠠᠨ᠎ᠠ᠃ | ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ᠄ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ | ᠪᠣᠳᠣᠯᠭ᠎ᠠ ᠶᠢᠨ ᠤᠬᠠᠭᠤᠯᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ ᠰᠤᠳᠤᠯᠤᠯᠲᠠ ᠶᠢ | ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠠᠵᠢᠯ ᠢ ᠦᠨᠳᠦᠰᠦᠨ | ᠱᠠᠲᠤᠨ ᠳᠤ ᠪᠠᠭᠤᠯᠭᠠᠬᠤ᠂ ᠠᠬᠤᠢ ᠲᠠᠯᠠᠪᠠᠢ ᠶᠢᠨ ᠠᠯᠪᠠᠯᠠᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ ᠃ |