ᠯᠦᠸᠧ ᠲᠦᠸᠧ ᠱᠠᠨ ᠪᠠᠯᠭᠠᠰᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/4/10
  4 ᠰᠠᠷ᠎ᠠ ᠶᠢᠨ 9 ᠤ ᠡᠳᠦᠷ᠂ ᠯᠥᠸᠧ ᠲᠦᠸᠧ ᠱᠠᠨ ᠪᠠᠯᠭᠠᠰᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠢᠵᠦ᠂  ᠤᠰᠤᠨ ᠤ ᠰᠦᠢᠳᠬᠡᠯ ᠢ ᠤᠷᠢᠳᠴᠢᠯᠠᠨ ᠬᠤᠷᠢᠶᠠᠬᠤ ᠠᠵᠢᠯ ᠢ ᠲᠤᠰᠬᠠᠢ ᠰᠡᠳᠦᠪ ᠢᠶᠠᠷ ᠪᠠᠶᠢᠷᠢᠯᠠᠭᠤᠯᠪᠠ᠃  ᠪᠠᠯᠭᠠᠰᠤᠨ ᠤ ᠤᠳᠤᠷᠢᠳᠬᠤ ᠪᠠᠭ  ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ︽ ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ  ᠳᠤ ᠬᠡᠷᠡᠭᠯᠡᠬᠦ ᠤᠰᠤᠨ ᠤ ᠰᠦᠢᠳᠬᠡᠯ ᠢ ᠤᠷᠢᠳᠴᠢᠯᠠᠨ ᠲᠤᠰᠢᠶᠠᠬᠤ ᠲᠤᠬᠠᠢ ᠠᠯᠪᠠᠨ ᠵᠠᠷᠯᠠᠯ︾ ︽ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ ᠬᠡᠷᠡᠭᠵᠢᠭᠦᠯᠬᠦ ᠲᠦᠰᠦᠪ︾  ᠳᠤ ᠲᠠᠶᠢᠯᠤᠮᠵᠢ ᠬᠢᠭᠰᠡᠨ ᠤ ᠬᠠᠮᠲᠤ᠂  ᠤᠰᠤᠨ ᠤ ᠬᠡᠮᠵᠢᠶ᠎ᠡ ᠶᠢ ᠬᠤᠪᠢᠶᠠᠷᠢᠯᠠᠬᠤ᠂ ᠤᠰᠤ ᠬᠡᠷᠡᠭᠯᠡᠬᠦ ᠶᠢ ᠡᠷᠡᠮᠡᠯᠵᠡᠯᠡᠬᠦ᠂ ᠤᠰᠤᠨ ᠤ ᠰᠦᠢᠳᠬᠡᠯ ᠢ ᠤᠷᠢᠳᠴᠢᠯᠠᠨ ᠬᠤᠷᠢᠶᠠᠬᠤ᠂  ᠬᠡᠮᠵᠢᠨ ᠪᠠᠶᠢᠴᠠᠭᠠᠵᠤ ᠳ᠋ᠦᠩᠨᠡᠨ ᠪᠤᠳᠤᠬᠤ ᠵᠡᠷᠭᠡ ᠭᠤᠣᠯᠳᠠᠯᠭ᠎ᠠ ᠲᠠᠢ ᠠᠵᠢᠯ ᠤᠨ ᠭᠤᠭᠴᠤᠭ᠎ᠠ ᠳᠤ ᠴᠢᠭᠯᠡᠭᠦᠯᠦᠨ ᠪᠣᠳᠠᠲᠠᠢ ᠪᠠᠶᠢᠷᠢᠯᠠᠭᠤᠯᠤᠯᠲᠠ ᠬᠢᠵᠦ᠂ ᠡᠯ᠎ᠡ ᠲᠣᠰᠬᠤᠨ ᠢ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ ᠶᠢ ᠰᠠᠶᠢᠳᠤᠷ ᠤᠬᠠᠭᠤᠯᠤᠨ᠂ ᠤᠰᠤᠨ ᠤ ᠰᠦᠢᠳᠬᠡᠯ ᠤᠷᠢᠳᠴᠢᠯᠠᠨ ᠬᠤᠷᠢᠶᠠᠬᠤ ᠠᠵᠢᠯ ᠢ ᠱᠠᠯᠠᠪᠳᠠᠨ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ ᠴᠢᠬᠤᠯᠠᠴᠢᠯᠠᠬᠤ ᠳᠠᠭᠠᠨ᠂ ᠲᠠᠷᠢᠶᠠᠯᠠᠩ ᠤᠨ  ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯ ᠰᠢ ᠶᠢᠨ ᠫᠢᠩ ᠶᠡᠷᠦᠩᠬᠡᠢ ᠱᠦᠵᠢ ᠶᠢᠨ ︽ᠠᠷᠪᠠᠨ ᠵᠢᠷᠭᠤᠭᠠᠨ ᠦᠰᠦᠭᠳᠦ︾  ᠤᠰᠤᠨ ᠤ ᠵᠠᠰᠠᠯᠳᠠ ᠶᠢᠨ ᠰᠡᠳᠬᠢᠴᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠠᠶᠢᠵᠤ᠂ ᠲᠠᠷᠢᠶᠠᠯᠠᠩ ᠤᠨ ᠤᠰᠤ ᠠᠷᠪᠢᠯᠠᠬᠤ ᠪᠠ ᠲᠠᠷᠢᠶᠠᠯᠠᠩ ᠤᠨ ᠦᠷᠬᠦᠯᠵᠢᠯᠡᠨ ᠬᠦᠭᠵᠢᠬᠦ ᠶᠢ ᠠᠬᠢᠭᠤᠯᠬᠤ ᠪᠠᠷ ᠵᠤᠷᠢᠯᠭ᠎ᠠ ᠪᠤᠯᠭᠠᠭᠰᠠᠨ ᠶᠤᠮ᠂  ᠡᠯ᠎ᠡ ᠲᠣᠰᠬᠤᠨ ᠤ ᠬᠢᠨ ᠡᠬᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠪᠠᠷ ᠲᠠᠷᠢᠶᠠᠯᠠᠩ ᠤᠨ ᠤᠰᠤ ᠶᠢ  ᠠᠷᠪᠢᠯᠠᠵᠤ ᠤᠰᠤ ᠶᠢ ᠬᠢᠵᠠᠭᠠᠷᠯᠠᠬᠤ ᠭᠤᠣᠯ ᠭᠠᠷᠳᠠᠴᠠ ᠪᠣᠯᠭᠠᠵᠤ᠂ ᠰᠢᠨ᠎ᠡ ᠴᠠᠭ ᠦᠶ᠎ᠡ ᠶᠢᠨ ᠤᠰᠤ ᠶᠢ ᠬᠠᠮᠢᠶᠠᠷᠴᠤ ᠵᠠᠰᠠᠬᠤ ᠪᠠ ᠠᠷᠪᠢᠯᠠᠵᠤ ᠬᠡᠷᠡᠭᠯᠡᠬᠦ ᠠᠵᠢᠯ ᠢ ᠪᠦᠬᠦ ᠬᠦᠴᠦᠨ ᠢᠶᠠᠷ ᠰᠠᠶᠢᠨ ᠬᠢᠬᠦ ᠬᠡᠷᠡᠭᠲᠡᠢ ᠭᠡᠵᠡᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号