ᠲᠠᠶᠢᠹᠤᠰᠧ ᠬᠤᠰᠢᠭᠤᠨ ᠤ ᠬᠢᠨ ᠲᠠᠷᠢᠶᠠᠯᠠᠩ ᠤᠨ ᠮᠠᠰᠢᠨ ᠲᠦᠬᠦᠭᠡᠷᠦᠮᠵᠢ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/4/10
 ᠤᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠴᠠᠭ ᠪᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠣᠷᠭᠢᠯ ᠦᠶ᠎ᠡ ᠪᠤᠯᠤᠭᠠᠳ ᠪᠠᠶᠢᠭ᠎ᠠ᠃  ᠲᠠᠷᠢᠶᠠᠯᠠᠩ ᠮᠠᠯ ᠠᠵᠤ ᠠᠬᠤᠢ  ᠎ ᠶᠢᠨ ᠤᠰᠤᠯ ᠠᠳᠡᠯ ᠢ ᠰᠡᠷᠭᠡᠶᠢᠯᠡᠬᠦ ᠪᠠ ᠪᠠᠭᠠᠰᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭ᠎ᠠ ᠳᠠᠬᠢ ᠠᠶᠤᠯᠭᠦᠢ ᠦᠢᠯᠡᠳᠪᠦᠷᠢᠯᠡᠯ ᠢ ᠪᠠᠳᠤᠯᠠᠨ᠂ ᠲᠠᠷᠢᠶᠠᠯᠠᠩ ᠦᠢᠯᠡᠳᠪᠦᠷᠢᠯᠡᠯ ᠢ ᠤᠷᠤᠭᠰᠢᠲᠠᠢ ᠶᠠᠪᠤᠭᠳᠠᠭᠤᠯᠬᠤ ᠶᠢᠨ ᠲᠤᠰᠠᠳᠠ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠪᠠ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ ᠡᠳᠦᠷ ᠤᠳ ᠲᠤ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠲᠠᠷᠢᠶᠠᠯᠠᠩ ᠤᠨ ᠮᠠᠰᠢᠨ ᠳᠤ ᠬᠠᠤᠯᠢ ᠭᠡᠷᠡᠭᠵᠢᠬᠦᠯᠬᠦ ᠲᠤᠰᠬᠠᠢ ᠪᠠᠶᠢᠴᠠᠭᠠᠯᠲᠠ ᠬᠢᠵᠦ ᠪᠠᠶᠢᠨ᠎ᠠ᠃ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠡᠨᠡ ᠤᠳᠠᠭᠠᠨ ᠤ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠤᠯᠢ ᠬᠡᠷᠡᠭᠵᠢᠭᠦᠯᠬᠦ ᠠᠵᠢᠯᠳᠠᠳ ᠰᠠᠯᠬᠢ ᠪᠤᠷᠤᠭᠠᠨ ᠢ ᠬᠠᠶᠢᠬᠤᠷᠤᠯ ᠦᠭᠡᠢ ᠪᠠᠷ ᠡᠳᠦᠷ ᠪᠤᠯᠭᠠᠨ ᠲᠠᠷᠢᠶᠠᠯᠠᠩ ᠤᠨ ᠮᠠᠰᠢᠨ ᠤ ᠬᠤᠷᠰᠢᠶᠠᠵᠢᠯ ᠪᠠ ᠲᠠᠷᠢᠶᠠᠯᠠᠩ ᠤᠨ ᠮᠠᠰᠢᠨ ᠡᠵᠡᠩᠨᠡᠨ ᠪᠣᠷᠣᠯᠠᠭᠤᠯᠬᠤ ᠡᠷᠦᠬᠡ ᠪᠠᠷ ᠭᠦᠨᠵᠡᠭᠡᠶᠢᠷᠡᠨ ᠪᠠᠶᠢᠴᠠᠭᠠᠯᠲᠠ ᠬᠢᠵᠦ  ᠦᠨᠡᠮᠯᠡᠯ ᠦᠭᠡᠢ ᠵᠢᠯᠤᠭᠤᠴᠢ᠂ ᠫᠠᠶᠢᠰᠠ ᠦᠭᠡᠢ ᠮᠠᠰᠢᠨ᠂ ᠠᠷᠢᠬᠢ ᠤᠤᠭᠤᠭᠠᠳ ᠲᠡᠷᠭᠡ  ᠵᠢᠯᠤᠭᠤᠳᠬᠤ᠂ ᠬᠠᠤᠯᠢ ᠵᠦᠷᠢᠴᠡᠵᠦ ᠬᠥᠮᠥᠨ ᠰᠠᠭᠤᠯᠭᠠᠬᠤ᠂  ᠰᠢᠯᠭᠠᠨ ᠪᠠᠶᠢᠴᠠᠭᠠᠯᠳᠠ ᠬᠢᠯᠭᠡᠭᠰᠡᠨ ᠦᠭᠡᠢ ᠪᠠ ᠳᠦᠷᠢᠮ ᠵᠦᠷᠢᠴᠡᠵᠦ ᠠᠵᠢᠯᠯᠠᠭᠰᠠᠨ ᠵᠡᠷᠭᠡ ᠬᠠᠤᠯᠢ ᠲᠦᠷᠢᠮ ᠵᠥᠷᠢᠴᠡᠭᠰᠡᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠪᠠᠶᠢᠴᠠᠭᠠᠨ  ᠰᠢᠢᠳᠪᠦᠷᠢᠯᠡᠵᠦ ᠪᠠᠶᠢᠨ᠎ᠠ᠃  ᠪᠠᠶᠢᠴᠠᠭᠠᠯᠲᠠ ᠬᠢᠬᠦ ᠶᠢᠨ ᠲᠠᠭᠠᠤ ᠪᠠᠰᠠ ᠲᠠᠷᠢᠶᠠᠯᠠᠩ ᠤᠨ ᠮᠠᠰᠢᠨ ᠤ ᠬᠠᠮᠢᠶᠠᠳᠠᠢ ᠬᠠᠤᠯᠢ ᠲᠦᠷᠢᠮ ᠪᠣᠯᠣᠨ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠠᠩᠬᠠᠷᠬᠤ ᠵᠦᠢᠯ ᠢ ᠲᠠᠶᠢᠯᠪᠤᠷᠢᠯᠠᠨ᠂ ᠭᠡᠷᠡᠭᠯᠡᠭᠴᠢᠳ ᠪᠠ ᠡᠵᠡᠩᠨᠡᠭᠴᠢᠳ ᠤᠨ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠳᠡ ᠶᠢᠨ ᠤᠬᠠᠮᠰᠠᠷ ᠪᠠ ᠴᠢᠳᠠᠪᠤᠷᠢ ᠶᠢ ᠲᠡᠭᠡᠭᠰᠢᠯᠡᠬᠦᠯᠵᠦ᠂  ᠦᠢᠯᠡᠳᠪᠦᠷᠢᠯᠡᠯ ᠤᠨ ᠲᠤᠮᠳᠠ ᠤᠰᠤᠯ ᠠᠳᠡᠯ ᠭᠠᠷᠬᠤ ᠶᠢ ᠰᠡᠷᠭᠡᠶᠢᠯᠡᠨ᠂  ᠪᠦᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢ ᠠᠮᠤᠷ ᠲᠦᠪᠰᠢᠨ ᠶᠠᠪᠤᠭᠳᠠᠭᠤᠯᠵᠤ᠂  ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ  ᠬᠠᠮᠠᠭᠠᠯᠠᠬᠤ ᠪᠠᠷ ᠴᠢᠷᠮᠠᠶᠢᠵᠤ ᠪᠠᠶᠢᠨ᠎ᠠ  ᠃
 
ᠢᠷᠡᠯᠲᠡ᠄ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号