ᠬᠠᠮ ᠵᠠᠭᠤᠴᠢᠯᠠᠭᠤᠷ ᠤᠨ ᠲᠥᠪ ᠲᠤ ︽ᠠᠶᠢᠯᠴᠢᠯᠠᠵᠤ︾ ᠰᠤᠨᠢᠨ ᠮᠡᠳᠡᠭᠡᠨ ᠤ ︽ᠮᠡᠨᠳᠦᠯᠡᠬᠦ︾᠎ ᠶᠢ ᠬᠠᠷᠠᠯ᠎ᠠ
ᠨᠡᠶᠢᠲᠡᠯᠡᠭᠰᠡᠨ ᠴᠠᠭ᠄
2024/4/10
  ︽ᠲᠧᠯᠸᠢᠰ ᠤᠨ ᠰᠣᠨᠢᠨ ᠮᠡᠳᠡᠭᠡ ᠶᠢ ᠢᠩᠭᠢᠵᠦ ᠬᠢᠳᠡᠭ ᠪᠠᠶᠢᠵᠠᠢ ᠰᠢᠦ︾  ︽ᠨᠢᠬᠡ ᠰᠣᠨᠢᠨ ᠮᠡᠳᠡᠭᠡ ᠶᠢ ᠨᠡᠪᠲᠡᠷᠡᠭᠦᠯᠬᠦ ᠳᠤ ᠡᠶᠢᠮᠦ ᠣᠯᠠᠨ ᠶᠠᠪᠤᠴᠠ ᠶᠢ ᠲᠠᠮᠵᠢᠳᠠᠭ ᠶᠤᠮ ᠪᠠᠶᠢᠨ᠎ᠠ︾  ᠂᠂᠂᠂᠂᠂  4 ᠰᠠᠷ᠎ᠠ ᠶᠢᠨ 9 ᠎ ᠤ ᠡᠳᠦᠷ᠂  ᠲᠠᠶᠢᠹᠤᠰᠧ ᠬᠤᠰᠢᠭᠤᠨ ᠤ ᠡᠪᠯᠡᠯ ᠤᠨ ᠬᠤᠷᠢᠶ᠎ᠠ ᠨᠢ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ 40 ᠭᠠᠷᠤᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ   ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠬᠦᠷᠴᠦ᠂ ᠰᠤᠨᠢᠨ ᠮᠡᠳᠡᠭᠡ ᠵᠠᠭᠤᠴᠢᠯᠠᠭᠤᠷ ᠤᠨ ᠠᠵᠢᠯ ᠢ ᠬᠠᠷᠠᠭᠤᠯᠵᠤ ᠤᠶᠢᠯᠠᠭᠠᠭᠤᠯᠵᠠᠢ  ᠃  ᠠᠵᠢᠯᠲᠠᠳ ᠤᠨ ᠳᠠᠭᠠᠭᠤᠯᠭ᠎ᠠ ᠪᠠᠷ ᠰᠤᠷᠤᠭᠴᠢᠳ ᠬᠠᠮ ᠵᠠᠭᠤᠴᠢᠯᠠᠭᠤᠷ ᠤᠨ ᠲᠥᠪ ᠤᠨ ᠵᠢᠯᠣᠭᠤᠳᠤᠨ ᠲᠣᠬᠢᠷᠠᠭᠤᠯᠬᠤ ᠲᠥᠪ᠂ XR ᠨᠡᠪᠲᠡᠷᠡᠭᠦᠯᠬᠦ ᠲᠠᠰᠤᠭ᠂ ᠰᠣᠨᠢᠨ ᠮᠡᠳᠡᠭᠡ ᠨᠡᠪᠲᠡᠷᠡᠭᠦᠯᠬᠦ ᠲᠠᠰᠤᠭ᠂ ᠰᠣᠨᠢᠨ ᠮᠡᠳᠡᠭᠡ ᠦᠢᠯᠡᠳᠬᠦ ᠲᠠᠰᠤᠭ ᠵᠡᠷᠭᠡ ᠶᠢ ᠲᠣᠭᠤᠷᠢᠨ ᠦᠵᠡᠵᠦ᠂  ᠰᠤᠷᠪᠤᠯᠵᠢᠯᠠᠵᠤ ᠨᠠᠶᠢᠷᠠᠭᠤᠯᠬᠤ᠂  ᠰᠢᠩᠭᠡᠭᠡᠵᠦ ᠦᠢᠯᠡᠳᠬᠦ᠂ ᠨᠡᠪᠳᠡᠷᠡᠬᠦᠯᠵᠦ ᠨᠡᠶᠢᠲᠡᠯᠡᠬᠦ ᠪᠦᠬᠦ ᠶᠠᠪᠤᠴᠠ ᠶᠢ ᠦᠵᠡᠵᠦ ᠰᠤᠨᠤᠰᠤᠭᠰᠠᠨ ᠪᠠᠶᠢᠯ᠎ᠠ᠃  ᠨᠡᠪᠲᠡᠷᠡᠭᠦᠯᠭᠡ ᠶᠢᠨ ᠲᠠᠰᠤᠭ ᠲᠤ᠂ ᠰᠣᠨᠢᠨ ᠮᠡᠳᠡᠭᠡᠨ ᠤ ᠰᠢᠩᠭᠡᠭᠡᠵᠦ ᠨᠡᠪᠲᠡᠷᠡᠭᠦᠯᠬᠦ ᠲᠥᠬᠦᠭᠡᠷᠦᠮᠵᠢ ᠨᠢ ᠰᠤᠷᠤᠭᠴᠢᠳ ᠤᠨ ᠠᠩᠬᠠᠷᠤᠯ ᠢ ᠲᠠᠲᠠᠵᠤ᠂ ᠴᠥᠭᠡᠨ ᠪᠤᠰᠤ ᠰᠤᠷᠤᠭᠴᠢᠳ ᠰᠠᠨᠠᠭᠠᠴᠢᠯᠠᠭ᠎ᠠ ᠠᠴᠠ ᠪᠠᠨ ᠨᠡᠪᠳᠡᠷᠡᠬᠦᠯᠬᠡ ᠎ ᠶᠢᠨ ᠲᠠᠶᠢᠰᠠᠨ ᠳᠤ ᠰᠠᠭᠤᠵᠤ᠂ ᠰᠡᠭᠦᠳᠡᠷᠯᠡᠬᠦ ᠮᠠᠰᠢᠨ ᠳᠤ ᠬᠠᠨᠳᠤᠵᠤ᠂ ᠰᠣᠨᠢᠨ ᠮᠡᠳᠡᠭᠡᠨ ᠤ ᠨᠡᠪᠲᠡᠷᠡᠭᠦᠯᠭᠡ ᠶᠢᠨ ᠠᠵᠢᠯ ᠢ ᠪᠡᠶᠡᠴᠢᠯᠡᠨ ᠤᠶᠢᠯᠠᠭᠠᠵᠠᠢ᠃ ᠳᠠᠷᠠᠭ᠎ᠠ ᠨᠢ ᠰᠤᠷᠤᠭᠴᠢᠳ ᠬᠠᠮ ᠵᠠᠭᠤᠴᠢᠯᠠᠭᠤᠷ ᠤᠨ ᠲᠥᠪ ᠤᠨ ᠲᠣᠭᠯᠠᠯᠲᠠ ᠶᠢᠨ ᠲᠢᠩᠬᠢᠮ ᠳᠤ᠂ ︽ᠪᠦᠯᠬᠦᠮᠳᠡᠨ ᠲᠡᠮᠡᠴᠡᠵᠦ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾  ᠬᠡᠮᠡᠬᠦ ᠲᠠᠶᠢᠹᠤᠰᠧ ᠬᠤᠰᠢᠭᠤᠨ ᠤ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠪᠠᠶᠢᠳᠠᠯ ᠢ ᠲᠡᠮᠳᠡᠭᠯᠡᠭᠰᠡᠨ ᠪᠠᠷᠢᠮᠳᠠᠳᠤ ᠺᠢᠨᠣ᠋  ᠹᠢᠯᠢᠮ ᠢ ᠰᠣᠨᠢᠷᠬᠠᠪᠠ᠃  ᠰᠤᠷᠤᠭᠴᠢ ᠴᠢᠨ ᠢᠦᠢ ᠯᠦ᠄ ︽ ᠲᠣᠭᠤᠷᠢᠨ ᠦᠵᠡᠭᠡᠳ ᠮᠠᠰᠢ ᠶᠡᠭᠡ ᠤᠯᠤᠯᠳᠠ ᠲᠠᠢ᠂ ᠥᠩᠭᠡᠷᠡᠭᠰᠡᠨ ᠳᠤ ᠲᠧᠯᠸᠢᠰ ᠬᠤᠷᠢᠶ᠎ᠠ  ᠎ ᠶᠢ ᠣᠶᠢᠯᠠᠭᠠᠬᠤ ᠦᠭᠡᠢ ᠪᠠᠶᠢᠵᠠᠢ᠂ ᠲᠣᠭᠤᠷᠢᠨ ᠦᠵᠡᠬᠦ ᠶᠢᠨ ᠬᠠᠮᠳᠤ ᠠᠪᠠᠭ᠎ᠠ ᠠᠨᠢᠶ᠎ᠠ ᠨᠠᠷ ᠤᠨ ᠲᠠᠶᠢᠯᠪᠤᠷᠢᠯᠠᠬᠤ ᠪᠠᠷ ᠳᠠᠮᠵᠢᠭᠠᠳ ᠤᠯᠠᠨ ᠵᠦᠢᠯ ᠢ ᠮᠡᠳᠡᠭᠰᠡᠨ᠂ ᠪᠢ ᠴᠤ ᠭᠡᠰᠡᠨ ᠲᠧᠯᠸᠢᠰ ᠤᠨ ᠠᠵᠢᠯᠳᠠᠨ ᠪᠤᠯᠬᠤ ᠎ ᠶᠢ ᠬᠦᠰᠡᠵᠦ ᠪᠠᠶᠢᠨ᠎ᠠ︾᠃     ᠰᠤᠷᠤᠭᠴᠢ  ᠴᠢᠨ ᠸᠧᠢ ᠪᠥᠸᠧ᠄ ︽ᠥᠨᠥᠳᠥᠷ ᠬᠠᠮ ᠵᠠᠭᠤᠴᠢᠯᠠᠭᠤᠷ ᠤᠨ ᠲᠥᠪ ᠢ ᠲᠣᠭᠤᠷᠢᠨ ᠦᠵᠡᠭᠰᠡᠨ ᠎ ᠢᠶᠠᠷ ᠪᠠᠷᠠᠬᠤ ᠦᠬᠡᠢ ᠦᠪᠡᠷ ᠢᠶᠠᠨ ᠴᠤ ᠨᠢᠭᠡ ᠤᠳᠠᠭ᠎ᠠ ᠨᠡᠪᠳᠡᠷᠡᠬᠦᠯᠦᠭᠴᠢ ᠪᠣᠯᠵᠤ ᠦᠵᠡᠯ᠎ᠡ᠂ ᠪᠠᠰᠠ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠺᠢᠨᠤ᠋ ᠹᠢᠯᠢᠮ ᠢ ᠰᠤᠨᠢᠷᠬᠠᠭᠠᠳ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ ᠭᠦᠨᠵᠡᠭᠡᠢ ᠤᠶᠢᠯᠠᠭᠠᠭᠰᠠᠨ᠂ ᠬᠤᠶᠢᠰᠢᠳᠠ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠬᠦᠴᠦᠨ ᠴᠢᠳᠠᠯ ᠢᠶᠠᠨ ᠨᠡᠮᠡᠷᠢᠯᠡᠵᠦ᠂ ᠰᠢᠨ᠎ᠡ ᠴᠠᠭ  ᠎ ᠤᠨ ᠰᠢᠯᠢᠳᠡᠭ ᠪᠠᠭᠠᠴᠤᠳ ᠪᠣᠯᠬᠤ ᠪᠠᠷ ᠤᠯᠠᠮ ᠢᠯᠡᠬᠦᠦ ᠴᠢᠷᠮᠠᠶᠢᠨ᠎ᠠ︾  ᠃     ᠡᠨᠡ ᠤᠳᠠᠭᠠᠨ ᠤ ᠠᠵᠢᠯᠯᠠᠭ᠎ᠠ ᠨᠢ ᠰᠤᠷᠤᠭᠴᠢᠳ ᠢ ᠬᠢᠴᠢᠶᠡᠯ ᠤᠨ ᠲᠠᠩᠬᠢᠮ ᠠᠴᠠ ᠰᠤᠷᠭᠠᠭᠤᠯᠢ ᠶᠢᠨ ᠭᠠᠳᠠᠨ᠎ᠠ ᠭᠠᠷᠭᠠᠵᠤ᠂ ᠰᠤᠷᠤᠭᠴᠢᠳ ᠢ ᠬᠠᠪᠰᠤᠷᠤᠨ ᠲᠧᠯᠸᠢᠰ ᠤᠨ ︽ᠨᠢᠭᠤᠴᠠᠭᠠᠢ ᠨᠢᠭᠤᠷ︾᠎ ᠢ ᠬᠠᠷᠠᠭᠤᠯᠤᠨ᠂ ᠰᠣᠨᠢᠨ ᠮᠡᠳᠡᠭᠡᠨ ᠤ ᠰᠣᠷᠪᠤᠯᠵᠢᠯᠠᠭ᠎ᠠ ᠠᠴᠠ ᠠᠪᠤᠭᠠᠳ ᠨᠡᠪᠳᠡᠷᠡᠬᠦᠯᠭᠡ ᠬᠦᠷᠲᠡᠯᠡᠬᠢ ᠪᠦᠬᠦ ᠶᠠᠪᠤᠴᠠ ᠶᠢ ᠤᠶᠢᠯᠠᠭᠠᠭᠤᠯᠤᠭᠠᠳ᠂ ᠰᠤᠷᠤᠭᠴᠢᠳ ᠤᠨ ᠬᠠᠷᠠᠭ᠎ᠠ ᠶᠢ ᠲᠡᠯᠡᠵᠦ ᠮᠡᠳᠡᠯᠭᠡ ᠶᠢ ᠦᠷᠭᠡᠳᠭᠡᠭᠰᠡᠨ ᠤ ᠬᠠᠮᠲᠤ᠂ ᠲᠠᠰᠤᠷᠠᠯᠲᠠ ᠦᠭᠡᠢ ᠬᠠᠶᠢᠵᠤ ᠰᠦᠪᠡᠭᠴᠢᠯᠡᠬᠦ᠂  ᠴᠦᠬᠦᠷᠡᠰᠢ ᠦᠬᠡᠢ ᠴᠢᠷᠮᠠᠶᠢᠨ ᠳᠠᠪᠰᠢᠬᠤ ᠤᠷᠮ᠎ᠠ ᠵᠤᠷᠢᠭ ᠢ ᠨᠢ ᠲᠠᠶᠢᠴᠢᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号