ᠥᠷᠭᠡᠨ ᠤᠯᠠᠨ ᠵᠢᠯᠣᠭᠤᠴᠢ ᠪᠠ ᠠᠶᠠᠨᠴᠢᠳ ᠲᠤ᠄ | ︽304︾ ᠱᠤᠭᠤᠮ ᠤᠨ ᠰᠢ ᠭᠠᠨ ᠭᠸᠦ ᠠᠴᠠ ᠵᠥᠩ ᠾᠧ ᠬᠦᠷᠬᠦ ᠬᠡᠰᠡᠭ ᠤᠨ ᠵᠠᠰᠠᠮᠠᠯ ᠵᠠᠮ ᠤᠨ | ᠪᠠᠶᠢᠭᠤᠯᠤᠯᠲᠠ ᠶᠢᠨ ᠲᠥᠷᠥᠯ ᠵᠦᠢᠯ ᠤᠨ 2024 ᠣᠨ ᠤ ᠠᠵᠢᠯ ᠤᠨ ᠪᠠᠶᠢᠷᠢᠯᠠᠭᠤᠯᠤᠯᠳᠠ ᠶᠣᠰᠣᠭᠠᠷ᠂ ᠣᠶᠢᠷ᠎ᠠ | ᠶᠢᠨ ᠬᠤᠭᠤᠴᠠᠭᠠᠨ ᠳᠤ ︽304︾ ᠱᠤᠭᠤᠮ ᠤᠨ ᠰᠢ ᠭᠠᠨ ᠭᠸᠦ ᠠᠴᠠ ᠵᠥᠩ ᠾᠧ ᠬᠦᠷᠬᠦ ᠵᠠᠮ ᠤᠨ | K33+100-K57+700 ᠬᠡᠰᠡᠭ ᠤᠨ ᠰᠡᠷᠭᠡᠶᠢᠯᠡᠨ ᠬᠠᠮᠠᠭᠠᠯᠠᠬᠤ᠂ ᠤᠰᠤ ᠵᠠᠯᠠᠬᠤ᠂ ᠲᠠᠷᠢᠵᠤ | ᠨᠣᠭᠤᠭᠠᠷᠠᠭᠤᠯᠬᠤ ᠵᠢᠴᠢ ᠬᠡᠰᠡᠭ ᠵᠠᠮ ᠤᠨ ᠭᠠᠳᠠᠷᠭᠤ ᠶᠢ ᠰᠡᠯᠪᠢᠨ ᠵᠠᠰᠠᠬᠤ ᠵᠡᠷᠭᠡ ᠬᠢᠵᠦ ᠲᠠᠭᠤᠰᠤᠭᠠᠳᠤᠢ ᠪᠠᠷᠢᠯᠭ᠎ᠠ | ᠶᠢᠨ ᠠᠵᠢᠯ ᠢ ᠡᠬᠢᠯᠡᠬᠦᠯᠬᠦ ᠪᠠᠷ ᠪᠤᠯᠤᠭᠰᠠᠨ ᠲᠤᠯᠠ᠂ ᠪᠠᠷᠢᠯᠭ᠎ᠠ ᠶᠢᠨ ᠠᠮᠤᠷ ᠲᠦᠪᠰᠢᠨ ᠪᠠ ᠲᠡᠷᠭᠡ ᠬᠥᠰᠬᠡ ᠶᠢᠨ | ᠠᠮᠤᠷ ᠲᠦᠪᠰᠢᠨ ᠢ ᠪᠠᠲᠤᠯᠠᠵᠤ᠂ ᠤᠰᠤᠯ ᠠᠳᠡᠯ ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ 2024 ᠣᠨ ᠤ | 4 ᠰᠠᠷ᠎ᠠ ᠶᠢᠨ 8 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠰᠢ ᠭᠠᠨ ᠭᠸᠦ ᠭᠧᠦ ᠠᠴᠠ ᠵᠥᠩ | ᠾᠧ ᠬᠦᠷᠬᠦ ᠵᠠᠮ ᠤᠨ K33+100-K57+700 ᠭᠡᠰᠡᠭ ᠲᠤ ᠬᠠᠭᠠᠰ ᠪᠢᠳᠡᠬᠦᠮᠵᠢᠯᠡᠬᠦ ᠬᠡᠯᠪᠡᠷᠢ ᠪᠠᠷ | ᠪᠠᠷᠢᠯᠭ᠎ᠠ ᠶᠢᠨ ᠠᠵᠢᠯ ᠢ ᠶᠠᠪᠤᠭᠳᠠᠭᠤᠯᠬᠤ ᠪᠠᠷ ᠪᠠᠶᠢᠨ᠎ᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ | ᠵᠠᠷᠯᠠᠨ ᠮᠡᠳᠡᠭᠳᠡᠶ᠎ᠡ᠄ | ᠨᠢᠭᠡ᠂ ᠪᠢᠳᠡᠬᠦᠮᠵᠢᠯᠡᠬᠦ ᠬᠡᠰᠡᠭ᠄ ᠰᠢ ᠭᠠᠨ ᠭᠸᠦ ᠠᠴᠠ ᠵᠥᠩ ᠾᠧ ᠬᠦᠷᠬᠦ ᠵᠠᠮ ᠤᠨ | K33+100-K57+700 