4 ᠰᠠᠷ᠎ᠠ ᠶᠢᠨ 8 ᠤ ᠡᠳᠦᠷ᠂ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ ᠨᠢ 2024 ᠣᠨ ᠤ ᠲᠠᠪᠤᠳᠠᠭᠢ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢ ᠡᠷᠬᠢᠯᠡᠵᠦ᠂ | ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ ᠬᠤᠷᠠᠯ ᠲᠡᠭᠡᠷ᠎ᠡ ︽ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ | ᠶᠠᠷᠢᠯᠴᠠᠬᠤ ᠬᠤᠷᠠᠯ ᠳᠡᠭᠡᠷᠡᠬᠢ ᠰᠢ ᠶᠢᠨ ᠫᠢᠩ ᠤᠨ ᠴᠢᠬᠤᠯᠠ ᠶᠠᠷᠢᠶ᠎ᠠ︾ ︽ ᠰᠢ ᠶᠢᠨ ᠫᠢᠩ ᠤᠨ ᠬᠤᠨᠠᠨ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ︾ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︽ᠨᠠᠮ ᠤᠨ ᠬᠤᠷᠢᠶᠠᠨ ︵ | ᠨᠠᠮ ᠤᠨ ᠤᠳᠤᠷᠢᠳᠬᠤ ᠳᠤᠭᠤᠶᠢᠯᠠᠩ︶ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠢ ᠲᠣᠭᠲᠠᠭᠠᠯ︾ ︽ᠠᠶᠤᠯᠭᠦᠢ ᠦᠢᠯᠡᠳᠪᠦᠷᠢᠯᠡᠯ ᠤᠨ ︿ᠠᠷᠪᠠᠨ | ᠲᠠᠪᠤᠨ ᠵᠤᠷᠪᠤᠰ﹀ ᠬᠠᠲᠠᠭᠤ ᠠᠷᠭ᠎ᠠ︾ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠦᠰᠦᠪ ᠤᠨ ᠬᠠᠮᠢᠶᠠᠷᠤᠯᠲᠠ ᠶᠢᠨ ᠠᠷᠭ᠎ᠠ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠬᠤ | ᠠᠵᠢᠯ ᠤᠨ ᠳᠦᠷᠢᠮ︾ ︽ ᠲᠠᠶᠢᠹᠤᠰᠧ ᠬᠤᠰᠢᠭᠤᠨ ᠤ ︿ᠲᠠᠪᠤᠨ ᠶᠡᠭᠡ ᠡᠭᠦᠷᠭᠡ﹀ ᠶᠢ ᠪᠡᠶᠡᠯᠡᠭᠦᠯᠵᠦ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ︽ | ᠲᠠᠶᠢᠪᠤᠰᠧ ᠬᠤᠰᠢᠭᠤᠨ ᠤ ︿ᠲᠠᠪᠤᠨ ᠶᠡᠭᠡ ᠡᠭᠦᠷᠭᠡ﹀ ᠶᠢ ᠪᠡᠶᠡᠯᠡᠬᠦᠯᠵᠦ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾ ︽ | ᠲᠠᠶᠢᠪᠤᠰᠧ ᠬᠤᠰᠢᠭᠤᠨ ᠤ ︿ᠲᠠᠪᠤᠨ ᠶᠡᠭᠡ ᠡᠭᠦᠷᠭᠡ﹀ ᠶᠢ ᠪᠡᠶᠡᠯᠡᠬᠦᠯᠵᠦ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠢ ᠳᠤᠭᠤᠶᠢᠯᠠᠩ ᠤᠨ ᠠᠵᠢᠯ ᠤᠨ ᠨᠠᠷᠢᠨ ᠳᠦᠷᠢᠮ︾ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠪᠤᠰᠧ ᠬᠤᠰᠢᠭᠤᠨ ᠤ ᠬᠤᠷᠢᠶᠠᠨ ᠤ ᠠᠵᠢᠯ ᠤᠨ ᠳᠦᠷᠢᠮ︾ | ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠨ᠂ ᠭᠤᠣᠯ ᠴᠢᠮᠦᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠢᠰᠲ᠋ᠧᠮ ᠲᠠᠢ ᠰᠠᠶᠢᠨ ᠠᠳᠬᠤᠬᠤ ᠬᠡᠷᠡᠭᠲᠡᠢ᠃ ᠤᠯᠤᠰ | ᠲᠦᠷᠦ ᠶᠢᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠠᠬᠢᠭᠤᠯᠬᠤ ᠴᠢᠬᠤᠯᠠ ᠭᠠᠷᠳᠠᠴᠠ ᠪᠤᠯᠭᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠲᠤᠬᠠᠢ | ᠲᠠᠨᠢᠯᠲᠠ ᠪᠠᠨ ᠭᠦᠨᠵᠡᠭᠡᠶᠢᠷᠡᠭᠦᠯᠵᠦ᠂ ︽ᠲᠦᠷᠪᠡᠨ ᠤᠬᠠᠮᠰᠠᠷ︾ ᠢ ᠴᠢᠩᠭᠠᠳᠬᠠᠨ ︽ᠲᠦᠷᠪᠡᠨ ᠢᠲᠡᠭᠡᠯ︾ ᠢᠶᠠᠨ | ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠢ ᠬᠦᠨᠵᠡᠬᠡᠶᠢᠷᠡᠬᠦᠯᠦᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾ | ᠬᠠᠲᠠᠭᠤ ᠠᠷᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠡᠯ᠎ᠡ ᠬᠦᠷᠢᠶ᠎ᠡ ᠴᠠᠷᠠᠭᠠᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠦᠷᠦᠯ ᠤᠨ ᠤᠰᠤᠯ ᠠᠳᠡᠯ ᠢ ᠡᠷᠡᠰ | ᠬᠤᠷᠢᠭᠯᠠᠨ᠂ ᠪᠦᠬᠦ ᠪᠠᠯᠭᠠᠰᠤᠨ ᠤ ᠠᠮᠤᠷ ᠲᠣᠭᠲᠠᠭᠤᠨ ᠢᠶᠠᠷ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |