ᠶᠦᠩ ᠹᠧᠩ ᠪᠠᠯᠭᠠᠰᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/10
 ᠬᠤᠯᠤᠭᠠᠨ᠎ᠠ ᠶᠢᠨ ᠬᠢᠵᠢᠭ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂  ᠡᠬᠦᠷᠭᠡ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂  ᠠᠷᠭ᠎ᠠ ᠠᠪᠴᠢᠯ ᠢ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ ᠶᠦᠩ ᠹᠧᠩ ᠪᠠᠯᠭᠠᠰᠤ 2024 ᠣᠨ ᠤ ᠬᠤᠯᠤᠭᠠᠨ᠎ᠠ ᠶᠢᠨ ᠬᠢᠵᠢᠭ ᠰᠡᠷᠭᠡᠶᠢᠯᠡᠨ  ᠡᠵᠡᠮᠳᠡᠬᠦ ᠠᠵᠢᠯ ᠤᠨ ᠬᠤᠷᠠᠯ ᠬᠢᠵᠦ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠸᠠᠩ ᠵᠢᠶᠦ᠋ᠨ ᠱᠧᠩ ᠬᠤᠷᠠᠯ ᠢ ᠡᠷᠬᠢᠯᠡᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠠᠴᠠ᠂ ᠡᠯ᠎ᠡ ᠲᠣᠰᠬᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂  ᠬᠠᠷᠢᠶ᠎ᠠ ᠣᠷᠣᠨ ᠤ ᠪᠠᠨ ᠬᠤᠯᠤᠭᠠᠨ᠎ᠠ ᠶᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠦᠨᠡᠨᠬᠦ ᠰᠠᠶᠢᠨ ᠬᠢᠬᠦ ᠬᠡᠷᠡᠭᠲᠡᠢ᠃  ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠥᠷᠨᠢᠭᠦᠯᠬᠦ ᠶᠢᠨ ᠬᠠᠮᠲᠤ᠂ ᠸᠢᠴᠠᠲ ᠤᠨ ᠴᠤᠭᠯᠠᠷᠠᠯ ᠵᠡᠷᠭᠡ ᠰᠦᠯᠵᠢᠶᠡᠨ ᠤ ᠲᠠᠪᠴᠠᠩ ᠢᠶᠠᠷ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠯᠭᠡ ᠶᠢ ᠢᠳᠡᠪᠬᠢᠲᠡᠢ ᠤᠬᠠᠭᠤᠯᠵᠤ᠂  ᠤᠯᠠᠨ ᠲᠦᠮᠡᠨ ᠤ ᠰᠡᠷᠭᠡᠶᠢᠯᠡᠨ ᠡᠵᠡᠮᠳᠡᠬᠦ ᠮᠡᠳᠡᠯᠭᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠣᠰᠬᠤᠨ ᠤ ︽ᠬᠤᠶᠠᠷ ᠵᠥᠪᠯᠡᠯ︾ ᠨᠢ ᠡᠬᠡ ᠤᠷᠤᠨᠴᠢ  ᠡᠷᠡᠭᠦᠯ ᠬᠠᠮᠠᠭᠠᠯᠠᠯ ᠤᠨ ᠬᠥᠳᠡᠯᠭᠡᠭᠡᠨ ᠲᠠᠢ ᠤᠶᠠᠯᠳᠤᠭᠤᠯᠵᠤ᠂  ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯᠯᠠᠭ᠎ᠠ ᠶᠢ ᠢᠳᠡᠪᠬᠢᠲᠡᠢ ᠠᠬᠢᠭᠤᠯᠬᠤ ᠶᠢᠨ ᠬᠠᠮᠲᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠮ ᠰᠤᠭᠤᠭ ᠢ ᠨᠠᠷᠢᠨ ᠬᠢᠨᠠᠮᠠᠭᠠᠢ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠬᠠᠮᠢᠶᠠᠷᠤᠯᠲᠠ  ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠᠨ ᠴᠢᠩᠭᠠᠳᠬᠠᠵᠤ᠂  ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠢᠯᠡᠷᠡᠬᠦᠯᠦᠨ᠂ ᠬᠢᠵᠢᠭ ᠰᠡᠷᠭᠡᠶᠢᠯᠡᠬᠦ ᠠᠵᠢᠯ ᠢ ᠪᠣᠳᠠᠲᠠᠢ ᠠᠳᠬᠤᠵᠤ᠂ ᠨᠠᠷᠢᠯᠢᠭ ᠠᠳᠬᠤᠵᠤ᠂ ᠴᠢᠩᠭ᠎ᠠ ᠠᠳᠬᠤᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠤᠨ ᠳᠠᠷᠠᠭ᠎ᠠ᠂ ᠪᠠᠯᠭᠠᠰᠤᠨ ᠤ ᠵᠠᠰᠠᠭ ᠤᠨ ᠣᠷᠳᠣᠨ ᠤ ︽ᠳᠥᠷᠪᠡᠨ ᠬᠤᠤᠷᠳᠠᠨ︾ ᠢ ᠠᠷᠢᠯᠭᠠᠬᠤ ᠠᠵᠢᠯ ᠤᠨ ᠳᠤᠭᠤᠶᠢᠯᠠᠩ ᠨᠢ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ᠂  ᠬᠤᠳᠠ ᠶᠢᠨ ᠬᠠᠮᠢᠶᠠᠷᠤᠯᠳᠠ  ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠠᠷᠢᠶ᠎ᠠ ᠣᠷᠣᠨ ᠤ ᠪᠠᠨ ︽ᠭᠤᠷᠪᠠᠨ ᠵᠢᠵᠢᠭ ᠠᠵᠢᠯ ᠲᠥᠷᠥᠯ︾ ᠵᠡᠷᠭᠡ ᠲᠠᠯᠠᠪᠤᠷ ᠲᠤ ᠡᠷᠡᠭᠦᠯ ᠬᠠᠮᠠᠭᠠᠯᠠᠯ ᠤᠨ ᠶᠡᠭᠡ ᠪᠠᠶᠢᠴᠠᠭᠠᠯᠲᠠ ᠬᠢᠬᠦ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ᠂ ᠬᠤᠯᠤᠭᠠᠨ᠎ᠠ ᠪᠠᠷᠢᠬᠤ ᠨᠠᠭᠠᠯᠳᠠ ᠵᠡᠷᠭᠡ ᠶᠢ ᠲᠠᠷᠬᠠᠭᠠᠵᠠᠢ᠃  ᠡᠨᠡ ᠤᠳᠠᠭᠠᠨ ᠤ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠨᠢ ᠥᠷᠭᠡᠨ᠂ ᠦᠷ᠎ᠡ ᠪᠦᠲᠦᠮᠵᠢ ᠨᠢ ᠰᠠᠶᠢᠨ ᠪᠠᠶᠢᠵᠤ᠂ ᠬᠤᠯᠤᠭᠠᠨ᠎ᠠ ᠶᠢᠨ ᠬᠢᠵᠢᠭ ᠢ ᠪᠦᠲᠦᠮᠵᠢᠲᠡᠶ ᠰᠡᠷᠭᠡᠶᠢᠯᠡᠨ᠂ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠳᠤ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号