ᠭᠡᠰᠡᠭ᠂ ᠢᠦᠢ ᠱᠤ᠋ ᠸᠠ᠂ ᠵᠠᠩ ᠹᠠᠩ ᠱᠠᠨ᠂ ᠯᠥᠸᠧ ᠲᠦᠸᠧ ᠱᠠᠨ᠂ ᠰᠢᠶᠣᠣ | ᠶᠠᠨ ᠳ᠋ᠣᠣ᠂ ᠳ᠋ᠠ ᠸᠠ᠂ ᠰᠢᠶᠣᠣ ᠮᠠ ᠲᠢ ᠭᠧᠦ᠂ ᠢᠦᠢ ᠵᠢᠶᠠ ᠶᠢᠩ᠂ ᠪᠢᠶᠠᠨ ᠴᠢᠶᠠᠩ ᠭᠧᠦ᠂ ᠵᠥᠩ ᠾᠧ | ᠲᠣᠰᠬᠤᠨ ᠢᠶᠠᠷ ᠥᠩᠭᠡᠷᠡᠨ᠎ᠡ᠃ | ᠬᠤᠶᠠᠷ᠂ ᠪᠢᠳᠡᠬᠦᠮᠵᠢᠯᠡᠬᠦ ᠴᠠᠭ᠄ 2024 ᠣᠨ ᠤ 4 ᠰᠠᠷ᠎ᠠ ᠶᠢᠨ 8 ᠤ ᠡᠳᠦᠷ ᠠᠴᠠ 9 ᠰᠠᠷ᠎ᠠ ᠶᠢᠨ | 30 ᠤ ᠡᠳᠦᠷ ᠪᠣᠯᠲᠠᠯ᠎ᠠ᠃ | ᠭᠤᠷᠪᠠ᠂ ᠪᠢᠳᠡᠬᠦᠮᠵᠢᠯᠡᠬᠦ ᠠᠷᠭ᠎ᠠ᠄ ᠤᠯᠠᠨ ᠲᠦᠮᠡᠨ ᠤ ᠶᠠᠪᠤᠵᠤ ᠢᠷᠡᠬᠦ ᠶᠢ ᠪᠣᠳᠣᠯᠬᠢᠯᠠᠨ᠂ ᠪᠠᠷᠢᠯᠭ᠎ᠠ ᠶᠢᠨ | ᠬᠤᠭᠤᠴᠠᠭᠠᠨ ᠳᠤ ᠡᠨᠡ ᠭᠡᠰᠡᠭ ᠵᠠᠮ ᠤᠨ ᠨᠢᠬᠡ ᠲᠠᠯ᠎ᠠ ᠶᠢ ᠨᠢ ᠪᠢᠲᠡᠭᠦᠮᠵᠢᠯᠡᠵᠦ ᠨᠦᠬᠦᠭᠡ ᠲᠠᠯ᠎ᠠ ᠢ ᠨᠢ | ᠨᠡᠪᠳᠡᠷᠡᠬᠦᠯᠦᠨ᠎ᠡ ᠂ ᠥᠷᠭᠡᠨ ᠣᠯᠠᠨ ᠵᠢᠯᠣᠭᠤᠴᠢ ᠪᠠ ᠠᠶᠠᠨᠴᠢᠳ ᠶᠠᠪᠤᠵᠤ ᠢᠷᠡᠬᠦ ᠴᠠᠭ ᠢᠶᠠᠨ ᠵᠣᠬᠢᠰᠲᠠᠢ | ᠲᠣᠬᠢᠷᠠᠭᠤᠯᠵᠤ᠂ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠤᠷᠢᠳᠴᠢᠯᠠᠨ ᠡᠵᠡᠮᠰᠢᠬᠦ ᠶᠢᠨ ᠬᠠᠮᠳᠤ᠂ ᠠᠵᠢᠯᠳᠠᠨ ᠤ | ᠵᠢᠯᠣᠭᠤᠳᠤᠯᠭ᠎ᠠ ᠶᠢ ᠳᠠᠭᠠᠵᠤ᠂ ᠵᠠᠮ ᠬᠠᠷᠢᠯᠴᠠᠭᠠᠨ ᠤ ᠲᠡᠮᠳᠡᠭ ᠢᠯᠡᠷᠭᠡᠶᠢᠯᠡᠯ ᠤᠨ ᠶᠣᠰᠣᠭᠠᠷ ᠬᠤᠷᠳᠤᠴᠠ ᠪᠠᠨ | ᠬᠠᠰᠤᠵᠤ ᠤᠳᠠᠭᠠᠨ ᠶᠠᠪᠤᠬᠤ ᠪᠤᠶᠤ ᠲᠤᠭᠳᠠᠭᠰᠠᠨ ᠵᠠᠮ ᠢᠶᠠᠷ ᠲᠤᠭᠤᠷᠢᠵᠤ ᠶᠠᠪᠤᠭᠠᠷᠠᠢ᠃ | ᠣᠨᠴᠠᠭᠠᠶᠢᠯᠠᠨ ᠵᠠᠷᠯᠠᠪᠠ | | ︽304 ᠱᠤᠭᠤᠮ︾ ᠤᠨ ᠰᠢ ᠭᠠᠨ ᠭᠧᠦ ᠠᠴᠠ ᠵᠦᠩ ᠾᠧ ᠬᠦᠷᠬᠦ ᠪᠠ | ᠪᠤᠤᠴᠠᠩ ᠠᠴᠠ ᠹᠧᠩ ᠱᠧᠩ ᠬᠦᠷᠬᠦ ᠵᠠᠰᠠᠮᠠᠯ ᠵᠠᠮ ᠤᠨ ᠲᠦᠷᠦᠯ ᠵᠦᠢᠯ ᠤᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ | 2024 ᠣᠨ ᠤ 4 ᠰᠠᠷ᠎ᠠ ᠶᠢᠨ 8 ᠤ ᠡᠳᠦᠷ |