ᠲᠠᠶᠢᠹᠤᠰᠧ ᠬᠤᠰᠢᠭᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠳᠠ ᠶᠢᠨ ᠴᠡᠭ ᠎ ᠤᠨ ᠲᠥᠷᠥᠯ ᠵᠦᠢᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/12
  ᠣᠶᠢᠷ᠎ᠠ ᠳᠤ᠂ ᠲᠠᠶᠢᠹᠤᠰᠧ ᠬᠤᠰᠢᠭᠤᠨ ᠤ 2024 ᠣᠨ ᠤ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠶᠢᠭᠤᠯᠤᠯᠲᠠ ᠪᠥᠬᠦ ᠲᠠᠯ᠎ᠠ ᠪᠠᠷ ᠡᠬᠢᠯᠡᠵᠦ᠂  ᠡᠯ᠎ᠡ ᠠᠬᠤᠢ ᠲᠠᠯᠠᠪᠠᠢ ᠳᠤ ᠮᠠᠰᠢᠨ ᠢᠶᠠᠷ ᠨᠦᠬᠡ ᠮᠠᠯᠲᠠᠬᠤ᠂  ᠨᠢᠯᠬ᠎ᠠ ᠮᠣᠳᠣ ᠵᠥᠭᠡᠭᠡᠪᠦᠷᠢᠯᠡᠬᠦ᠂  ᠬᠦᠮᠦᠨ ᠤ ᠬᠦᠴᠦ ᠪᠠᠷ ᠲᠠᠷᠢᠵᠤ ᠤᠰᠤᠯᠠᠬᠤ ᠵᠡᠷᠭᠡ ᠡᠯ᠎ᠡ ᠲᠦᠷᠦᠯ ᠤᠨ ᠠᠵᠢᠯ ᠡᠮᠬᠢ ᠵᠠᠮᠪᠠᠷᠠᠭ᠎ᠠ ᠲᠠᠢ ᠶᠠᠪᠤᠭᠳᠠᠨ᠎ᠠ᠃     ᠠᠬᠤᠢ ᠲᠠᠯᠠᠪᠠᠢ ᠶᠢᠨ ᠬᠠᠷᠢᠭᠤᠴᠠᠯᠭᠠᠲᠠᠨ ᠦ᠋ ᠮᠢᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢᠳᠡ 4 ᠰᠠᠷ᠎ᠠ ᠶᠢᠨ ᠡᠬᠢ ᠪᠠᠷ ᠠᠵᠢᠯ ᠢᠶᠠᠨ ᠡᠬᠢᠯᠡᠬᠦᠯᠵᠡᠢ᠂ ᠣᠲᠣ ᠭᠠᠴᠤᠷ᠎ᠠ ᠪᠠ ᠵᠢᠭᠠᠷᠲᠤ ᠨᠠᠷᠠᠰᠤ ᠳᠠᠷᠢᠵᠤ ᠪᠠᠶᠢᠨ᠎ᠠ᠂ ᠬᠥᠮᠥᠨ ᠤ ᠬᠦᠴᠦ ᠪᠠ ᠮᠠᠰᠢᠨ ᠮᠧᠬᠠᠨᠢᠭ ᠢ ᠤᠶᠠᠯᠳᠤᠭᠤᠯᠵᠤ ᠲᠠᠷᠢᠨ᠎ᠠ᠂  ᠪᠠᠷᠤᠭ 4 ᠰᠠᠷ᠎ᠠ ᠶᠢᠨ ᠰᠡᠭᠦᠯᠴᠢ ᠪᠠᠷ ᠡᠨᠡ ᠬᠡᠰᠡᠭ ᠭᠠᠵᠠᠷ  ᠎ ᠢ ᠳᠠᠷᠢᠵᠤ ᠲᠠᠭᠤᠰᠬᠠᠨ᠎ᠠ︾ ᠬᠡᠯ᠎ᠡ᠃    ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠵᠦ᠂  ᠤᠶᠢᠵᠢᠭᠤᠯᠤᠯᠳᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠶᠢᠨ ᠲᠥᠯᠥᠭᠡ ᠲᠠᠶᠢᠹᠤᠰᠧ ᠬᠤᠰᠢᠭᠤᠨ ᠤ ᠬᠢᠨ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠦᠯᠦᠪᠵᠢᠬᠦᠯᠦᠨ᠂ ᠡᠷᠲᠡ ᠠᠴᠠ ᠬᠦᠳᠡᠯᠦᠯᠴᠡᠵᠦ᠂ ᠡᠷᠲᠡ ᠠᠴᠠ ᠨᠠᠶᠢᠳᠠᠪᠤᠷᠢᠵᠢᠭᠤᠯᠤᠨ᠂ ᠬᠠᠪᠤᠷ ᠤᠨ ᠤᠯᠠᠷᠢᠯ ᠤᠨ ᠣᠶᠢᠵᠢᠭᠤᠯᠤᠯᠲᠠ ᠶᠢᠨ ᠠᠰᠢᠭᠲᠠᠢ ᠴᠠᠭ ᠲᠣᠬᠢᠶᠠᠯ ᠢ ᠵᠠᠪᠳᠤᠵᠤ᠂ 2024 ᠣᠨ ᠤ ᠮᠤᠳᠤ ᠲᠠᠷᠢᠬᠤ ᠠᠵᠢᠯ ᠢᠶᠠᠨ ᠪᠥᠬᠦ ᠲᠠᠯ᠎ᠠ ᠪᠠᠷ ᠠᠬᠢᠭᠤᠯᠵᠤ ᠪᠠᠶᠢᠭ᠎ᠠ ᠶᠤᠮ᠃   ︽ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠡᠭᠦᠷᠭᠡ 18.97 ᠲᠦᠮᠡᠨ ᠮᠦ ᠪᠠᠶᠢᠵᠤ᠂ 2023 ᠣᠨ ᠪᠠ 2024 ᠣᠨ ᠳᠤ ᠬᠤᠶᠠᠷ ᠵᠢᠯ ᠬᠤᠪᠢᠶᠠᠨ ᠪᠡᠶᠡᠯᠡᠬᠦᠯᠬᠦ ᠪᠠᠷ ᠲᠦᠯᠦᠪᠯᠡᠵᠡᠢ᠂  ᠨᠢᠳᠤᠨᠤᠨ ᠪᠢᠳᠡ 5.83 ᠲᠦᠮᠡᠨ ᠮᠦ ᠮᠤᠳᠤ ᠲᠠᠷᠢᠬᠤ ᠡᠬᠦᠷᠭᠡ ᠶᠢ ᠪᠡᠶᠡᠯᠡᠬᠦᠯᠦᠭᠰᠡᠨ ᠪᠦᠭᠡᠳ ᠭᠠᠵᠠᠷ ᠲᠡᠭᠰᠢᠯᠡᠬᠦ ᠡᠭᠦᠷᠭᠡ ᠶᠢ ᠤᠷᠢᠳᠴᠢᠯᠠᠨ ᠪᠡᠶᠡᠯᠡᠬᠦᠯᠵᠦ᠂ ᠡᠨᠡ ᠵᠢᠯ ᠤᠨ ᠮᠤᠳᠤ ᠲᠠᠷᠢᠬᠤ ᠠᠵᠢᠯ ᠳᠠᠭᠠᠨ ᠰᠠᠭᠤᠷᠢ ᠲᠠᠯᠪᠢᠭᠰᠠᠨ ᠪᠠᠶᠢᠨ᠎ᠠ᠂ ᠡᠨᠡ ᠵᠢᠯ 13.14 ᠲᠦᠮᠡᠨ ᠮᠦ ᠲᠠᠷᠢᠬᠤ ᠪᠠᠷ ᠪᠡᠯᠡᠳᠭᠡᠭᠡᠳ ᠣᠲᠣ ᠪᠣᠯᠲᠠᠯ᠎ᠠ 9000 ᠮᠦ ᠶᠢ ᠨᠢᠭᠡᠨᠲᠡ ᠪᠡᠶᠡᠯᠡᠬᠦᠯᠪᠡ᠂ 4 ᠰᠠᠷ᠎ᠠ ᠶᠢᠨ ᠰᠡᠭᠦᠯᠴᠢ ᠪᠤᠶᠤ 5 ᠰᠠᠷ᠎ᠠ ᠶᠢᠨ ᠡᠬᠢ ᠪᠠᠷ ᠪᠦᠬᠦ ᠠᠵᠢᠯ ᠢ ᠲᠠᠭᠤᠰᠬᠠᠨ᠎ᠠ︾ ᠬᠡᠵᠦ ᠲᠠᠶᠢᠹᠤᠰᠧ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠾᠧᠦ ᠭᠤᠸᠠᠨ ᠨᠠᠨ ᠲᠠᠨᠢᠯᠴᠠᠭᠤᠯᠤᠯ᠎ᠠ᠃   ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠪᠣᠯ ᠮᠠᠨ ᠤ ᠤᠯᠤᠰ ᠤᠨ ᠳᠥᠷᠪᠡᠨ ᠶᠡᠭᠡ ᠡᠯᠡᠰᠦᠷᠬᠡᠭ ᠭᠠᠵᠠᠷ ᠤᠨ ᠳᠣᠲᠣᠷᠠᠬᠢ ᠪᠡᠭᠡᠵᠢᠩ ᠲᠢᠶᠠᠨᠵᠢᠨ ᠠᠴᠠ ᠬᠠᠮᠤᠭ ᠤᠨ ᠣᠶᠢᠷ᠎ᠠ ᠪᠠᠶᠢᠭ᠎ᠠ ᠡᠯᠡᠰᠦᠷᠬᠡᠭ ᠭᠠᠵᠠᠷ ᠪᠠᠶᠢᠵᠤ᠂ 81.4%᠎ ᠶᠢᠨ ᠲᠠᠯᠠᠪᠠᠶ ᠨᠢ ᠰᠢᠯᠢ ᠶᠢᠨ ᠭᠤᠣᠯ ᠠᠶᠢᠮᠠᠭ ᠲᠤ ᠬᠠᠷᠢᠶᠠᠯᠠᠭᠳᠠᠳᠠᠭ᠃ ᠲᠠᠶᠢᠹᠤᠰᠧ ᠬᠤᠰᠢᠭᠤ ᠪᠣᠯ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠳᠤ ᠪᠠᠶᠢᠷᠢᠯᠠᠵᠤ᠂ ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠤ ᠳᠤᠮᠳᠠᠬᠢ ᠡᠮᠦᠨ᠎ᠡ ᠵᠠᠬ᠎ᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠰᠢᠰᠲ᠋ᠧᠮ ᠢ ᠪᠠᠬᠢᠵᠢᠭᠦᠯᠦᠨ ᠳᠡᠭᠡᠭᠰᠢᠯᠡᠭᠦᠯᠬᠦ ᠤᠷᠤᠨ ᠪᠦᠰᠡ ᠳᠤ ᠬᠠᠷᠢᠶᠠᠯᠠᠭᠳᠠᠨ᠎ᠠ᠃ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯ ᠲᠠᠶᠢᠹᠤᠰᠧ ᠬᠤᠰᠢᠭᠤᠨ ᠤ 2024 ᠣᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠎ ᠤᠨ ᠰᠦᠨᠦᠬᠦᠯᠳᠡ ᠶᠢᠨ ᠲᠠᠶᠢᠯᠠᠯᠳᠤᠭᠠᠨ ᠤ ᠭᠤᠣᠯᠳᠠᠯᠭ᠎ᠠ ᠲᠠᠢ ᠢᠨᠵᠧᠨᠧᠷᠢᠩ ᠤᠨ ᠭᠤᠷᠪᠠᠨ ᠡᠭᠦᠷᠭᠡ ᠶᠢᠨ ᠨᠢᠭᠡ  ᠪᠠᠶᠢᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 3.15 ᠳ᠋ᠦᠩᠰᠢᠭᠤᠷ ᠲᠥᠭᠦᠷᠢᠭ ᠲᠤ ᠬᠦᠷᠬᠦ ᠪᠤᠯᠤᠨ᠎ᠠ᠃   ᠡᠬᠦᠨ ᠳᠤ ᠭᠤᠣᠯᠳᠠᠭᠤ ᠬᠥᠮᠥᠨ ᠤ ᠬᠦᠴᠦ ᠪᠠᠷ ᠮᠤᠳᠤ ᠲᠠᠷᠢᠬᠤ ᠪᠠ ᠮᠠᠭᠤᠳᠠᠭᠰᠠᠨ ᠣᠶ ᠮᠤᠳᠤ ᠶᠢ ᠰᠡᠷᠭᠦᠭᠡᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠲᠠᠮᠵᠢᠭᠠᠳ᠂ ᠲᠠᠶᠢᠹᠤᠰᠧ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠴᠢᠳᠠᠮᠵᠢ ᠶᠢ ᠤᠯᠠᠮ ᠪᠠᠬᠢᠵᠢᠭᠦᠯᠦᠨ ᠳᠡᠭᠡᠭᠰᠢᠯᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ 2 ᠲᠦᠮᠡᠨ ᠮᠦ ᠣᠶ ᠰᠢᠭᠤᠢ ᠶᠢᠨ ᠲᠠᠯᠠᠪᠠᠶ ᠶᠢ ᠰᠢᠨ᠎ᠡ ᠪᠠᠷ ᠨᠡᠮᠡᠭᠳᠡᠬᠦᠯᠬᠦ ᠪᠠ 17 ᠲᠦᠮᠡᠨ ᠮᠦ ᠮᠠᠭᠤᠳᠠᠭᠰᠠᠨ ᠣᠶ ᠮᠤᠳᠤ ᠶᠢ ᠵᠠᠰᠠᠨ ᠰᠡᠷᠭᠦᠭᠡᠵᠦ᠂ ᠣᠶ ᠰᠢᠭᠤᠢ ᠶᠢᠨ ᠪᠦᠷᠬᠦᠴᠡ ᠶᠢ 3.7%᠎ ᠪᠠᠷ ᠨᠡᠮᠡᠭᠳᠡᠬᠦᠯᠦᠨ᠂ 2030 ᠣᠨ ᠪᠣᠯᠬᠤ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠬᠤᠷᠠᠭᠤᠯᠬᠤ ᠬᠡᠮᠵᠢᠶ᠎ᠡ ᠶᠢ 60 ᠲᠦᠮᠡᠨ ᠲᠣᠨ ᠠᠴᠠ ᠳᠡᠭᠡᠭᠰᠢ ᠨᠡᠮᠡᠭᠳᠡᠭᠦᠯᠬᠦ ᠪᠠᠷ  ᠵᠢᠱᠢᠵᠡᠢ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠢ ᠰᠠᠶᠢᠨ ᠬᠢᠬᠦ ᠨᠢ ︽ᠤᠮᠠᠷᠠᠲᠤ ᠶᠢᠨ ᠭᠤᠷᠪᠠᠨ ᠣᠷᠣᠨ︾ ᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠬᠤ ᠪᠠᠷ ᠪᠠᠷᠠᠬᠤ ᠦᠭᠡᠢ ᠪᠠᠰᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠤᠯᠬᠤ ᠶᠤᠮ᠃ ᠲᠠᠶᠢᠹᠤᠰᠧ ᠬᠤᠰᠢᠭᠤ ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠢ ᠬᠦᠴᠦᠨ ᠢᠶᠠᠨ ᠲᠥᠪᠯᠡᠷᠡᠭᠦᠯᠦᠨ ᠭᠡᠷᠡᠭᠵᠢᠬᠦᠯᠵᠦ᠂ ᠵᠠᠰᠠᠭ ᠤᠨ ᠣᠷᠳᠣᠨ ᠤᠳᠤᠷᠢᠳᠤᠭᠰᠠᠨ᠂ ᠲᠥᠷᠥᠯ ᠵᠦᠢᠯ ᠢᠶᠠᠷ ᠳᠠᠶᠢᠴᠢᠯᠠᠭᠰᠠᠨ᠂ ᠨᠡᠶᠢᠭᠡᠮ ᠤᠨ ᠬᠢᠨ ᠣᠷᠣᠯᠴᠠᠭᠰᠠᠨ᠂ ᠣᠯᠠᠨ ᠲᠦᠮᠡᠨ ᠠᠰᠢᠭ ᠭᠥᠷᠳᠡᠭᠰᠡᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠪᠠᠶᠢᠳᠠᠯ ᠢ ᠴᠢᠷᠮᠠᠶᠢᠨ ᠪᠣᠶ ᠪᠣᠯᠭᠠᠵᠤ᠂ ᠡᠨᠡ ᠵᠢᠯ ᠤᠨ 5 ᠰᠠᠷ᠎ᠠ ᠶᠢᠨ ᠰᠡᠭᠦᠯᠴᠢ ᠠᠴᠠ ᠡᠮᠦᠨ᠎ᠡ ︽ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂  ᠪᠤᠳᠠᠯᠢᠭ ᠮᠣᠳᠣᠨ ᠤ ᠣᠶ ᠶᠢᠨ ᠥᠭᠡᠷᠡᠴᠢᠯᠡᠯᠲᠡ ᠶᠢᠨ ᠲᠥᠷᠥᠯ ᠵᠦᠢᠯ᠂  ᠨᠢᠯᠬ᠎ᠠ ᠮᠣᠳᠣᠨ ᠤ ᠣᠶ ᠰᠢᠭᠤᠢ ᠪᠣᠶᠢᠵᠢᠭᠤᠯᠬᠤ ᠲᠥᠷᠥᠯ ᠵᠦᠢᠯ︾ ᠵᠡᠷᠭᠡ ᠭᠤᠷᠪᠠᠨ ᠶᠡᠭᠡ ᠲᠥᠷᠥᠯ ᠵᠦᠢᠯ ᠢ ᠪᠥᠬᠦ ᠲᠠᠯ᠎ᠠ ᠪᠠᠷ ᠲᠠᠭᠤᠰᠬᠠᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠲᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号