ᠬᠤᠩ ᠴᠢ ᠪᠠᠯᠭᠠᠰᠤ ︽ᠭᠤᠷᠪᠠᠨ ᠲᠠᠯ᠎ᠠ ᠪᠠᠷ ᠴᠢᠩᠭᠠᠳᠬᠠᠵᠤ ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠬᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠎ᠡ
ᠨᠡᠶᠢᠲᠡᠯᠡᠭᠰᠡᠨ ᠴᠠᠭ᠄
2024/4/11
   ᠬᠤᠩ ᠴᠢ ᠪᠠᠯᠭᠠᠰᠤ ᠨᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠲᠤᠬᠠᠢ ᠣᠶᠢᠯᠠᠭᠠᠬᠤ ᠨᠤᠷᠮ᠎ᠠ ᠪᠠ ᠣᠷᠣᠯᠴᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ ᠪᠠᠶᠢᠨ᠎ᠠ᠃          ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠡᠬᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ ᠨᠠᠶᠢᠳᠠᠪᠤᠷᠢᠵᠢᠭᠤᠯᠤᠭᠰᠠᠨ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠶᠠᠪᠤᠳᠠᠯ ᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠦᠢᠯᠡ ᠠᠵᠢᠯᠯᠠᠭ᠎ᠠ ᠪᠤᠯᠭᠠᠨ᠂ ᠬᠠᠷᠢᠭᠤᠴᠠᠯᠭ᠎ᠠ ᠶᠢᠨ ᠰᠢᠰᠲ᠋ᠧᠮ ᠪᠣᠯᠣᠨ ᠬᠠᠮᠲᠤᠷᠠᠨ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠭᠰᠠᠨ᠂ ᠨᠢᠭᠡᠳᠦᠮᠡᠯ ᠹᠷᠣᠨᠲ ᠤᠨ ᠭᠡᠰᠢᠭᠦᠨ ᠪᠣᠳᠠᠲᠠᠢ ᠬᠠᠷᠢᠭᠤᠴᠠᠭᠰᠠᠨ᠂ ᠡᠯ᠎ᠡ ᠰᠠᠯᠠᠭ᠎ᠠ ᠮᠦᠴᠢᠷ ᠤᠨ ᠬᠢᠨ ᠬᠠᠮᠵᠢᠯᠴᠠᠨ ᠠᠵᠢᠯᠯᠠᠭᠰᠠᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠭᠠᠳ᠂ ᠦᠨᠳᠦᠰᠦᠲᠡᠨ ᠨᠦᠭᠦᠳ ᠨᠢᠬᠡ ᠬᠡᠷ ᠤᠨ ᠬᠢᠨ ᠮᠡᠲᠦ ᠳᠣᠲᠣᠨᠣ ᠪᠠᠶᠢᠬᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠪᠠᠷ ᠬᠦᠭᠵᠢᠨ ᠲᠠᠪᠰᠢᠬᠤ ᠰᠠᠶᠢᠨ ᠰᠠᠶᠢᠬᠠᠨ ᠠᠬᠤᠢ ᠪᠠᠶᠢᠳᠠᠯ ᠢ ᠡᠬᠦᠳᠪᠡ᠃     ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠵᠤ  ᠂ ᠪᠦᠬᠦ ᠠᠷᠠᠳ ᠢ ᠲᠠᠶᠢᠴᠢᠯᠠᠨ ᠤᠷᠤᠯᠴᠠᠭᠤᠯᠤᠭᠰᠠᠨ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾ ᠵᠢᠴᠢ  ᠦᠪᠡᠷᠳᠡᠭᠡᠨ ᠰᠤᠷᠤᠯᠴᠠᠬᠤ᠂ ᠪᠣᠯᠪᠠᠰᠤᠷᠠᠯ ᠳᠤ ᠣᠷᠣᠯᠴᠠᠬᠤ ᠵᠡᠷᠭᠡ ᠠᠷᠭ᠎ᠠ ᠬᠡᠯᠪᠡᠷᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠵᠠᠢ᠃ ᠡᠯ᠎ᠡ ᠲᠤᠰᠬᠤᠨ ᠢ ᠵᠤᠬᠢᠶᠠᠨ ᠪᠠᠶᠢᠭᠤᠯᠵᠤ ᠤᠷᠢᠶᠠᠯᠠᠭ᠎ᠠ ᠶᠢᠨ ᠪᠢᠴᠢᠭ ᠲᠠᠷᠬᠠᠭᠠᠬᠤ᠂ ᠤᠬᠠᠭᠤᠯᠭ᠎ᠠ ᠶᠢᠨ ᠵᠠᠷᠯᠠᠯ ᠨᠠᠭᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠭᠰᠡᠨ ᠤ ᠬᠠᠮᠳᠤ᠂  ᠸᠢᠴᠠᠲ ᠲᠠᠪᠴᠠᠩ ᠢ ᠠᠰᠢᠭᠯᠠᠨ ᠬᠠᠮᠢᠶ᠎ᠠ ᠪᠦᠬᠦᠢ ᠤᠬᠠᠭᠤᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠤᠨ ᠲᠠᠷᠬᠠᠭᠠᠵᠤ᠂ ᠡᠭᠦᠳᠦᠨ ᠪᠠᠶᠢᠭᠤᠯᠬᠤ ᠠᠵᠢᠯ ᠤᠨ ᠬᠥᠳᠡᠯᠦᠯ ᠪᠠᠶᠢᠳᠠᠯ ᠪᠠ ᠦᠷ᠎ᠡ ᠠᠮᠵᠢᠯᠳᠠ ᠶᠢᠨ ᠲᠤᠬᠠᠢ ᠤᠬᠠᠭᠤᠯᠭ᠎ᠠ ᠶᠢᠨ ᠬᠡᠪᠴᠢᠶ᠎ᠡ ᠶᠢ ᠦᠷᠭᠡᠳᠭᠡᠭᠰᠡᠨ ᠪᠠᠶᠢᠨ᠎ᠠ᠃ ᠣᠲᠣ ᠪᠣᠯᠲᠠᠯ᠎ᠠ 1000 ᠭᠠᠷᠤᠢ  ᠤᠷᠢᠶᠠᠯᠠᠭ᠎ᠠ ᠶᠢᠨ ᠪᠢᠴᠢᠭ ᠲᠠᠷᠬᠠᠭᠠᠨ᠂ 120 ᠭᠠᠷᠤᠢ ᠤᠬᠠᠭᠤᠯᠭ᠎ᠠ ᠶᠢᠨ ᠵᠠᠷᠯᠠᠯ ᠨᠠᠭᠠᠵᠤ᠂ 3000 ᠭᠠᠷᠤᠢ ᠪᠠᠶᠢᠴᠠᠭᠠᠯᠲᠠ ᠶᠢᠨ ᠬᠠᠭᠤᠳᠠᠰᠤ ᠶᠢ ᠲᠠᠷᠬᠠᠭᠠᠭᠰᠠᠨ ᠪᠦᠭᠡᠳ ᠸᠢᠴᠠᠲ ᠲᠠᠪᠴᠠᠩ ᠢᠶᠠᠷ ᠲᠠᠮᠵᠢᠨ ᠬᠠᠮᠢᠶ᠎ᠠ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠤᠷᠢᠶ᠎ᠠ ᠶᠢ 60 ᠭᠠᠷᠤᠢ ᠤᠳᠠᠭ᠎ᠠ ᠨᠡᠶᠢᠳᠡᠯᠡᠪᠡ᠃ ᠡᠶᠢᠨ ᠬᠦ᠋᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠠᠶᠢᠩᠭᠤ ᠶᠢᠨ ᠤᠬᠠᠭᠤᠯᠭ᠎ᠠ ᠪᠠᠷ ᠲᠠᠮᠵᠢᠭᠠᠳ᠂ ᠬᠥᠮᠥᠨ ᠪᠦᠬᠦᠨ ᠤᠶᠢᠯᠠᠭᠠᠬᠤ᠂ ᠬᠥᠮᠥᠨ ᠪᠦᠬᠦᠨ ᠲᠡᠮᠵᠢᠬᠦ᠂ ᠬᠥᠮᠥᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠠᠢ᠃     ᠠᠷᠠᠳ ᠲᠦᠮᠡᠨ ᠳᠤ ᠦᠢᠯᠡᠴᠢᠯᠡᠬᠦ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠠᠬᠢᠭᠤᠯᠤᠭᠰᠠᠨ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠳᠠᠭᠠᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠬᠡᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ︾ ᠪᠠᠷ ᠶᠡᠷᠦᠩᠬᠡᠢ ᠬᠠᠷᠠᠯᠲᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠤᠯᠭᠠᠨ᠂ ᠬᠠᠮᠲᠤᠪᠠᠷ ᠪᠦᠯᠬᠦᠮᠳᠡᠨ ᠲᠡᠮᠡᠴᠡᠵᠦ ᠬᠠᠮᠲᠤᠪᠠᠷ ᠴᠡᠴᠡᠭᠯᠡᠨ ᠬᠥᠭᠵᠢᠬᠦ ᠪᠠᠷ ᠵᠣᠷᠢᠯᠭ᠎ᠠ ᠪᠠᠨ ᠪᠣᠯᠭᠠᠵᠠᠢ᠃ ᠬᠤᠩ ᠴᠢ ᠪᠠᠯᠭᠠᠰᠤᠨ ᠤ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠵᠤ᠂ ᠣᠷᠣᠨ ᠰᠠᠭᠤᠴᠠ ᠪᠠ ᠤᠰᠤ ᠤᠮᠳᠠ ᠶᠢᠨ ᠠᠮᠤᠷ ᠲᠦᠪᠰᠢᠨ ᠢ ᠪᠠᠶᠢᠩᠭᠤ ᠠᠩᠬᠠᠷᠤᠨ᠂  ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠵᠡᠢ᠃ ᠡᠨᠡ  ᠵᠢᠯ ᠤᠨ ᠨᠢᠭᠡᠳᠦᠭᠡᠷ ᠤᠯᠠᠷᠢᠯ ᠤᠨ  ᠪᠦᠷᠢᠳᠭᠡᠯ ᠳᠤ᠂ ᠶᠠᠳᠠᠭᠤ   ᠠᠴᠠ ᠠᠩᠬᠢᠵᠢᠷᠠᠭᠰᠠᠨ ᠨᠢ 2121 ᠡᠷᠦᠬᠡ 4168 ᠬᠥᠮᠥᠨ᠂ ᠬᠢᠨᠠᠨ ᠰᠢᠯᠭᠠᠬᠤ ᠨᠢᠭᠤᠷᠯᠠᠯ 97 ᠡᠷᠦᠬᠡ 160 ᠬᠥᠮᠥᠨ᠂ ᠠᠷᠪᠠᠨ ᠲᠥᠷᠥᠯ ᠤᠨ ᠭᠤᠣᠯᠳᠠᠯᠭ᠎ᠠ ᠲᠠᠢ ᠬᠦᠮᠦᠰ 872 ᠡᠷᠦᠬᠡ ᠪᠠᠶᠢᠵᠤ᠂ ᠰᠢᠨ᠎ᠡ ᠪᠠᠷ ᠢᠯᠭᠠᠨ ᠲᠠᠨᠢᠭᠰᠠᠨ ᠬᠢᠨᠠᠨ ᠬᠡᠮᠵᠢᠬᠦ  ᠨᠢᠭᠤᠷᠯᠠᠯ 2 ᠡᠷᠦᠬᠡ 4 ᠬᠥᠮᠥᠨ᠂  ᠲᠦᠭᠰᠢᠭᠦᠷᠢ ᠠᠴᠠ ᠭᠠᠷᠤᠭᠰᠠᠨ ᠨᠢ 6 ᠡᠷᠦᠬᠡ 8 ᠬᠥᠮᠥᠨ ᠪᠠᠶᠢᠵᠤ᠂ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠪᠠ ᠵᠣᠯ ᠵᠢᠷᠭᠠᠯ ᠤᠨ ᠲᠦᠷᠦᠭᠳᠡᠯ ᠤᠯᠠᠮ ᠨᠢᠭᠡ ᠠᠯᠬᠤᠮ ᠲᠡᠭᠡᠭᠰᠢᠯᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号